ᠠᠷᠠᠳ ᠤ᠋ᠨ ᠲᠥᠯᠥᠭᠡ ᠬᠠᠤᠯᠢ ᠪᠠᠷᠢᠬᠤ ᠵᠣᠷᠢᠯᠲᠠ ᠶ᠋ᠢ ᠦᠢᠯᠡᠳᠦᠯᠭᠡᠵᠢᠭᠦᠯᠬᠦ ᠶ᠋ᠢᠨ ᠲᠥᠯᠥᠭᠡ ᠠᠷᠠᠳ ᠣᠯᠠᠨ ᠤ᠋ ᠬᠠᠤᠯᠢ ᠴᠠᠭᠠᠵᠠ ᠶ᠋ᠢᠨ ᠱᠠᠭᠠᠷᠳᠠᠯᠭ᠎ᠠ ᠳ᠋ᠤ᠌ ᠢᠳᠡᠪᠬᠢᠲᠡᠢ ᠬᠠᠷᠢᠭᠤᠯᠲᠠ ᠥᠭᠪᠡ᠃ ᠣᠢᠷ᠎ᠠ ᠶ᠋ᠢᠨ ᠡᠳᠦᠷ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠪᠠᠳᠤᠭᠠᠷ ᠨᠠᠮ ᠤ᠋ᠨ ᠡᠭᠦᠷ ᠦ᠋ᠨ ᠨᠠᠮ ᠤ᠋ᠨ ᠭᠡᠰᠢᠭᠦᠨ ᠺᠠᠲᠠᠷ ᠴᠠᠭᠳᠠᠭ᠎ᠠ ᠨᠡᠢᠭᠡᠮ ᠲᠣᠭᠣᠷᠢᠭ ᠲᠤ᠌ ᠬᠦᠷᠴᠦ ᠨᠡᠢᠭᠡᠮ ᠲᠣᠭᠣᠷᠢᠭ ᠤ᠋ᠨ ᠰᠠᠭᠤᠭᠠᠯᠢ ᠠᠷᠠᠳ ᠤ᠋ᠨ ᠬᠠᠤᠯᠢ ᠴᠠᠭᠠᠵᠠ ᠶ᠋ᠢᠨ ᠠᠰᠠᠭᠤᠳᠠᠯ ᠳ᠋ᠤ᠌ ᠲᠠᠢᠯᠪᠤᠷᠢ ᠬᠢᠬᠦ ᠳ᠋ᠦ᠍ ᠬᠠᠤᠯᠢ ᠲᠦᠭᠡᠮᠡᠯᠵᠢᠭᠦᠯᠬᠦ ᠨᠢᠭᠡᠨ ᠠᠮᠢᠳᠤᠯᠢᠭ ᠬᠢᠴᠢᠶᠡᠯ ᠢ᠋ ᠠᠪᠴᠢᠷᠠᠭᠰᠠᠨ ᠪᠠᠢᠨ᠎ᠠ ᠃
ᠠᠵᠢᠯᠯᠠᠭ᠎ᠠ ᠶ᠋ᠢᠨ ᠳᠤᠮᠳᠠ ᠂ ᠡᠭᠦᠷ ᠦ᠋ᠨ ᠨᠠᠮ ᠤ᠋ᠨ ᠭᠡᠰᠢᠭᠦᠨ ᠣᠯᠠᠨ ᠲᠦᠮᠡᠨ ᠦ᠌ ᠳᠤᠷᠠᠳᠤᠭᠰᠠᠨ ᠬᠠᠤᠯᠢ ᠴᠠᠭᠠᠵᠠ ᠶ᠋ᠢᠨ ᠠᠰᠠᠭᠤᠳᠠᠯ ᠢ᠋ ᠪᠣᠳᠠᠲᠠᠢ ᠬᠡᠷᠡᠭ ᠦ᠋ᠨ ᠵᠢᠱ᠌ᠢᠶ᠎ᠡ ᠲᠡᠢ ᠤᠶᠠᠯᠳᠤᠭᠤᠯᠤᠨ ᠂ ᠪᠣᠳᠠᠲᠤ ᠴᠣᠭᠴᠠ ᠶ᠋ᠢᠨ ᠬᠠᠤᠯᠢ ᠴᠠᠭᠠᠵᠠ ᠶ᠋ᠢᠨ ᠬᠠᠷᠢᠴᠠᠭ᠎ᠠ ᠂ ᠵᠠᠷᠭᠤ ᠶ᠋ᠢᠨ ᠠᠯᠬᠤᠮ ᠳᠠᠷᠠᠭ᠎ᠠ ᠳᠦᠷᠢᠮᠵᠢᠬᠦ ᠂ ᠡᠳᠦᠷ ᠳᠣᠳᠣᠮ ᠤ᠋ᠨ ᠵᠦᠢ ᠶᠣᠰᠣᠨ ᠤ᠋ ᠯᠣᠭᠢᠭ ᠵᠡᠷᠭᠡ ᠣᠯᠠᠨ ᠲᠠᠯ᠎ᠠ ᠪᠠᠷ ᠭᠦᠨᠵᠡᠭᠡᠢ ᠵᠠᠳᠠᠯᠤᠯᠲᠠ ᠬᠢᠵᠦ ᠨᠠᠷᠢᠨ ᠲᠠᠢᠯᠪᠤᠷᠢᠯᠠᠯᠲᠠ ᠬᠢᠪᠡ ᠃ ᠡᠳᠦᠷ ᠳᠣᠳᠣᠮ ᠤ᠋ᠨ ᠠᠮᠢᠳᠤᠷᠠᠯ ᠳ᠋ᠤ᠌ ᠲᠣᠬᠢᠶᠠᠯᠳᠤᠭᠰᠠᠨ ᠠᠳᠠᠯ ᠠᠬᠤᠢ ᠶ᠋ᠢᠨ ᠰᠦᠢᠳᠬᠡᠯ ᠲᠤᠰᠢᠶᠠᠬᠤ ᠵᠡᠷᠭᠡ ᠬᠠᠯᠠᠮᠰᠢᠯ ᠪᠠ ᠲᠦᠪᠡᠭᠲᠡᠢ ᠠᠰᠠᠭᠤᠳᠠᠯ ᠤ᠋ᠨ ᠲᠤᠬᠠᠢ ᠡᠮᠬᠢᠯᠡᠨ ᠵᠠᠳᠠᠯᠤᠯᠲᠠ ᠬᠢᠭᠰᠡᠨ ᠪᠥᠭᠡᠳ ᠰᠠᠨᠠᠯ ᠰᠠᠨᠠᠭᠤᠯᠭ᠎ᠠ ᠳᠤᠷᠠᠳᠤᠭᠰᠠᠨ ᠪᠠᠢᠨ᠎ᠠ ᠃ ᠣᠨᠴᠠ ᠵᠠᠷᠢᠮ ᠣᠯᠠᠨ ᠲᠦᠮᠡᠨ ᠦ᠌ ᠬᠣᠯᠪᠣᠭᠳᠠᠯ ᠪᠥᠬᠥᠢ ᠬᠠᠤᠯᠢ ᠴᠠᠭᠠᠵᠠ ᠶ᠋ᠢᠨ ᠮᠡᠳᠡᠯᠭᠡ ᠶ᠋ᠢ ᠣᠢᠯᠠᠭᠠᠬᠤ ᠦᠭᠡᠢ ᠡᠴᠡ ᠪᠣᠯᠵᠤ ᠰᠢᠭᠦᠬᠦ ᠬᠣᠷᠢᠶᠠᠨ ᠤ᠋ ᠠᠵᠢᠯ ᠂ ᠬᠠᠤᠯᠢ ᠶ᠋ᠢᠨ ᠲᠤᠰᠢᠶᠠᠯᠲᠠᠨ ᠤ᠋ ᠬᠡᠷᠡᠭ ᠰᠢᠢᠳᠪᠦᠷᠢᠯᠡᠬᠦ ᠡᠴᠡ ᠪᠣᠯᠤᠭᠰᠠᠨ ᠰᠡᠵᠢᠭ ᠲᠦ᠍ ᠪᠣᠳᠠᠲᠠᠢ ᠲᠣᠳᠣᠷᠬᠠᠢ ᠲᠠᠢᠯᠪᠤᠷᠢᠯᠠᠯᠲᠠ ᠬᠢᠪᠡ ᠃
ᠲᠤᠰ ᠤᠳᠠᠭᠠᠨ ᠤ᠋ ᠨᠡᠢᠭᠡᠮ ᠲᠣᠭᠣᠷᠢᠭ ᠲᠤ᠌ ᠬᠦᠷᠭᠡᠬᠦ ᠠᠵᠢᠯᠯᠠᠭ᠎ᠠ ᠨᠢ ᠠᠮᠢᠳᠤᠯᠢᠭ ᠠᠷᠭ᠎ᠠ ᠬᠡᠯᠪᠡᠷᠢ ᠪᠡᠷ ᠬᠠᠤᠯᠢ ᠴᠠᠭᠠᠵᠠ ᠶ᠋ᠢᠨ ᠮᠡᠳᠡᠯᠭᠡ ᠶ᠋ᠢ ᠠᠷᠠᠳ ᠣᠯᠠᠨ ᠤ᠋ ᠬᠠᠵᠠᠭᠤ ᠳ᠋ᠤ᠌ ᠠᠪᠠᠴᠢᠵᠤ ᠨᠡᠢᠭᠡᠮ ᠲᠣᠭᠣᠷᠢᠭ ᠤ᠋ᠨ ᠰᠠᠭᠤᠭᠠᠯᠢ ᠠᠷᠠᠳ ᠤ᠋ᠨ ᠮᠠᠭᠲᠠᠭᠠᠯ ᠰᠠᠢᠰᠢᠶᠠᠯ ᠢ᠋ ᠣᠯᠵᠠᠢ ᠃
ᠲᠤᠰ ᠤᠳᠠᠭᠠᠨ ᠤ᠋ ᠠᠵᠢᠯᠯᠠᠭ᠎ᠠ ᠳ᠋ᠤ᠌ ᠣᠷᠣᠯᠴᠠᠭᠰᠠᠨ ᠨᠠᠮ ᠤ᠋ᠨ ᠭᠡᠰᠢᠭᠦᠨ ᠺᠠᠲᠠᠷ ᠴᠠᠭᠳᠠᠭ᠎ᠠ ᠠᠷᠠᠳ ᠣᠯᠠᠨ ᠲᠠᠢ ᠨᠢᠭᠤᠷᠳᠠᠨ ᠶᠠᠷᠢᠯᠴᠠᠬᠤ ᠪᠠᠷ ᠳᠠᠮᠵᠢᠭᠤᠯᠵᠤ ᠠᠷᠠᠳ ᠣᠯᠠᠨ ᠪᠣᠯᠤᠨ ᠰᠢᠭᠦᠬᠦ ᠬᠣᠷᠢᠶᠠᠨ ᠤ᠋ ᠠᠵᠢᠯ ᠤ᠋ᠨ ᠲᠤᠬᠠᠢ ᠠᠷᠠᠳ ᠣᠯᠠᠨ ᠤ᠋ ᠬᠦᠰᠡᠯ ᠡᠷᠡᠮᠡᠯᠵᠡᠯ ᠢ᠋ ᠲᠡᠦᠬᠡ ᠪᠠ ᠬᠦᠰᠡᠯ ᠡᠷᠡᠮᠡᠯᠵᠡᠯ ᠢ᠋ ᠬᠤᠪᠢ ᠳᠠᠬᠢᠨ ᠳᠠᠪᠲᠠᠨ ᠣᠢᠯᠠᠭᠠᠵᠤ ᠮᠡᠳᠡᠵᠡᠢ ᠃ ᠬᠣᠢᠰᠢᠳᠠ ᠶ᠋ᠢᠨ ᠠᠵᠢᠯ ᠳᠤᠮᠳᠠ ᠨᠠᠮ ᠤ᠋ᠨ ᠭᠡᠰᠢᠭᠦᠳ ᠥᠪᠡᠷ ᠦ᠋ᠨ ᠠᠵᠢᠯ ᠢ᠋ᠶ᠋ᠠᠨ ᠤᠯᠠᠮ ᠰᠠᠢᠨ ᠬᠢᠵᠦ ᠂ ᠥᠪᠡᠷ ᠦ᠋ᠨ ᠠᠵᠢᠯ ᠤ᠋ᠨ ᠪᠠᠢᠷᠢ ᠳᠡᠭᠡᠷ᠎ᠡ ᠪᠡᠨ ᠰᠢᠨ᠎ᠡ ᠴᠠᠭ ᠦᠶ᠎ᠡ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠺᠠᠲᠠᠷ ᠴᠠᠭᠳᠠᠭ᠎ᠠ ᠶ᠋ᠢᠨ ᠰᠠᠢᠨ ᠰᠠᠢᠬᠠᠨ ᠳᠦᠷᠢ ᠲᠦᠷᠬᠦ ᠪᠡᠨ ᠨᠡᠩ ᠰᠠᠢᠨ ᠢᠯᠡᠷᠡᠭᠦᠯᠵᠦ ᠂ ᠠᠷᠠᠳ ᠣᠯᠠᠨ ᠤ᠋ ᠬᠠᠤᠯᠢ ᠴᠠᠭᠠᠵᠠ ᠶ᠋ᠢᠨ ᠠᠵᠢᠯ ᠳ᠋ᠤ᠌ ᠲᠠᠯᠪᠢᠵᠤ ᠪᠠᠢᠭ᠎ᠠ ᠬᠦᠰᠡᠯ ᠱᠠᠭᠠᠷᠳᠠᠯᠭ᠎ᠠ ᠶ᠋ᠢ ᠨᠡᠩ ᠰᠠᠢᠨ ᠬᠠᠩᠭᠠᠨ᠎ᠠ ᠃
ᠦᠨᠡᠯᠡᠬᠦ 0ᠦᠨᠡᠯᠡᠯᠲᠡ ᠲᠠᠢ