ᠲᠥᠪ ᠦ᠋ᠨ ᠬᠢᠨᠠᠨ ᠵᠢᠯᠣᠭᠣᠳᠬᠤ ᠳᠤᠭᠤᠢᠯᠠᠩ ᠂ ᠥᠪᠡᠷᠲᠡᠭᠡᠨ ᠵᠠᠰᠠᠬᠤ ᠣᠷᠣᠨ ᠤ᠋ ᠵᠢᠯᠣᠭᠣᠳᠬᠤ ᠳᠤᠭᠤᠢᠯᠠᠩ ᠤ᠋ᠨ ᠲᠤᠰᠬᠠᠭᠰᠠᠨ ᠰᠠᠨᠠᠯ ᠢ᠋ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠪᠠ 《ᠡᠷᠭᠢᠵᠦ ᠬᠠᠷᠠᠬᠤ》 ᠡᠯ᠎ᠡ ᠲᠥᠷᠥᠯ ᠦ᠋ᠨ ᠠᠵᠢᠯ ᠢ᠋ ᠯᠠᠪᠳᠠᠭᠤᠨ ᠪᠠᠲᠤᠲᠠᠢ ᠰᠠᠢᠲᠤᠷ ᠬᠢᠬᠦ ᠶ᠋ᠢᠨ ᠲᠥᠯᠥᠭᠡ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠳᠠᠬᠢᠨ ᠬᠢᠴᠢᠶᠡᠯ ᠨᠥᠬᠥᠪᠥᠷᠢᠯᠡᠬᠦ ᠂ ᠪᠠᠭᠤᠷᠠᠢ ᠭᠣᠭᠴᠣᠭ᠎ᠠ ᠶ᠋ᠢ ᠳᠠᠬᠢᠨ ᠴᠢᠩᠭᠠᠳᠬᠠᠬᠤ ᠂ ᠪᠠᠢᠴᠠᠭᠠᠨ ᠰᠢᠢᠳᠪᠦᠷᠢᠯᠡᠬᠦ ᠠᠵᠢᠯ ᠢ᠋ ᠳᠠᠬᠢᠨ ᠬᠦᠴᠦᠯᠡᠬᠦ ᠂ ᠠᠵᠢᠯ ᠤ᠋ᠨ ᠴᠢᠨᠠᠷ ᠦᠷ᠎ᠡ ᠪᠦᠲᠦᠮᠵᠢ ᠶ᠋ᠢ ᠳᠠᠬᠢᠨ ᠳᠡᠭᠡᠭᠰᠢᠯᠡᠭᠦᠯᠬᠦ ᠶ᠋ᠢ ᠠᠬᠢᠭᠤᠯᠤᠨ᠎ᠠ ᠃ 7 ᠰᠠᠷ᠎ᠠ ᠶ᠋ᠢᠨ 9 ᠦ᠌ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠲᠥᠪ ᠦ᠋ᠨ ᠬᠢᠨᠠᠨ ᠵᠢᠯᠣᠭᠣᠳᠬᠤ ᠳᠤᠭᠤᠢᠯᠠᠩ ᠂ ᠥᠪᠡᠷᠲᠡᠭᠡᠨ ᠵᠠᠰᠠᠬᠤ ᠣᠷᠣᠨ ᠤ᠋ ᠵᠢᠯᠣᠭᠣᠳᠬᠤ ᠳᠤᠭᠤᠢᠯᠠᠩ ᠤ᠋ᠨ ᠲᠤᠰᠬᠠᠭᠰᠠᠨ ᠰᠠᠨᠠᠯ ᠢ᠋ ᠴᠡᠭᠴᠡᠯᠡᠨ ᠰᠠᠢᠵᠢᠷᠠᠭᠤᠯᠬᠤ ᠵᠢᠴᠢ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠤ᠋ᠨ ᠪᠠᠢᠷᠢᠯᠠᠭᠤᠯᠤᠯᠲᠠ ᠶ᠋ᠢᠨ ᠬᠤᠷᠠᠯ ᠢ᠋ ᠬᠤᠷᠠᠯᠳᠤᠭᠤᠯᠪᠠ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠤ᠋ᠨ ᠪᠦᠷᠢᠯᠳᠦᠬᠦᠨ ᠦ᠌ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠯᠪᠠᠨ ᠭᠡᠷ ᠂ ᠥᠪᠡᠷᠲᠡᠭᠡᠨ ᠪᠠᠢᠴᠠᠭᠠᠵᠤ ᠥᠪᠡᠷᠲᠡᠭᠡᠨ ᠵᠠᠯᠠᠷᠠᠭᠤᠯᠬᠤ ᠲᠤᠰᠬᠠᠢ ᠠᠩᠭᠢ ᠂ ᠬᠡᠷᠡᠭ ᠦ᠋ᠨ ᠰᠦᠪᠡᠭᠴᠢ ᠶ᠋ᠢ ᠪᠠᠢᠴᠠᠭᠠᠨ ᠰᠢᠢᠳᠪᠦᠷᠢᠯᠡᠬᠦ ᠲᠤᠰᠬᠠᠢ ᠠᠩᠭᠢ ᠂ ᠠᠷᠬᠠᠭ ᠠᠷᠬᠠᠭ ᠢ᠋ ᠴᠡᠭᠴᠡᠯᠡᠬᠦ ᠲᠤᠰᠬᠠᠢ ᠠᠩᠭᠢ ᠶ᠋ᠢᠨ ᠪᠦᠬᠦ ᠪᠦᠷᠢᠯᠳᠦᠬᠦᠨ ᠵᠢᠴᠢ ᠰᠦᠪᠡᠭᠴᠢ ᠶ᠋ᠢ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠬᠤᠷᠠᠯ ᠳ᠋ᠤ᠌ ᠣᠷᠣᠯᠴᠠᠵᠠᠢ ᠃
ᠬᠤᠷᠠᠯ ᠳᠡᠭᠡᠷ᠎ᠡ ᠯᠢ ᠵᠢᠩ ᠭᠦᠸᠧ 《 ᠪᠦᠬᠦ ᠤᠯᠤᠰ ᠤ᠋ᠨ ᠠᠩᠬᠠᠳᠤᠭᠠᠷ ᠪᠦᠯᠦᠭ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠨ ᠵᠠᠰᠠᠬᠤ ᠲᠥᠪ ᠦ᠋ᠨ ᠳᠥᠷᠪᠡᠳᠦᠭᠡᠷ ᠬᠢᠨᠠᠨ ᠵᠢᠯᠣᠭᠣᠳᠬᠤ ᠳᠤᠭᠤᠢᠯᠠᠩ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠢ᠋ ᠬᠢᠨᠠᠨ ᠵᠢᠯᠣᠭᠣᠳᠬᠤ ᠲᠤᠬᠠᠢ ᠬᠠᠷᠢᠭᠤ ᠲᠤᠰᠬᠠᠭᠰᠠᠨ ᠰᠠᠨᠠᠯ 》 ᠪᠣᠯᠤᠨ《 ᠰᠢ ᠲᠡᠢ ᠹᠧᠩ ᠱᠦᠵᠢ ᠶ᠋ᠢᠨ ᠲᠥᠪ ᠦ᠋ᠨ ᠳᠥᠷᠪᠡᠳᠦᠭᠡᠷ ᠬᠢᠨᠠᠨ ᠵᠢᠯᠣᠭᠣᠳᠬᠤ ᠳᠤᠭᠤᠢᠯᠠᠩ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠨ ᠵᠠᠰᠠᠬᠤ ᠤᠳᠤᠷᠢᠳᠬᠤ ᠳᠤᠭᠤᠢᠯᠠᠩ ᠳ᠋ᠤ᠌ ᠬᠠᠷᠢᠭᠤ ᠲᠤᠰᠬᠠᠬᠤ ᠬᠢᠨᠠᠨ ᠵᠢᠯᠣᠭᠣᠳᠬᠤ ᠰᠠᠨᠠᠯ 》 ᠵᠢᠴᠢ ᠪᠦᠬᠦ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠵᠢᠷᠭᠤᠳᠤᠭᠠᠷ ᠤᠳᠠᠭᠠᠨ ᠤ᠋ ᠠᠬᠢᠭᠤᠯᠬᠤ ᠬᠤᠷᠠᠯ ᠵᠢᠴᠢ ᠴᠡᠭᠴᠡᠯᠡᠨ ᠰᠠᠢᠵᠢᠷᠠᠭᠤᠯᠬᠤ ᠠᠵᠢᠯ ᠤ᠋ᠨ ᠳᠠᠢᠴᠢᠯᠠᠨ ᠪᠠᠢᠷᠢᠯᠠᠭᠤᠯᠬᠤ ᠬᠤᠷᠠᠯ ᠂ ᠪᠥᠬᠥ ᠬᠣᠲᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠠᠬᠢᠭᠤᠯᠬᠤ ᠬᠤᠷᠠᠯ ᠵᠢᠴᠢ ᠴᠡᠭᠴᠡᠯᠡᠨ ᠰᠠᠢᠵᠢᠷᠠᠭᠤᠯᠬᠤ ᠳᠠᠢᠴᠢᠯᠠᠯᠲᠠ ᠬᠢᠵᠦ ᠪᠠᠢᠷᠢᠯᠠᠭᠤᠯᠬᠤ ᠬᠤᠷᠠᠯ ᠤ᠋ᠨ ᠵᠣᠷᠢᠭ ᠰᠠᠨᠠᠭ᠎ᠠ ᠵᠢ ᠲᠤᠰᠭᠠᠭᠰᠠᠨ ᠪᠠᠢᠨ᠎ᠠ ᠃
ᠬᠤᠷᠠᠯ ᠨᠢ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠬᠠᠷᠢᠭᠤ ᠲᠤᠰᠬᠠᠯ ᠤ᠋ᠨ ᠰᠠᠨᠠᠯ ᠢ᠋ ᠪᠥᠬᠥ ᠲᠠᠯ᠎ᠠ ᠪᠠᠷ ᠰᠠᠢᠲᠤᠷ ᠠᠳᠬᠤᠬᠤ ᠂ 《ᠡᠷᠭᠢᠵᠦ ᠬᠠᠷᠠᠬᠤ》 ᠠᠵᠢᠯ ᠳ᠋ᠤ᠌ ᠴᠢᠬᠤᠯᠠᠴᠢᠯᠠᠭᠰᠠᠨ ᠪᠠᠢᠨ᠎ᠠ ᠃ ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠤᠯᠤᠰ ᠲᠥᠷᠥ ᠶ᠋ᠢᠨ ᠬᠠᠷᠢᠭᠤᠴᠠᠯᠭ᠎ᠠ ᠪᠠᠨ ᠡᠭᠦᠷᠭᠡᠯᠡᠨ ᠳᠡᠭᠡᠳᠦ ᠬᠡᠮᠵᠢᠶᠡᠨ ᠦ᠌ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠡᠷ ᠡᠩᠨᠡᠭᠡᠨ ᠦ᠌ ᠬᠥᠮᠦᠵᠢᠯ ᠴᠡᠭᠴᠡᠯᠡᠯᠲᠡ ᠶ᠋ᠢᠨ ᠬᠠᠷᠢᠭᠤ ᠲᠤᠰᠬᠠᠭᠰᠠᠨ ᠰᠠᠨᠠᠯ ᠢ᠋ ᠴᠡᠭᠴᠡᠯᠡᠨ ᠰᠠᠢᠵᠢᠷᠠᠭᠤᠯᠬᠤ ᠪᠠ 《ᠡᠷᠭᠢᠵᠦ ᠬᠠᠷᠠᠬᠤ》 ᠠᠵᠢᠯ ᠢ᠋ ᠰᠠᠢᠲᠤᠷ ᠠᠳᠬᠤᠬᠤ ᠬᠡᠷᠡᠭᠲᠡᠢ ᠃ ᠰᠤᠷᠤᠯᠴᠠᠬᠤ ᠰᠤᠷᠭᠠᠨ ᠬᠥᠮᠦᠵᠢᠯ ᠦ᠋ᠨ 《 ᠡᠷᠭᠢᠵᠦ ᠬᠠᠷᠠᠬᠤ 》 ᠠᠵᠢᠯ ᠢ᠋ ᠬᠢᠨᠠᠮᠠᠭᠠᠢ ᠥᠷᠨᠢᠭᠦᠯᠬᠦ ᠪᠡᠷ ᠳᠠᠮᠵᠢᠨ ᠂ ᠰᠦᠪᠡᠭᠴᠢ ᠶ᠋ᠢ ᠭᠦᠢᠴᠡᠳᠬᠡᠵᠦ 《 ᠡᠷᠭᠢᠴᠡᠭᠦᠯᠦᠨ ᠦᠵᠡᠬᠦ 》 ᠶ᠋ᠢ ᠭᠦᠨᠵᠡᠭᠡᠢ ᠥᠷᠨᠢᠭᠦᠯᠵᠦ ᠂ ᠭᠡᠮ ᠠᠷᠬᠠᠭ ᠢ᠋ ᠴᠡᠭᠴᠡᠯᠡᠬᠦ 《ᠡᠷᠭᠢᠵᠦ ᠬᠠᠷᠠᠬᠤ 》 ᠠᠵᠢᠯᠯᠠᠭ᠎ᠠ ᠶ᠋ᠢ ᠯᠠᠪᠳᠠᠭᠤᠨ ᠪᠠᠲᠤᠲᠠᠢ ᠥᠷᠨᠢᠭᠦᠯᠵᠦ ᠂ ᠠᠰᠠᠭᠤᠳᠠᠯ ᠢ᠋ ᠴᠡᠭᠴᠡᠯᠡᠨ ᠰᠠᠢᠵᠢᠷᠠᠭᠤᠯᠵᠤ 《ᠡᠷᠭᠢᠵᠦ ᠬᠠᠷᠠᠬᠤ 》 ᠂ ᠳᠦᠷᠢᠮ ᠲᠣᠭᠲᠠᠴᠠ ᠶ᠋ᠢᠨ ᠪᠠᠢᠭᠤᠯᠤᠯᠲᠠ ᠶ᠋ᠢ ᠪᠦᠲᠦᠮᠵᠢᠲᠡᠢ ᠪᠡᠷ ᠥᠷᠨᠢᠭᠦᠯᠬᠦ 《 ᠡᠷᠭᠢᠵᠦ ᠬᠠᠷᠠᠬᠤ》 ᠠᠵᠢᠯ ᠢ᠋ ᠨᠡᠩ ᠥᠨᠳᠥᠷ ᠤᠯᠤᠰ ᠲᠥᠷᠥ ᠶ᠋ᠢᠨ ᠤᠬᠠᠮᠰᠠᠷ ᠂ ᠨᠡᠩ ᠴᠢᠩᠭ᠎ᠠ ᠤᠯᠤᠰ ᠲᠥᠷᠥ ᠶ᠋ᠢᠨ ᠡᠭᠦᠷᠭᠡᠯᠡᠯ ᠂ ᠨᠡᠩ ᠯᠠᠪᠳᠠᠭᠤᠨ ᠪᠠᠲᠤᠲᠠᠢ ᠪᠠᠷ ᠤᠯᠤᠰ ᠲᠥᠷᠥ ᠶ᠋ᠢᠨ ᠬᠠᠷᠢᠭᠤᠴᠠᠯᠭ᠎ᠠ ᠨᠡᠩ ᠬᠦᠨᠳᠦᠷᠡᠭᠰᠡᠨ ᠪᠠᠢᠨ᠎ᠠ ᠃
ᠬᠣᠶᠠᠷ ᠲᠤ᠌᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠰᠠᠨᠠᠭᠠᠴᠢᠯᠠᠭ᠎ᠠ ᠠ᠋ᠴᠠ ᠪᠠᠨ ᠪᠠᠷᠢᠮᠵᠢᠶ᠎ᠠ ᠶ᠋ᠢ ᠬᠦᠯᠢᠶᠡᠨ ᠠᠪᠴᠤ ᠨᠢᠭᠡ ᠨᠢᠭᠡ ᠪᠡᠷ ᠵᠦᠢᠴᠢᠯᠡᠨ ᠨᠥᠭᠥᠭᠡ ᠶ᠋ᠢ ᠮᠡᠳᠡᠵᠦ ᠂ ᠠᠶᠠᠯᠠᠯ ᠤ᠋ᠨ ᠱᠤᠭᠤᠮ ᠲᠣᠭᠲᠠᠭᠠᠨ ᠥᠭᠡᠷᠡᠴᠢᠯᠡᠯᠲᠡ ᠬᠢᠵᠦ ᠂ ᠵᠦᠢᠯ ᠳᠠᠷᠠᠭᠠᠯᠠᠨ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠶ᠋ᠢ ᠨᠢᠭᠡᠳ ᠨᠢᠭᠡ ᠪᠡᠷ ᠨᠠᠷᠢᠰᠬᠠᠵᠤ ᠂ ᠴᠡᠭᠴᠡᠯᠡᠨ ᠰᠠᠢᠵᠢᠷᠠᠭᠤᠯᠬᠤ ᠲᠤᠰᠬᠠᠢ ᠠᠩᠭᠢ ᠪᠠᠢᠭᠤᠯᠤᠨ ᠡᠬᠡ ᠳᠠᠩᠰᠠ ᠪᠠᠢᠭᠤᠯᠵᠤ ᠂ ᠬᠠᠷᠢᠭᠤᠴᠠᠯᠭ᠎ᠠ ᠶ᠋ᠢ ᠲᠣᠳᠣᠷᠬᠠᠢᠯᠠᠨ ᠬᠢᠨᠠᠨ ᠵᠢᠯᠣᠭᠣᠳᠴᠤ ᠬᠠᠷᠢᠭᠤ ᠲᠤᠰᠬᠠᠭᠰᠠᠨ ᠰᠠᠨᠠᠯ ᠢ᠋ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠶ᠋ᠢ ᠴᠢᠩᠭ᠎ᠠ ᠠᠳᠬᠤᠨ᠎ᠠ ᠃ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ《 ᠳᠥᠷᠪᠡᠨ ᠡᠭᠦᠷᠭᠡ》 ᠂ 《ᠭᠤᠷᠪᠠᠨ ᠵᠠᠩᠭᠢᠯᠠᠭ᠎ᠠ 》 ᠶ᠋ᠢ ᠪᠡᠶᠡᠯᠡᠭᠦᠯᠦᠭᠰᠡᠨ ᠪᠠᠢᠳᠠᠯ ᠪᠠ ᠴᠡᠭᠴᠡᠯᠡᠨ ᠥᠭᠡᠷᠡᠴᠢᠯᠡᠵᠦ ᠨᠠᠢᠳᠠᠪᠤᠷᠢᠵᠢᠭᠤᠯᠤᠭᠰᠠᠨ ᠪᠠᠢᠳᠠᠯ ᠢ᠋ ᠦᠳᠲᠡᠷ ᠲᠦᠷᠭᠡᠨ ᠵᠣᠬᠢᠶᠠᠨ ᠪᠠᠢᠭᠤᠯᠤᠨ ᠬᠠᠷᠢᠴᠠᠭᠤᠯᠵᠤ ᠂ 《ᠡᠷᠭᠢᠴᠡᠭᠦᠯᠦᠨ ᠦᠵᠡᠬᠦ 》 ᠶ᠋ᠢ ᠵᠣᠬᠢᠶᠠᠨ ᠪᠠᠢᠭᠤᠯᠤᠨ ᠥᠷᠨᠢᠭᠦᠯᠵᠦ 《 ᠥᠪᠡᠷ ᠢ᠋ᠶ᠋ᠡᠨ ᠪᠠᠢᠴᠠᠭᠠᠵᠤ ᠠᠭᠤᠴᠢᠯᠠᠨ ᠂ ᠴᠢᠩᠭ᠎ᠠ ᠪᠠᠢᠴᠠᠭᠠᠬᠤ ᠪᠠᠷ ᠳᠠᠮᠵᠢᠨ 》 ᠲᠥᠷᠥ ᠶ᠋ᠢᠨ ᠪᠣᠳᠣᠯᠭ᠎ᠠ ᠳ᠋ᠤ᠌ ᠲᠣᠬᠢᠷᠠᠨ 《ᠡᠷᠭᠢᠵᠦ ᠬᠠᠷᠠᠬᠤ 》 ᠠᠵᠢᠯᠯᠠᠭ᠎ᠠ ᠥᠷᠨᠢᠭᠦᠯᠦᠭᠰᠡᠨ ᠦ᠌ ᠳᠠᠷᠠᠭ᠎ᠠ ᠡᠭᠦᠰᠦᠭᠰᠡᠨ ᠰᠠᠬᠢᠯᠭ᠎ᠠ ᠪᠠᠲᠤ ᠬᠠᠤᠯᠢ ᠴᠠᠭᠠᠵᠠ ᠶ᠋ᠢ ᠵᠥᠷᠢᠴᠡᠭᠰᠡᠨ ᠬᠦᠨᠳᠦ ᠶᠡᠬᠡ ᠠᠰᠠᠭᠤᠳᠠᠯ ᠪᠠ ᠬᠠᠤᠯᠢ ᠴᠠᠭᠠᠵᠠ ᠶ᠋ᠢ ᠲᠥᠪ ᠴᠢᠩᠭ᠎ᠠ ᠪᠠᠷ ᠭᠡᠳᠡᠷᠭᠦ ᠪᠠᠢᠴᠠᠭᠠᠬᠤ ᠬᠠᠷᠢᠭᠤᠴᠠᠯᠭ᠎ᠠ ᠶ᠋ᠢ ᠡᠭᠦᠷᠭᠡᠯᠡᠬᠦ ᠬᠡᠷᠡᠭᠲᠡᠢ ᠃
ᠭᠤᠷᠪᠠ ᠳᠤ᠂ ᠬᠠᠷᠢᠭᠤ ᠲᠤᠰᠬᠠᠬᠤ ᠠᠰᠠᠭᠤᠳᠠᠯ ᠢ᠋ ᠴᠡᠭᠴᠡᠯᠡᠨ ᠰᠠᠢᠵᠢᠷᠠᠭᠤᠯᠬᠤ ᠪᠠ ᠰᠤᠷᠭᠠᠨ ᠬᠥᠮᠦᠵᠢᠯ ᠦ᠋ᠨ ᠳ᠋ᠦᠩᠨᠡᠨ ᠳᠡᠭᠡᠭᠰᠢᠯᠡᠭᠦᠯᠬᠦ ᠶ᠋ᠢ ᠤᠶᠠᠯᠳᠤᠭᠤᠯᠬᠤ ᠪᠠ ᠰᠤᠷᠭᠠᠨ ᠬᠥᠮᠦᠵᠢᠯ ᠦ᠋ᠨ《 ᠡᠷᠭᠢᠵᠦ ᠦᠵᠡᠬᠦ》 ᠲᠡᠢ ᠤᠶᠠᠯᠳᠤᠭᠤᠯᠵᠤ ᠂ ᠬᠠᠤᠯᠢ ᠴᠠᠭᠠᠵᠠ ᠶ᠋ᠢᠨ ᠬᠡᠷᠡᠭ ᠰᠢᠢᠳᠪᠦᠷᠢᠯᠡᠬᠦ ᠭᠣᠣᠯ ᠠᠵᠢᠯ ᠲᠠᠢ ᠤᠶᠠᠯᠳᠤᠭᠤᠯᠤᠨ ᠂ ᠰᠢᠭᠦᠬᠦ ᠬᠣᠷᠢᠶ᠎ᠠ ᠶ᠋ᠢᠨ ᠡᠩᠨᠡᠭᠡᠨ ᠦ᠌ ᠠᠵᠢᠯ ᠬᠢᠵᠦ ᠦᠢᠯᠡᠰ ᠪᠦᠲᠦᠭᠡᠬᠦ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶ᠋ᠢ ᠵᠣᠷᠢᠭᠵᠢᠭᠤᠯᠬᠤ ᠲᠠᠢ ᠤᠶᠠᠯᠳᠤᠭᠤᠯᠵᠤ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶ᠋ᠢ ᠴᠢᠩᠭᠠᠳᠬᠠᠵᠤ ᠂ ᠡᠬᠡ ᠱᠤᠭᠤᠮ ᠤ᠋ᠨ ᠰᠡᠳᠬᠢᠴᠡ ᠶ᠋ᠢ ᠪᠡᠬᠢᠵᠢᠭᠦᠯᠦᠨ᠂《 ᠪᠢ ᠣᠯᠠᠨ ᠲᠦᠮᠡᠨ ᠳ᠋ᠦ᠍ ᠪᠣᠳᠠᠲᠤ ᠶᠠᠪᠤᠳᠠᠯ ᠬᠢᠵᠦ ᠥᠭᠬᠦ》 ᠦᠢᠯᠡᠳᠦᠯᠭᠡ ᠶ᠋ᠢᠨ ᠠᠵᠢᠯᠯᠠᠭ᠎ᠠ ᠶ᠋ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠲᠡᠢ ᠣᠷᠭᠠᠨᠢᠭ ᠢ᠋ᠶ᠋ᠠᠷ ᠤᠶᠠᠯᠳᠤᠭᠤᠯᠵᠤ ᠂ ᠥᠨᠳᠥᠷ ᠴᠢᠨᠠᠷ ᠥᠨᠳᠥᠷ ᠪᠦᠲᠦᠮᠵᠢᠲᠡᠢ ᠨᠠᠢᠳᠠᠪᠤᠷᠢᠵᠢᠭᠤᠯᠤᠨ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠶ᠋ᠢ ᠨᠠᠢᠳᠠᠪᠤᠷᠢᠵᠢᠭᠤᠯᠵᠤ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠡᠴᠡ ᠡᠭᠦᠰᠦᠭᠰᠡᠨ ᠠᠵᠢᠯ ᠬᠢᠵᠦ ᠦᠢᠯᠡᠰ ᠪᠦᠲᠦᠭᠡᠬᠦ ᠬᠠᠯᠠᠭᠤᠨ ᠰᠡᠳᠬᠢᠯᠭᠡ ᠶ᠋ᠢ ᠰᠢᠭᠦᠬᠦ ᠬᠣᠷᠢᠶᠠᠨ ᠤ᠋ ᠠᠵᠢᠯ ᠢ᠋ ᠰᠠᠢᠲᠤᠷ ᠬᠢᠬᠦ ᠶ᠋ᠢᠨ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠶ᠎ᠠ ᠃
ᠦᠨᠡᠯᠡᠬᠦ 0ᠦᠨᠡᠯᠡᠯᠲᠡ᠎ᠲᠠᠢ