ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠤ᠋ ᠰᠢᠭᠦᠭᠴᠢ ᠣᠯᠠᠨ ᠤᠳᠠᠭ᠎ᠠ ᠡᠶᠡᠳᠡᠭᠦᠯᠦᠭᠰᠡᠭᠡᠷ ᠠᠷᠪᠠᠨ ᠵᠢᠯ ᠨᠡᠭᠦᠳᠡᠯ ᠨᠥᠬᠥᠪᠥᠷᠢ ᠪᠡᠨ ᠡᠴᠦᠰᠯᠡᠭᠦᠯᠦᠭᠰᠡᠨ
2021.07.19 ᠲᠣᠰ ᠥᠷᠲᠡᠭᠡᠨ ᠦ ᠨᠠᠢᠷᠠᠭᠤᠯᠤᠭᠴᠢ

     《ᠡᠳᠦᠢ ᠵᠢᠯ ᠬᠦᠯᠢᠶᠡᠭᠡᠳ ᠡᠴᠦᠰ ᠲᠡᠭᠡᠨ ᠵᠣᠭᠤᠰ ᠢᠶᠠᠨ ᠣᠯᠤᠯ᠎ᠠ︕ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠤ᠋ ᠰᠢᠭᠦᠭᠴᠢ ᠳ᠋ᠦ᠍ ᠲᠠᠯᠠᠷᠬᠠᠶ᠎ᠠ︕ ᠲᠠ ᠨᠠᠷ ᠪᠣᠯ ᠦᠨᠡᠨᠬᠦ ᠠᠷᠠᠳ ᠤᠨ ᠲᠥᠯᠦᠭᠡ ᠬᠡᠷᠡᠭ ᠰᠢᠢᠳᠪᠦᠷᠢᠯᠡᠭᠴᠢ ᠮᠥᠨ︕》

     ᠣᠢᠷ᠎ᠠ ᠳ᠋ᠤ᠌ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠤ᠋ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠪᠦᠯᠬᠦᠮ ᠲᠤᠬᠠᠢ ᠶ᠋ᠢᠨ ᠬᠥᠮᠦᠨ ᠵᠠᠩ ᠣᠪᠣᠭᠲᠤ ᠂ ᠯᠢ ᠣᠪᠣᠭᠲᠤ ᠵᠡᠷᠭᠡ ᠬᠥᠮᠦᠰ ᠦ᠋ᠨ ᠬᠦᠷᠭᠡᠵᠦ ᠢᠷᠡᠭᠰᠡᠨ ᠬᠡᠮᠡᠷᠯᠢᠭ ᠲᠤᠭ ᠪᠣᠯᠤᠨ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠤ᠋ ᠰᠢᠭᠦᠭᠴᠢ ᠶ᠋ᠢᠨ ᠣᠯᠠᠨ ᠤᠳᠠᠭ᠎ᠠ ᠨᠡᠰᠢ ᠴᠠᠰᠢ ᠶᠠᠪᠤᠭᠰᠠᠨ ᠳ᠋ᠤ᠌ ᠲᠠᠯᠠᠷᠬᠠᠨ ᠡᠴᠦᠰ ᠲᠡᠭᠡᠨ ᠲᠡᠳᠡᠨ ᠢ᠋ ᠬᠠᠪᠰᠤᠷᠤᠨ ᠠᠷᠪᠠᠨ ᠵᠢᠯ ᠦᠷᠭᠦᠯᠵᠢᠯᠡᠭᠰᠡᠨ ᠲᠥᠪᠬᠢᠨᠡᠭᠦᠯᠬᠦ ᠨᠥᠬᠥᠪᠥᠷᠢ ᠵᠣᠭᠣᠰ ᠢ᠋ ᠲᠠᠰᠤᠯᠤᠨ ᠪᠣᠳᠣᠬᠤ ᠠᠰᠠᠭᠤᠳᠠᠯ ᠢ᠋ ᠨᠢ ᠰᠢᠢᠳᠪᠦᠷᠢᠯᠡᠵᠦ ᠥᠭᠴᠡᠢ ᠃

 

     2011 ᠣᠨ ᠳ᠋ᠤ᠌ ᠶᠠᠮᠠᠷ ᠨᠢᠭᠡᠨ ᠪᠠᠯᠭᠠᠰᠤᠨ ᠤ᠋ ᠵᠠᠰᠠᠭ ᠤ᠋ᠨ ᠣᠷᠳᠣᠨ ᠨᠢ ᠲᠤᠬᠠᠢ ᠶ᠋ᠢᠨ ᠬᠥᠮᠦᠨ ᠵᠠᠩ ᠣᠪᠣᠭᠲᠤ᠂ ᠯᠢ ᠣᠪᠣᠭᠲᠤ ᠵᠡᠷᠭᠡ ᠲᠠᠪᠤᠨ ᠬᠥᠮᠦᠨ ᠲᠡᠢ 《ᠲᠠᠲᠠᠪᠤᠷᠢᠯᠠᠬᠤ ᠲᠥᠪᠬᠢᠨᠡᠭᠦᠯᠬᠦ ᠨᠥᠬᠥᠪᠥᠷᠢ ᠶ᠋ᠢᠨ ᠭᠡᠷ᠎ᠡ》 ᠳ᠋ᠦ᠍ ᠭᠠᠷ ᠤ᠋ᠨ ᠦᠰᠦᠭ ᠵᠢᠷᠤᠵᠤ᠂ ᠲᠤᠬᠠᠢ ᠶ᠋ᠢᠨ ᠬᠥᠮᠦᠨ ᠦ᠌ ᠭᠡᠷ ᠪᠠᠢᠰᠢᠩ ᠤ᠋ᠨ ᠲᠠᠯᠠᠪᠠᠢ ᠶ᠋ᠢ ᠦᠨᠳᠦᠰᠦᠯᠡᠨ ᠭᠡᠷ ᠪᠠᠢᠰᠢᠩ ᠰᠣᠯᠢᠬᠤ ᠶ᠋ᠢᠨ ᠵᠡᠷᠭᠡᠪᠡᠷ ᠲᠦᠷ ᠴᠠᠭ ᠤ᠋ᠨ ᠲᠥᠪᠬᠢᠨᠡᠭᠦᠯᠬᠦ ᠰᠦᠢᠳᠬᠡᠯ ᠦᠭᠭᠦᠭᠰᠡᠨ ᠪᠠᠢᠨ᠎ᠠ᠃ ᠰᠡᠭᠦᠯᠡᠷ ᠨᠢ ᠣᠷᠣᠨ ᠨᠤᠲᠤᠭ ᠤ᠋ᠨ ᠠᠵᠤ ᠠᠬᠤᠢ ᠮᠠᠭᠤᠳᠠᠵᠤ᠂ ᠡᠳ᠋ ᠦ᠋ᠨ ᠵᠠᠰᠠᠭ ᠬᠦᠴᠢᠷᠳᠡᠯ ᠲᠡᠢ ᠪᠣᠯᠤᠭᠰᠠᠨ ᠵᠡᠷᠭᠡ ᠰᠢᠯᠲᠠᠭᠠᠨ ᠡᠴᠡ ᠪᠣᠯᠵᠤ ᠲᠤᠰ ᠪᠠᠯᠭᠠᠰᠤᠨ ᠤ᠋ ᠵᠠᠰᠠᠭ ᠤ᠋ᠨ ᠣᠷᠳᠣᠨ ᠪᠣᠯᠵᠣᠭ᠎ᠠ ᠶᠣᠰᠣᠭᠠᠷ ᠵᠠᠩ ᠣᠪᠣᠭᠲᠤ ᠵᠡᠷᠭᠡ ᠬᠥᠮᠦᠰ ᠲᠦ᠍ ᠲᠥᠪᠬᠢᠨᠡᠭᠦᠯᠬᠦ ᠰᠦᠢᠳᠬᠡᠯ ᠲᠤᠰᠢᠶᠠᠵᠤ ᠥᠭᠭᠦᠭᠰᠡᠨ ᠦᠭᠡᠢ᠃ ᠣᠯᠠᠨ ᠤᠳᠠᠭ᠎ᠠ ᠵᠥᠪᠯᠡᠭᠡᠳ ᠡᠰᠡ ᠪᠣᠯᠤᠭᠰᠠᠨ ᠵᠠᠩ ᠣᠪᠣᠭᠲᠤ ᠵᠡᠷᠭᠡ ᠬᠥᠮᠦᠰ ᠦ᠋ᠨ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠳ᠋ᠤ᠌ ᠵᠠᠭᠠᠯᠳᠤᠵᠠᠢ ᠃

     ᠰᠢᠳᠭᠡᠭᠴᠢ ᠰᠢᠭᠦᠭᠴᠢ ᠬᠡᠷᠡᠭ ᠢ᠋ ᠬᠦᠯᠢᠶᠡᠨ ᠠᠪᠤᠭᠰᠠᠨ ᠤ᠋ ᠳᠠᠷᠠᠭ᠎ᠠ ᠲᠡᠷᠡ ᠬᠡᠷᠡᠭ ᠦ᠋ᠨ ᠪᠠᠢᠳᠠᠯ ᠢ᠋ ᠲᠡᠷᠡ ᠳᠣᠣᠷ᠎ᠠ ᠨᠢ ᠨᠠᠷᠢᠨ ᠣᠢᠯᠠᠭᠠᠵᠤ ᠵᠠᠭᠠᠯᠳᠤᠭᠴᠢ ᠯᠤᠭ᠎ᠠ ᠶᠠᠷᠢᠯᠴᠠᠪᠠ ᠃ ᠲᠥᠪᠬᠢᠨᠡᠭᠦᠯᠬᠦ ᠭᠡᠷ ᠪᠠᠢᠰᠢᠩ ᠤ᠋ᠨ ᠪᠣᠳᠠᠲᠤ ᠪᠠᠢᠳᠠᠯ ᠢ᠋ ᠡᠵᠡᠮᠰᠢᠬᠦ ᠶ᠋ᠢᠨ ᠲᠥᠯᠥᠭᠡ ᠵᠥᠷᠢᠴᠡᠯ ᠵᠢᠭᠤᠷᠠᠭᠠᠨ ᠢ᠋ ᠰᠢᠢᠳᠪᠦᠷᠢᠯᠡᠬᠦ ᠰᠢᠭᠦᠭᠴᠢ ᠲᠤᠰ ᠪᠠᠯᠭᠠᠰᠤᠨ ᠳ᠋ᠤ᠌ ᠬᠦᠷᠴᠦ ᠲᠣᠭᠣᠷᠢᠨ ᠰᠢᠭᠦᠯᠲᠡ ᠡᠬᠢᠯᠡᠭᠦᠯᠦᠨ ᠰᠢᠭᠦᠨ ᠲᠠᠰᠤᠯᠵᠠᠢ ᠃ ᠰᠢᠭᠦᠯᠲᠡ ᠶ᠋ᠢᠨ ᠳᠠᠷᠠᠭ᠎ᠠ ᠵᠠᠰᠠᠭ ᠵᠠᠬᠢᠷᠭᠠᠨ ᠤ᠋ ᠮᠠᠷᠭᠤᠯᠳᠤᠭᠠᠨ ᠢ᠋ ᠪᠣᠳᠠᠲᠠᠢ ᠪᠠᠷ ᠰᠢᠢᠳᠪᠦᠷᠢᠯᠡᠬᠦ ᠶ᠋ᠢᠨ ᠲᠥᠯᠥᠭᠡ ᠰᠢᠭᠦᠭᠴᠢ ᠲᠤᠰ ᠪᠠᠯᠭᠠᠰᠤᠨ ᠳ᠋ᠤ᠌ ᠳᠠᠬᠢᠨᠲᠠ ᠢᠷᠡᠵᠦ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠲᠡᠢ ᠬᠠᠷᠢᠯᠴᠠᠵᠤ ᠡᠶᠡᠳᠡᠭᠦᠯᠬᠦ ᠶ᠋ᠢ ᠠᠬᠢᠭᠤᠯᠵᠠᠢ ᠃ ᠭᠡᠲᠡᠯ᠎ᠡ ᠡᠶᠡᠳᠡᠭᠦᠯᠭᠡ ᠶ᠋ᠢᠨ ᠰᠠᠨᠠᠭ᠎ᠠ ᠶ᠋ᠢ ᠪᠣᠳᠠᠲᠠᠢ ᠭᠦᠢᠴᠡᠳᠬᠡᠬᠦ ᠶᠠᠪᠤᠴᠠ ᠳᠤᠮᠳᠠ ᠬᠣᠶᠠᠷ ᠲᠠᠯ᠎ᠠ ᠪᠠᠷ ᠢ᠋ᠶ᠋ᠠᠨ ᠡᠯ᠎ᠡ ᠵᠦᠢᠯ ᠦ᠋ᠨ ᠰᠢᠯᠲᠠᠭᠠᠨ ᠠ᠋ᠴᠠ ᠪᠣᠯᠵᠤ ᠭᠦᠢᠴᠡᠳᠬᠡᠬᠦ ᠳ᠋ᠦ᠍ ᠪᠡᠷᠬᠡ ᠲᠠᠢ ᠪᠣᠯᠳᠠᠭ᠃ ᠭᠦᠢᠴᠡᠳᠬᠡᠭᠴᠢ ᠲᠤᠰᠢᠶᠠᠯᠲᠠᠨ ᠪᠠᠢᠳᠠᠯ ᠢ᠋ ᠮᠡᠳᠡᠭᠰᠡᠨ ᠦ᠌ ᠳᠠᠷᠠᠭ᠎ᠠ ᠭᠤᠷᠪᠠᠳᠤᠭᠠᠷ ᠤᠳᠠᠭ᠎ᠠ ᠲᠤᠰ ᠪᠠᠯᠭᠠᠰᠤᠨ ᠳ᠋ᠤ᠌ ᠢᠷᠡᠵᠦ ᠂ ᠵᠠᠭᠠᠯᠳᠤᠭᠴᠢ ᠶ᠋ᠢ ᠬᠠᠪᠰᠤᠷᠤᠨ ᠣᠷᠣᠨ ᠰᠠᠭᠤᠴᠠ ᠶ᠋ᠢ ᠰᠣᠯᠢᠬᠤ ᠪᠠ ᠲᠥᠪᠬᠢᠨᠡᠭᠦᠯᠬᠦ ᠰᠦᠢᠳᠬᠡᠯ ᠢ᠋ ᠲᠠᠰᠤᠯᠤᠨ ᠪᠣᠳᠣᠬᠤ ᠠᠰᠠᠭᠤᠳᠠᠯ ᠢ᠋ ᠨᠠᠢᠳᠠᠪᠤᠷᠢᠵᠢᠭᠤᠯᠤᠭᠰᠠᠨ ᠪᠠᠢᠨ᠎ᠠ ᠃ ᠵᠠᠩ ᠣᠪᠣᠭᠲᠤ ᠵᠡᠷᠭᠡ 5 ᠬᠥᠮᠦᠨ ᠲᠥᠪᠬᠢᠨᠡᠭᠦᠯᠬᠦ ᠨᠥᠬᠥᠪᠥᠷᠢ ᠮᠥᠩᠭᠥ ᠪᠡᠨ ᠨᠡᠢᠲᠡ 400 ᠭᠠᠷᠤᠢ ᠲᠦᠮᠡᠨ ᠲᠥᠭᠥᠷᠢᠭ ᠣᠯᠵᠤ ᠂ 5 ᠢᠵᠢ ᠲᠥᠪᠬᠢᠨᠡᠭᠦᠯᠬᠦ ᠣᠷᠣᠨ ᠰᠠᠭᠤᠴᠠ ᠶ᠋ᠢᠨ ᠰᠣᠯᠢᠬᠤ ᠠᠵᠢᠯ ᠢ᠋ ᠨᠠᠢᠳᠠᠪᠤᠷᠢᠵᠢᠭᠤᠯᠪᠠ ᠃ ᠡᠭᠦᠨ ᠡᠴᠡ ᠠᠪᠤᠭᠠᠳ ᠠᠷᠪᠠᠨ ᠵᠢᠯ ᠦᠷᠭᠦᠯᠵᠢᠯᠡᠭᠰᠡᠨ ᠤᠯᠤᠰ ᠲᠥᠷᠥ ᠶ᠋ᠢᠨ ᠵᠥᠪᠯᠡᠯᠭᠡᠨ ᠦ᠌ ᠵᠢᠭᠤᠷᠠᠯᠳᠤᠭᠠᠨ ᠢ᠋ ᠤᠷᠤᠭᠰᠢᠲᠠᠢ ᠠᠷᠢᠯᠭᠠᠪᠠ ᠃

     ᠣᠢᠷ᠎ᠠ ᠶ᠋ᠢᠨ ᠵᠢᠯ ᠳ᠋ᠦ᠍ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠠᠷᠠᠳ ᠤ᠋ᠨ ᠲᠥᠯᠥᠭᠡ ᠬᠠᠤᠯᠢ ᠪᠠᠷᠢᠬᠤ ᠵᠣᠷᠢᠯᠲᠠ ᠶ᠋ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ ᠰᠢᠭᠦᠨ ᠲᠠᠰᠤᠯᠬᠤ ᠠᠵᠢᠯ ᠤ᠋ᠨ ᠪᠣᠳᠠᠲᠠᠢ ᠪᠠᠢᠳᠠᠯ ᠲᠠᠢ ᠪᠠᠨ ᠨᠢᠭᠲᠠ ᠤᠶᠠᠯᠳᠤᠭᠤᠯᠵᠤ ᠂ 《 ᠮᠠ ᠱ᠋ᠢ ᠦ᠋ ᠶ᠋ᠢᠨ ᠰᠢᠭᠦᠨ ᠲᠠᠰᠤᠯᠬᠤ ᠠᠷᠭ᠎ᠠ ᠮᠠᠶᠢᠭ》  ᠢ᠋ ᠢᠳᠡᠪᠬᠢᠲᠡᠢ ᠰᠤᠷᠤᠯᠴᠠᠨ ᠪᠠᠳᠠᠷᠠᠭᠤᠯᠵᠤ ᠂ ᠠᠷᠠᠳ ᠤ᠋ᠨ ᠲᠥᠯᠥᠭᠡ ᠂ ᠠᠷᠠᠳ ᠲᠤ᠌ ᠠᠰᠢᠭᠲᠠᠢ ᠂ ᠠᠷᠠᠳ ᠲᠤ᠌ ᠳᠥᠭᠥᠮ ᠦᠵᠡᠭᠦᠯᠬᠦ ᠵᠠᠷᠴᠢᠮ ᠢ᠋ᠶ᠋ᠠᠷ ᠦᠨᠳᠦᠰᠦᠨ ᠱᠠᠲᠤᠨ ᠳ᠋ᠤ᠌ ᠭᠦᠨᠵᠡᠭᠡᠢᠷᠡᠨ ᠵᠥᠷᠢᠴᠡᠯ ᠵᠢᠭᠤᠷᠠᠯᠳᠤᠭᠠᠨ ᠢ᠋ ᠬᠠᠤᠯᠢ ᠴᠠᠭᠠᠵᠠ ᠪᠠᠷ ᠠᠷᠠᠳ ᠤ᠋ᠨ ᠲᠥᠯᠥᠭᠡ ᠂ ᠲᠥᠪ ᠭᠣᠣᠯᠴᠢ ᠪᠠᠷ ᠬᠠᠤᠯᠢ ᠪᠠᠷᠢᠬᠤ ᠪᠣᠳᠠᠲᠠᠢ ᠦᠢᠯᠡ ᠠᠵᠢᠯᠯᠠᠭ᠎ᠠ ᠪᠠᠷ ᠠᠷᠠᠳ ᠣᠯᠠᠨ ᠳ᠋ᠤ᠌ ᠦᠨᠡᠨ ᠪᠣᠳᠠᠲᠠᠢ ᠲᠥᠷᠥᠭᠳᠡᠯ ᠥᠭᠴᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )