ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠳᠤᠭᠤᠢᠯᠠᠩ ᠤ᠋ᠨ ᠣᠨᠣᠯ ᠰᠤᠷᠤᠯᠴᠠᠯᠭ᠎ᠠ ᠶ᠋ᠢᠨ ᠲᠥᠪ ᠦ᠋ᠨ ᠳᠤᠭᠤᠢᠯᠠᠩ ᠤ᠋ᠨ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠪᠠᠲᠤᠳᠬᠠᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠪᠡ
2021.07.19 ᠲᠣᠰ ᠥᠷᠲᠡᠭᠡᠨ᠎ᠦ ᠨᠠᠢᠷᠠᠭᠤᠯᠤᠭᠴᠢ

     7 ᠰᠠᠷ᠎ᠠ ᠶ᠋ᠢᠨ 14 ᠦ᠌ ᠡᠳᠦᠷ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ ᠤ᠋ᠨ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤᠳᠬᠠᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠵᠦ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠤ᠋ᠨ ᠪᠦᠷᠢᠯᠳᠦᠬᠦᠨ ᠬᠤᠷᠠᠯ ᠳ᠋ᠤ᠌ ᠣᠷᠣᠯᠴᠠᠵᠠᠢ ᠃
 ᠬᠤᠷᠠᠯ ᠨᠢ《 ᠰᠢ ᠵᠢᠨ ᠫᠢᠩ ᠥᠪᠥᠷ ᠮᠣᠩᠭᠣᠯ ᠳ᠋ᠤ᠌ ᠪᠠᠢᠴᠠᠭᠠᠨ ᠰᠤᠳᠤᠯᠤᠯᠲᠠ ᠬᠢᠭᠰᠡᠨ》 ᠪᠥᠭᠡᠳ《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ 》 ᠭᠣᠣᠯ ᠰᠡᠳᠦᠪᠲᠦ ᠬᠥᠮᠦᠵᠢᠯ ᠢ᠋ ᠥᠷᠨᠢᠭᠦᠯᠦᠭᠰᠡᠨ ᠂ 《 ᠰᠢ ᠵᠢᠨ ᠫᠢᠩ ᠭᠤᠷᠪᠠᠳᠤᠭᠠᠷ ᠤᠳᠠᠭᠠᠨ ᠤ᠋ ᠲᠥᠪ ᠦ᠋ᠨ ᠰᠢᠨᠵᠢᠶᠠᠩ ᠤ᠋ᠨ ᠠᠵᠢᠯ ᠤ᠋ᠨ ᠶᠠᠷᠢᠯᠴᠠᠬᠤ ᠬᠤᠷᠠᠯ ᠳᠡᠭᠡᠷ᠎ᠡ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠰᠢᠨᠵᠢᠶᠠᠩ ᠢ᠋ ᠴᠢᠷᠮᠠᠢᠨ ᠪᠦᠲᠦᠭᠡᠨ ᠪᠠᠢᠭᠤᠯᠬᠤ ᠶ᠋ᠢ ᠴᠢᠬᠤᠯᠠᠴᠢᠯᠠᠭᠰᠠᠨ》 ᠂ 《 ᠰᠢ ᠵᠢᠨ ᠫᠢᠩ ᠦᠨᠳᠦᠰᠦᠲᠡᠨ ᠦ᠌ ᠠᠵᠢᠯ ᠤ᠋ᠨ ᠲᠤᠬᠠᠢ ᠶᠠᠷᠢᠯᠴᠠᠬᠤ ᠶ᠋ᠢᠨ ᠬᠠᠮᠤᠭ ᠤ᠋ᠨ ᠵᠠᠩᠭᠢᠯᠠᠭ᠎ᠠ ᠨᠢ ᠪᠦᠯᠬᠦᠮᠳᠡᠯ ᠢ᠋ ᠰᠠᠢᠲᠤᠷ ᠬᠢᠬᠦ ᠶ᠋ᠢᠨ ᠬᠠᠮᠤᠭ ᠤ᠋ᠨ ᠬᠡᠷᠡᠭᠴᠡᠭᠡ ᠲᠡᠢ ᠵᠦᠢᠯ ᠪᠣᠯᠤᠨ᠎ᠠ》 ᠭᠡᠬᠦ  ᠵᠡᠷᠭᠡ ᠠᠭᠤᠯᠭ᠎ᠠ ᠲᠠᠢ᠃

 

 

     ᠬᠤᠷᠠᠯ ᠠ᠋ᠴᠠ ᠴᠢᠬᠤᠯᠠᠴᠢᠯᠠᠭᠰᠠᠨ ᠨᠢ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠨ ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠬᠣᠶᠠᠳᠤᠭᠠᠷ ᠂ ᠭᠤᠷᠪᠠᠳᠤᠭᠠᠷ ᠪᠥᠬᠥᠳᠡ ᠬᠤᠷᠠᠯ ᠂ ᠳᠥᠷᠪᠡᠳᠦᠭᠡᠷ ᠪᠥᠬᠥᠳᠡ ᠬᠤᠷᠠᠯ ᠂ ᠲᠠᠪᠤᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠢᠮᠠᠭᠲᠠ ᠪᠠᠷᠢᠮᠲᠠᠯᠠᠨ ᠂ ᠨᠠᠮ ᠤ᠋ᠨ ᠦᠨᠳᠦᠰᠦᠲᠡᠨ ᠦ᠌ ᠲᠥᠷᠥ ᠶ᠋ᠢᠨ ᠪᠣᠳᠣᠯᠭ᠎ᠠ ᠶ᠋ᠢ ᠦᠷᠭᠦᠯᠵᠢᠯᠡᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ ᠂ 《ᠳᠥᠷᠪᠡᠨ ᠤᠬᠠᠮᠰᠠᠷ》 ᠢ᠋ᠶ᠋ᠠᠨ ᠴᠢᠩᠭᠠᠳᠬᠠᠨ ᠂ 《ᠳᠥᠷᠪᠡᠨ ᠢᠲᠡᠭᠡᠯ》 ᠢ᠋ ᠪᠠᠲᠤᠳᠬᠠᠵᠤ ᠂ 《ᠬᠣᠶᠠᠷ ᠢᠲᠡᠭᠡᠯ》 ᠢ᠋ ᠡᠷᠡᠰ ᠭᠦᠢᠴᠡᠳᠬᠡᠨ᠎ᠡ ᠃

     ᠨᠢᠭᠡ ᠳ᠋ᠦ᠍ ᠂ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶᠠᠨ ᠤ᠋ ᠦᠨᠳᠦᠰᠦᠲᠡᠨ ᠦ᠌ ᠠᠵᠢᠯ ᠤ᠋ᠨ ᠴᠢᠬᠤᠯᠠ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶᠣᠰᠣᠭᠠᠷ ᠂ ᠬᠠᠤᠯᠢ ᠴᠠᠭᠠᠵᠠ ᠶ᠋ᠢᠨ ᠦᠢᠯᠡᠳᠦᠯᠭᠡ ᠳᠤᠮᠳᠠ ᠤᠯᠤᠰ ᠤ᠋ᠨ ᠬᠠᠤᠯᠢ ᠴᠠᠭᠠᠵᠠ ᠪᠣᠯᠤᠨ ᠦᠨᠳᠦᠰᠦᠲᠡᠨ ᠦ᠌ ᠲᠥᠷᠥ ᠶ᠋ᠢᠨ ᠪᠣᠳᠣᠯᠭ᠎ᠠ ᠶ᠋ᠢ ᠲᠡᠷᠡ ᠬᠡᠪ ᠢ᠋ᠶ᠋ᠡᠷ ᠨᠢ ᠬᠡᠷᠡᠭᠵᠢᠭᠦᠯᠦᠨ᠎ᠡ ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢᠯᠠᠭᠠᠭᠳᠠᠬᠤᠨ ᠢ᠋ ᠪᠡᠶᠡᠯᠡᠭᠦᠯᠵᠦ ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠴᠢᠩᠭᠠᠳᠬᠠᠬᠤ ᠶ᠋ᠢ ᠨᠡᠢᠭᠡᠮ ᠦ᠋ᠨ ᠲᠣᠭᠲᠠᠭᠤᠨ ᠪᠠ ᠥᠨᠢ ᠤᠳᠠᠭᠠᠨ ᠠᠮᠤᠷ ᠲᠦᠪᠰᠢᠨ ᠢ᠋ ᠬᠠᠮᠠᠭᠠᠯᠠᠬᠤ ᠲᠠᠢ ᠭᠦᠢᠴᠡᠳ ᠤᠶᠠᠯᠳᠤᠭᠤᠯᠵᠤ ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠪᠠᠲᠤ ᠴᠣᠭᠴᠠᠯᠠᠬᠤ ᠭᠣᠣᠯ ᠰᠡᠳᠦᠪᠲᠦ ᠬᠥᠮᠦᠵᠢᠯ ᠢ᠋ ᠬᠠᠤᠯᠢ ᠶᠣᠰᠣᠭᠠᠷ ᠦᠨᠳᠦᠰᠦᠲᠡᠨ ᠦ᠌ ᠬᠦᠷᠢᠶ᠎ᠡ ᠬᠡᠪᠴᠢᠶᠡᠨ ᠳ᠋ᠡᠬᠢ ᠠᠮᠤᠷ ᠲᠦᠪᠰᠢᠨ ᠲᠣᠭᠲᠠᠭᠤᠨ ᠪᠠᠢᠯᠭᠠᠬᠤ ᠠᠵᠢᠯ ᠢ᠋ ᠰᠠᠢᠲᠤᠷ ᠬᠢᠨ᠎ᠡ ᠃

     ᠬᠣᠶᠠᠷ ᠲᠤ᠌ ᠂ ᠰᠢᠭᠦᠬᠦ ᠬᠣᠷᠢᠶᠠᠨ ᠤ᠋ ᠭᠣᠣᠯ ᠦᠢᠯᠡᠰ ᠲᠦ᠍ ᠰᠠᠭᠤᠷᠢᠯᠠᠨ ᠂ ᠦᠨᠳᠦᠰᠦᠲᠡᠨ ᠦ᠌ ᠪᠦᠯᠬᠦᠮᠳᠡᠯ ᠦ᠋ᠨ ᠠᠵᠢᠯ ᠢ᠋ ᠬᠡᠷᠡᠭ ᠪᠣᠯᠭᠠᠨ ᠳᠠᠩᠰᠠᠯᠠᠬᠤ ᠂ ᠰᠢᠭᠦᠨ ᠲᠠᠰᠤᠯᠬᠤ ᠂ ᠭᠦᠢᠴᠡᠳᠬᠡᠬᠦ ᠵᠠᠩᠭᠢᠯᠠᠭ᠎ᠠ ᠨᠢᠭᠡᠪᠦᠷᠢ ᠳ᠋ᠦ᠍ ᠲᠤᠭᠤᠰᠢᠯᠠᠭᠤᠯᠵᠤ ᠂ ᠰᠢᠭᠦᠨ ᠲᠠᠰᠤᠯᠬᠤ ᠭᠦᠢᠴᠡᠳᠬᠡᠬᠦ ᠠᠵᠢᠯ ᠢ᠋ ᠦᠨᠳᠦᠰᠦᠲᠡᠨ ᠦ᠌ ᠪᠦᠯᠬᠦᠮᠳᠡᠯ ᠲᠠᠪᠰᠢᠯᠲᠠ ᠶ᠋ᠢ ᠠᠬᠢᠭᠤᠯᠬᠤ ᠪᠦᠲᠦᠮᠵᠢᠲᠡᠢ ᠠᠴᠢᠶᠠᠯᠠᠪᠤᠷᠢ ᠪᠣᠯᠭᠠᠵᠤ ᠂ ᠦᠨᠳᠦᠰᠦᠲᠡᠨ ᠨᠦ᠍ᠭᠦᠳ ᠦ᠋ᠨ ᠣᠯᠠᠨ ᠲᠦᠮᠡᠨ ᠦ᠌ ᠣᠯᠠᠨ ᠡᠰᠢᠴᠢᠯᠡᠭᠰᠡᠨ ᠬᠠᠤᠯᠢ ᠴᠠᠭᠠᠵᠠ ᠶ᠋ᠢᠨ ᠱᠠᠭᠠᠷᠳᠠᠯᠭ᠎ᠠ ᠶ᠋ᠢ ᠠᠩᠬᠠᠷᠤᠨ ᠬᠠᠯᠠᠮᠵᠢᠯᠠᠵᠤ ᠂ ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶ᠋ᠢ ᠴᠥᠭᠡᠨ ᠲᠣᠭᠠᠲᠤ ᠦᠨᠳᠦᠰᠦᠲᠡᠨ ᠦ᠌ ᠣᠯᠠᠨ ᠲᠦᠮᠡᠨ ᠳ᠋ᠦ᠍ ᠨᠡᠩ ᠢᠯᠡᠭᠦᠦ ᠬᠠᠩᠭᠠᠬᠤ ᠬᠡᠷᠡᠭᠲᠡᠢ ᠃

     ᠭᠤᠷᠪᠠ ᠳ᠋ᠤ᠌ ᠂ ᠮᠣᠩᠭᠣᠯ ᠬᠢᠲᠠᠳ ᠬᠣᠣᠰ ᠬᠡᠯᠡᠨ ᠦ᠌ ᠰᠢᠭᠦᠨ ᠲᠠᠰᠤᠯᠤᠯᠲᠠ ᠶ᠋ᠢᠨ ᠠᠵᠢᠯ ᠢ᠋ ᠳᠡᠭᠡᠳᠦ ᠬᠡᠮᠵᠢᠶ᠎ᠡ ᠪᠡᠷ ᠬᠦᠨᠳᠦᠳᠬᠡᠨ ᠦᠵᠡᠵᠦ ᠂ ᠬᠣᠣᠰ ᠬᠡᠯᠡᠨ ᠦ᠌ ᠴᠢᠳᠠᠪᠤᠷᠢᠲᠠᠨ ᠢ᠋ ᠬᠥᠮᠦᠵᠢᠭᠦᠯᠬᠦ ᠠᠵᠢᠯ ᠢ᠋ ᠦᠷᠭᠦᠯᠵᠢᠯᠡᠨ ᠴᠢᠩᠭᠠᠳᠬᠠᠵᠤ ᠂ ᠬᠣᠣᠰ ᠬᠡᠯᠡ ᠪᠡᠷ ᠲᠣᠭᠣᠷᠢᠨ ᠬᠡᠷᠡᠭ ᠰᠢᠢᠳᠪᠦᠷᠢᠯᠡᠬᠦ ᠬᠡᠪ ᠵᠠᠭᠪᠤᠷ ᠢ᠋ ᠢᠳᠡᠪᠬᠢᠲᠡᠢ ᠬᠡᠷᠡᠭᠵᠢᠭᠦᠯᠵᠦ ᠂ ᠦᠨᠳᠦᠰᠦᠲᠡᠨ ᠱᠠᠰᠢᠨ ᠰᠤᠷᠲᠠᠬᠤᠨ ᠤ᠋ ᠬᠦᠷᠢᠶᠡᠨ ᠳ᠋ᠦ᠍ ᠬᠣᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ᠋ ᠵᠣᠬᠢᠰᠲᠠᠢ ᠰᠢᠢᠳᠪᠦᠷᠢᠯᠡᠵᠦ ᠂ ᠡᠯ᠎ᠡ ᠦᠨᠳᠦᠰᠦᠲᠡᠨ ᠦ᠌ ᠣᠯᠠᠨ ᠲᠦᠮᠡᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠪᠠᠲᠤᠯᠠᠨ ᠂ ᠰᠢᠨ᠎ᠡ ᠴᠠᠭ ᠦᠶ᠎ᠡ ᠶ᠋ᠢᠨ ᠦᠨᠳᠦᠰᠦᠲᠡᠨ ᠦ᠌ ᠪᠦᠯᠬᠦᠮᠳᠡᠯ ᠲᠠᠪᠰᠢᠯᠲᠠ ᠶ᠋ᠢᠨ ᠠᠵᠢᠯ ᠢ᠋ ᠰᠠᠢᠲᠤᠷ ᠬᠢᠬᠦ ᠳ᠋ᠦ᠍ ᠬᠦᠴᠦᠲᠡᠢ ᠬᠠᠤᠯᠢ ᠴᠠᠭᠠᠵᠠ ᠶ᠋ᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )