2021 ᠣᠨ ᠤ᠋ ᠪᠦᠬᠦ ᠤᠯᠤᠰ ᠤ᠋ᠨ ᠰᠢᠭᠦᠬᠦ ᠬᠣᠷᠢᠶᠠᠨ ᠤ᠋ ᠲᠡᠷᠢᠭᠦᠨ ᠦ᠌ ᠬᠠᠮᠲᠤ ᠨᠡᠢᠲᠡ ᠂ ᠲᠡᠷᠢᠭᠦᠨ ᠦ᠌ ᠬᠤᠪᠢ ᠬᠥᠮᠦᠨ ᠢ᠋ ᠲᠠᠨᠢᠯᠴᠠᠭᠤᠯᠬᠤ ᠲᠤᠬᠠᠢ ᠨᠡᠢᠲᠡ ᠶ᠋ᠢᠨ ᠵᠠᠷᠯᠠᠯ
2021.07.19 ᠲᠣᠰ ᠥᠷᠲᠡᠭᠡᠨ᠎ᠦ ᠨᠠᠢᠷᠠᠭᠤᠯᠤᠭᠴᠢ

     《 2021 ᠣᠨ ᠤ᠋ ᠪᠥᠬᠥ ᠤᠯᠤᠰ ᠤ᠋ᠨ ᠰᠢᠭᠦᠬᠦ ᠬᠣᠷᠢᠶ᠎ᠠ ᠶ᠋ᠢᠨ ᠲᠡᠷᠢᠭᠦᠨ ᠦ᠌ ᠬᠠᠮᠲᠤ ᠪᠠ ᠲᠡᠷᠢᠭᠦᠨ ᠦ᠌ ᠬᠤᠪᠢ ᠬᠥᠮᠦᠨ ᠢ᠋ ᠰᠢᠯᠭᠠᠨ ᠰᠣᠩᠭᠣᠵᠤ ᠪᠠᠲᠤᠯᠠᠨ ᠲᠠᠨᠢᠯᠴᠠᠭᠤᠯᠬᠤ ᠠᠵᠢᠯ ᠢ᠋ ᠰᠠᠢᠲᠤᠷ ᠬᠢᠬᠦ ᠲᠤᠬᠠᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠮᠡᠳᠡᠭᠳᠡᠯ 》  ᠢ᠋ ᠦᠨᠳᠦᠰᠦᠯᠡᠵᠦ ᠂ ᠥᠨᠳᠥᠷ ᠬᠠᠤᠯᠢ ᠲᠣᠳᠣᠷᠬᠠᠢ ᠤᠬᠠᠭᠤᠯᠬᠤ ( 2021 ) 172  ᠳ᠋ᠤᠭᠠᠷ ᠲᠣᠭᠠᠲᠤ ᠱᠠᠭᠠᠷᠳᠠᠯᠭ᠎ᠠ ᠶ᠋ᠢ ᠦᠨᠳᠦᠰᠦᠯᠡᠵᠦ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠬᠤᠷᠠᠯ ᠢ᠋ᠶ᠋ᠠᠷ ᠳᠠᠮᠵᠢᠨ ᠰᠤᠳᠤᠯᠤᠨ ᠬᠢᠨᠠᠨ ᠲᠣᠭᠲᠠᠭᠠᠯᠭᠠᠭᠠᠳ ᠂ ᠮᠠᠨ ᠤ᠋ ᠬᠣᠲᠠ ᠶ᠋ᠢᠨ ᠰᠢᠭᠦᠬᠦ ᠬᠣᠷᠢᠶ᠎ᠠ ᠠ᠋ᠴᠠ 2021 ᠣᠨ ᠤ᠋ ᠪᠥᠬᠥ ᠤᠯᠤᠰ ᠤ᠋ᠨ ᠰᠢᠭᠦᠬᠦ ᠬᠣᠷᠢᠶ᠎ᠠ ᠳ᠋ᠤ᠌ ᠲᠠᠨᠢᠯᠴᠠᠭᠤᠯᠬᠤ ᠭᠡᠵᠦ ᠪᠠᠢᠨ᠎ᠠ ᠃

     ᠨᠢᠭᠡ ᠂ 2011 ᠣᠨ ᠤ᠋ ᠪᠦᠬᠦ ᠤᠯᠤᠰ ᠤ᠋ᠨ ᠰᠢᠭᠦᠬᠦ ᠬᠣᠷᠢᠶᠠᠨ ᠤ᠋ ᠲᠡᠷᠢᠭᠦᠨ ᠦ᠌ ᠬᠠᠮᠲᠤ ᠶ᠋ᠢᠨ ᠨᠡᠷᠡᠰ ᠢ᠋ ᠲᠠᠨᠢᠯᠴᠠᠭᠤᠯᠬᠤ ᠪᠠᠷ ᠪᠠᠢᠨ᠎ᠠ

     ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠶᠢᠨ ᠰᠢᠳᠬᠡᠬᠦ ᠬᠣᠷᠢᠶ᠎ᠠ ᠶ᠋ᠢᠨ ᠬᠡᠷᠡᠭ ᠪᠣᠯᠭᠠᠨ ᠳᠠᠩᠰᠠᠯᠠᠬᠤ ᠲᠢᠩᠬᠢᠮ

     ᠡᠵᠡᠨ ᠬᠣᠷᠣᠭ᠎ᠠ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠶᠡᠷᠦᠩᠬᠡᠢ ᠰᠢᠭᠦᠨ ᠲᠠᠰᠤᠯᠬᠤ ᠲᠢᠩᠬᠢᠮ ᠮᠥᠩᠭᠥᠨ ᠭᠦᠢᠯᠭᠡᠭᠡᠨ ᠦ᠌ ᠰᠢᠭᠦᠬᠦ ᠲᠢᠩᠬᠢᠮ

     ᠣᠲᠣᠭ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠭᠦᠢᠴᠡᠳᠬᠡᠬᠦ ᠲᠣᠪᠴᠢᠶ᠎ᠠ

     ᠬᠣᠶᠠᠷ ᠂ 2021 ᠣᠨ ᠤ᠋ ᠪᠦᠬᠦ ᠤᠯᠤᠰ ᠤ᠋ᠨ ᠰᠢᠭᠦᠬᠦ ᠬᠣᠷᠢᠶᠠᠨ ᠤ᠋ ᠲᠡᠷᠢᠭᠦᠨ ᠦ᠌ ᠬᠤᠪᠢ ᠬᠥᠮᠦᠨ ᠦ᠌ ᠨᠡᠷᠡᠰ ᠢ᠋ ᠲᠠᠨᠢᠯᠴᠠᠭᠤᠯᠬᠤ ᠪᠠᠷ ᠪᠠᠢᠨ᠎ᠠ

     ᡁᠢ ᠮᠢᠨ ᠬᠠᠩᠭᠢᠨ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠭᠣᠣᠯ ᠳᠠᠭᠠᠤ ᠭᠠᠵᠠᠷ ᠣᠷᠣᠨ ᠤ᠋ ᠠᠷᠠᠳ ᠤ᠋ᠨ ᠭᠣᠣᠯ ᠰᠢᠭᠦᠬᠦ ᠲᠢᠩᠬᠢᠮ ᠦ᠋ᠨ ᠳᠠᠷᠤᠭ᠎ᠠ

     ᠯᠢ ᠫᠧᠩ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠺᠠᠲᠠᠷ ᠴᠠᠭᠳᠠᠭ᠎ᠠ

     ᠯᠢ ᠯᠢ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠺᠠᠲᠠᠷ ᠴᠠᠭᠳᠠᠭ᠎ᠠ

     ᠭᠤᠷᠪᠠ ᠂ ᠢᠯᠡ ᠪᠡᠷ ᠨᠡᠢᠲᠡᠯᠡᠬᠦ ᠴᠠᠭ ᠬᠤᠭᠤᠴᠠᠭ᠎ᠠ

     5 ᠠᠵᠢᠯᠯᠠᠬᠤ ᠡᠳᠦᠷ ᠂ 2021 ᠣᠨ ᠤ᠋ 7 ᠰᠠᠷ᠎ᠠ ᠶ᠋ᠢᠨ 15  ᠠ᠋ᠴᠠ 2021 ᠣᠨ ᠤ᠋ 7 ᠰᠠᠷ᠎ᠠ ᠶ᠋ᠢᠨ 21 ᠪᠣᠯᠲᠠᠯ᠎ᠠ

     ᠳᠥᠷᠪᠡ ᠂ ᠵᠠᠭᠠᠯᠳᠤᠯᠭ᠎ᠠ ᠶ᠋ᠢ ᠬᠦᠯᠢᠶᠡᠨ ᠠᠪᠴᠤ ᠰᠢᠢᠳᠪᠦᠷᠢᠯᠡᠬᠦ

     ᠳᠡᠭᠡᠷᠡᠬᠢ ᠨᠡᠢᠲᠡᠯᠡᠭᠰᠡᠨ ᠢ᠋ ᠬᠡᠷᠪᠡ ᠣᠨᠳᠣᠣ ᠰᠠᠨᠠᠯ ᠲᠠᠢ ᠪᠣᠯ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠶᠠᠮᠤᠨ ᠳ᠋ᠤ᠌ ᠢᠯᠡᠴᠢᠯᠡᠨ ᠮᠡᠳᠡᠭᠦᠯᠬᠦ ᠪᠤᠶᠤ ᠵᠠᠭᠠᠯᠳᠤᠵᠤ ᠪᠣᠯᠤᠨ᠎ᠠ ᠃

     ᠬᠠᠷᠢᠯᠴᠠᠬᠤ ᠤᠲᠠᠰᠤ 8160305

     ᠰᠢᠤᠳᠠᠨ ᠬᠠᠢᠷᠴᠠᠭ 331032987 @q.com

               ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠶᠢᠨ ᠰᠢᠳᠬᠡᠬᠦ ᠬᠣᠷᠢᠶ᠎ᠠ

               2021 ᠣᠨ ᠤ᠋ 7 ᠰᠠᠷ᠎ᠠ ᠶ᠋ᠢᠨ 14 ᠦ᠌ ᠡᠳᠦᠷ
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )