ᠣᠢᠷ᠎ᠠ ᠳ᠋ᠤ᠌ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠭᠦᠢᠴᠡᠳᠬᠡᠬᠦ ᠲᠣᠪᠴᠢᠶ᠎ᠠ ᠡᠷᠡᠭᠦᠦ ᠶ᠋ᠢᠨ ᠬᠡᠷᠡᠭ ᠦ᠋ᠨ ᠲᠣᠷᠭᠠᠭᠤᠯᠢ ᠶ᠋ᠢᠨ ᠮᠥᠩᠭᠥ ᠶ᠋ᠢ ᠨᠡᠬᠡᠮᠵᠢᠯᠡᠨ ᠲᠤᠰᠢᠶᠠᠯᠭᠠᠭᠰᠠᠨ ᠨᠢᠭᠡᠨ ᠬᠡᠷᠡᠭ ᠢ᠋ ᠬᠦᠯᠢᠶᠡᠨ ᠠᠪᠴᠠᠢ᠃ ᠵᠠᠭᠠᠯᠳᠤᠭᠴᠢ ᠰᠦ᠍ ᠣᠪᠣᠭᠲᠤ ᠶ᠋ᠢᠨ ᠬᠥᠬᠡ᠂ ᠰᠦ ᠣᠪᠣᠭᠲᠤ ᠶ᠋ᠢᠨ ᠬᠥᠬᠡᠭᠴᠢᠨ᠂ ᠯᠢ ᠣᠪᠣᠭᠲᠤ ᠵᠡᠷᠭᠡ ᠬᠥᠮᠦᠰ ᠵᠠᠩ ᠣᠪᠣᠭᠲᠤ ᠲᠠᠢ ᠬᠠᠮᠲᠤᠷᠠᠨ ᠬᠠᠤᠯᠢ ᠪᠤᠰᠤ ᠠᠰᠢᠭ ᠲᠤᠰᠠ ᠣᠯᠬᠤ ᠶ᠋ᠢᠨ ᠲᠥᠯᠥᠭᠡ ᠤᠯᠤᠰ ᠤ᠋ᠨ ᠥᠷᠲᠡᠭ ᠨᠡᠮᠡᠭᠳᠡᠯ ᠦ᠋ᠨ ᠭᠠᠢᠯᠢ ᠶ᠋ᠢᠨ ᠲᠤᠰᠬᠠᠢ ᠪᠠᠷᠢᠮᠲᠠ ᠶ᠋ᠢᠨ ᠬᠠᠮᠢᠶᠠᠷᠤᠯᠲᠠ ᠶ᠋ᠢᠨ ᠲᠣᠭᠲᠠᠭᠠᠯ ᠡᠴᠡ ᠵᠥᠷᠢᠴᠡᠵᠦ ᠪᠤᠰᠤᠳ ᠬᠥᠮᠦᠨ ᠦ᠌ ᠪᠡᠶ᠎ᠡ ᠶ᠋ᠢᠨ ᠭᠠᠷᠤᠯ ᠤ᠋ᠨ ᠮᠡᠳᠡᠭᠡ ᠵᠠᠩᠭᠢ ᠶ᠋ᠢ ᠳᠠᠩᠰᠠᠯᠠᠭᠤᠯᠤᠭᠰᠠᠨ ᠺᠣᠮᠫᠠᠨᠢ ᠳᠡᠭᠡᠳᠦ ᠳᠣᠣᠷᠠᠲᠤ ᠤᠷᠤᠰᠬᠠᠯ ᠤ᠋ᠨ ᠠᠵᠤ ᠠᠬᠤᠢᠯᠠᠯ ᠳ᠋ᠤ᠌ ᠪᠣᠳᠠᠲᠠᠢ ᠡᠵᠡᠩᠨᠡᠯᠲᠡ ᠶ᠋ᠢᠨ ᠲᠤᠬᠠᠢᠯᠠᠭᠰᠠᠨ ᠠᠵᠢᠯ ᠦᠭᠡᠢ᠂ ᠦᠨᠡᠨ ᠪᠣᠳᠠᠲᠠᠢ ᠪᠠᠷᠠᠭ᠎ᠠ ᠬᠤᠳᠠᠯᠳᠤᠨ ᠠᠪᠬᠤ ᠪᠤᠶᠤ ᠭᠠᠢᠯᠢ ᠲᠤᠰᠢᠶᠠᠬᠤ ᠦᠭᠡᠢ ᠪᠠᠢᠳᠠᠯ ᠳᠣᠣᠷ᠎ᠠ ᠪᠤᠰᠤᠳ ᠲᠤ᠌ ᠬᠤᠳᠠᠯ ᠥᠷᠲᠡᠭ ᠦ᠋ᠨ ᠭᠠᠢᠯᠢ ᠨᠡᠮᠡᠨ ᠥᠭᠭᠦᠨ᠎ᠡ᠃
ᠬᠡᠷᠡᠭ ᠢ᠋ ᠬᠦᠯᠢᠶᠡᠨ ᠠᠪᠤᠭᠰᠠᠨ ᠤ᠋ ᠳᠠᠷᠠᠭ᠎ᠠ ᠭᠦᠢᠴᠡᠳᠬᠡᠬᠦ ᠬᠥᠮᠦᠰ ᠡᠳ᠋ ᠬᠥᠷᠥᠩᠭᠡ ᠪᠡᠨ ᠲᠦᠷᠭᠡᠨ ᠪᠠᠢᠴᠠᠭᠠᠨ ᠯᠠᠪᠯᠠᠵᠤ᠂ ᠵᠠᠭᠠᠯᠳᠤᠭᠳᠠᠭᠴᠢ ᠨᠢ ᠬᠥᠮᠦᠨ ᠪᠦᠷᠢ ᠴᠥᠮ ᠭᠢᠨᠳᠠᠨ ᠳ᠋ᠤ᠌ ᠣᠷᠣᠵᠤ ᠡᠷᠡᠭᠦᠦ ᠰᠢᠳᠬᠡᠯ ᠭᠦᠢᠴᠡᠳᠬᠡᠵᠦ ᠪᠠᠢᠬᠤ ᠪᠥᠭᠡᠳ ᠴᠥᠮ ᠭᠠᠳᠠᠷ ᠣᠷᠣᠨ ᠤ᠋ ᠬᠥᠮᠦᠨ ᠯᠤᠭᠡ ᠬᠠᠷᠢᠯᠴᠠᠵᠤ ᠴᠢᠳᠠᠬᠤ ᠦᠭᠡᠢ ᠶᠦ᠍ᠮ᠃ ᠭᠦᠢᠴᠡᠳᠬᠡᠬᠦ ᠺᠠᠲᠠᠷ ᠴᠠᠭᠳᠠᠭ᠎ᠠ 1000 ᠭᠠᠷᠤᠢ ᠺᠢᠯᠣᠮᠧᠲ᠋ᠷ ᠠᠶᠠᠯᠠᠵᠤ ᠂ ᠵᠠᠭᠠᠯᠳᠤᠭᠳᠠᠭᠴᠢ ᠶ᠋ᠢᠨ ᠨᠤᠲᠤᠭ ᠬᠣᠪᠧᠶ ᠮᠣᠵᠢ ᠶ᠋ᠢᠨ ᠷᠧᠨ ᠴᠢᠦ ᠬᠣᠲᠠ ᠶ᠋ᠢᠨ ᠯᠢᠶᠠᠩ ᠵᠣᠣ ᠪᠠᠯᠭᠠᠰᠤ ᠳ᠋ᠤ᠌ ᠬᠦᠷᠴᠦ ᠡᠳ᠋ ᠬᠥᠷᠥᠩᠭᠡ ᠶ᠋ᠢ ᠪᠠᠢᠴᠠᠭᠠᠨ ᠯᠠᠪᠯᠠᠬᠤ ᠪᠠ ᠡᠷᠡᠭᠦᠦ ᠶ᠋ᠢᠨ ᠬᠡᠷᠡᠭ ᠦ᠋ᠨ ᠲᠤᠬᠠᠢ ᠶ᠋ᠢᠨ ᠲᠠᠯᠠᠪᠠᠢ ᠶ᠋ᠢᠨ ᠪᠠᠢᠴᠠᠭᠠᠯᠲᠠ ᠬᠢᠪᠡ ᠃ ᠵᠠᠭᠠᠯᠳᠤᠭᠳᠠᠭᠴᠢ ᠰᠦ᠍ ᠣᠪᠣᠭᠲᠤ ᠶ᠋ᠢᠨ ᠂ ᠯᠢ ᠣᠪᠣᠭᠲᠤ ᠶ᠋ᠢᠨ ᠭᠡᠷ ᠪᠦᠯᠢ ᠶ᠋ᠢᠨ ᠬᠢᠨ ᠢ᠋ ᠡᠷᠢᠵᠦ ᠣᠯᠤᠭᠰᠠᠨ ᠤ᠋ ᠳᠠᠷᠠᠭ᠎ᠠ ᠲᠡᠳᠡᠨ ᠲᠡᠢ ᠲᠤᠬᠠᠢ ᠶ᠋ᠢᠨ ᠲᠠᠯᠠᠪᠠᠢ ᠳ᠋ᠤ᠌ ᠪᠣᠯᠵᠣᠭ᠎ᠠ ᠬᠢᠵᠦ ᠲᠣᠷᠭᠠᠭᠤᠯᠢ ᠶ᠋ᠢᠨ ᠮᠥᠩᠭᠥ ᠲᠤᠰᠢᠶᠠᠬᠤ ᠴᠢᠬᠤᠯᠠ ᠴᠢᠨᠠᠷ ᠢ᠋ ᠴᠢᠬᠤᠯᠠᠴᠢᠯᠠᠭᠰᠠᠨ ᠪᠠᠢᠨ᠎ᠠ ᠃ ᠬᠠᠯᠠᠰᠢᠷᠠᠯ ᠦᠭᠡᠢ ᠲᠠᠢᠯᠪᠤᠷᠢᠯᠠᠯᠲᠠ ᠬᠢᠭᠰᠡᠨ ᠦ᠌ ᠦᠷ᠎ᠡ ᠳ᠋ᠦᠩ ᠳ᠋ᠦ᠍ ᠭᠡᠷ ᠪᠦᠯᠢ ᠶ᠋ᠢᠨ ᠬᠢᠨ ᠲᠣᠷᠭᠠᠭᠤᠯᠢ ᠶ᠋ᠢᠨ ᠮᠥᠩᠭᠥ ᠵᠢᠴᠢ ᠬᠠᠤᠯᠢ ᠪᠤᠰᠤ ᠣᠷᠣᠯᠭ᠎ᠠ ᠶ᠋ᠢ ᠰᠠᠢᠨ ᠳᠤᠷ᠎ᠠ ᠠ᠋ᠴᠠ ᠪᠠᠨ ᠣᠷᠣᠯᠠᠨ ᠲᠤᠰᠢᠶᠠᠭᠰᠠᠨ ᠬᠡᠷᠡᠭ ᠢ᠋ ᠤᠷᠤᠭᠰᠢᠲᠠᠢ ᠭᠦᠢᠴᠡᠳᠬᠡᠨ ᠳᠠᠭᠤᠰᠬᠠᠪᠠ ᠃
ᠡᠨᠡ ᠵᠢᠯ ᠡᠴᠡ ᠨᠡᠰᠢ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠲᠣᠪᠴᠢᠶ᠎ᠠ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠵᠣᠷᠢᠯᠲᠠ ᠶ᠋ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ ᠂ ᠠᠵᠢᠯ ᠤ᠋ᠨ ᠪᠣᠳᠠᠲᠠᠢ ᠪᠠᠢᠳᠠᠯ ᠲᠠᠢ ᠪᠠᠨ ᠤᠶᠠᠯᠳᠤᠭᠤᠯᠵᠤ ᠂ ᠦᠨᠳᠦᠰᠦᠨ ᠱᠠᠲᠤᠨ ᠳ᠋ᠤ᠌ ᠭᠦᠨᠵᠡᠭᠡᠢᠷᠡᠨ ᠵᠥᠷᠢᠴᠡᠯ ᠢ᠋ ᠰᠢᠢᠳᠪᠦᠷᠢᠯᠡᠵᠦ ᠂ ᠠᠷᠠᠳ ᠣᠯᠠᠨ ᠳ᠋ᠤ᠌ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠪᠣᠳᠠᠲᠤ ᠦᠷ᠎ᠡ ᠪᠦᠲᠦᠮᠵᠢ ᠶ᠋ᠢ ᠦᠨᠡᠡᠬᠦ ᠮᠡᠳᠡᠷᠡᠭᠦᠯᠦᠨ᠎ᠡ ᠃
ᠦᠨᠡᠯᠡᠬᠦ 0ᠦᠨᠡᠯᠡᠯᠲᠡ᠎ᠲᠠᠢ