ᠣᠢᠷ᠎ᠠ ᠶ᠋ᠢᠨ ᠡᠳᠦᠷ ᠂ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠰᠤᠪᠤᠷᠭ᠎ᠠ ᠭᠠᠴᠠᠭ᠎ᠠ ᠶ᠋ᠢᠨ ᠠᠷᠠᠳ ᠤ᠋ᠨ ᠰᠢᠭᠦᠬᠦ ᠬᠣᠷᠢᠶ᠎ᠠ ᠯᠢ ᠣᠪᠣᠭᠲᠤ ᠱᠧᠩ ᠪᠣᠯᠤᠨ ᠯᠢ ᠣᠪᠣᠭᠲᠤ ᠴᠠᠩ ᠠᠬ᠎ᠠ ᠳᠡᠭᠦᠦ ᠬᠣᠶᠠᠷ ᠤ᠋ᠨ ᠭᠠᠵᠠᠷ ᠰᠢᠷᠣᠢ ᠶ᠋ᠢᠨ ᠨᠤᠲᠠᠯᠠᠬᠤ ᠵᠢᠭᠤᠷᠠᠯᠳᠤᠭᠠᠨ ᠤ᠋ ᠬᠡᠷᠡᠭ ᠢ᠋ ᠰᠢᠢᠳᠪᠦᠷᠢᠯᠡᠵᠦ ᠪᠠᠢᠬᠤ ᠶᠠᠪᠤᠴᠠ ᠳ᠋ᠤ᠌ ᠨᠢᠭᠡᠳᠦᠭᠡᠷ ᠰᠢᠭᠦᠯᠲᠡ ᠶ᠋ᠢᠨ ᠰᠢᠭᠦᠬᠦ ᠬᠣᠷᠢᠶ᠎ᠠ ᠣᠯᠠᠨ ᠤᠳᠠᠭ᠎ᠠ ᠡᠶᠡᠳᠡᠭᠦᠯᠦᠭᠡᠳ ᠮᠥᠨ ᠯᠡ ᠰᠢᠢᠳᠪᠦᠷᠢᠯᠡᠵᠦ ᠳᠠᠭᠤᠰᠬᠠᠭᠠᠳᠤᠢ ᠯᠢ ᠣᠪᠣᠭᠲᠤ ᠠᠬ᠎ᠠ ᠳᠡᠭᠦᠦ ᠶ᠋ᠢᠨ ᠬᠣᠭᠣᠷᠣᠨᠳᠣᠬᠢ ᠵᠥᠷᠢᠴᠡᠯ ᠮᠠᠰᠢ ᠰᠢᠷᠦᠭᠦᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠠᠷᠪᠠᠨ ᠭᠤᠷᠪᠠᠳᠤᠭᠠᠷ ᠨᠠᠮ ᠤ᠋ᠨ ᠡᠭᠦᠷ ᠦ᠋ᠨ ᠰᠢᠭᠦᠭᠴᠢ ᠲᠤᠰᠢᠶᠠᠯᠲᠠᠨ ᠰᠠᠨᠠᠭᠠᠴᠢᠯᠭ᠎ᠠ ᠠ᠋ᠴᠠ ᠪᠠᠨ ᠰᠤᠪᠤᠷᠭ᠎ᠠ ᠠᠷᠠᠳ ᠤ᠋ᠨ ᠰᠢᠭᠦᠬᠦ ᠬᠣᠷᠢᠶ᠎ᠠ ᠲᠠᠢ ᠪᠣᠯᠪᠠ ᠃
ᠮᠠᠷᠭᠤᠭᠠᠨ ᠲᠠᠢ ᠭᠠᠵᠠᠷ ᠰᠢᠷᠣᠢ ᠪᠣᠯ ᠲᠣᠰᠬᠣᠨ ᠤ᠋ ᠬᠠᠮᠲᠤ ᠶ᠋ᠢᠨ ᠭᠠᠵᠠᠷ ᠰᠢᠷᠣᠢ ᠪᠣᠯᠤᠨ᠎ᠠ ᠯᠢ ᠣᠪᠣᠭᠲᠤ ᠱᠧᠩ ᠯᠢ ᠣᠪᠣᠭᠲᠤ ᠴᠠᠩ ᠤ᠋ᠨ ᠠᠪᠤ ᠡᠵᠢ ᠲᠡᠢ ᠨᠢ ᠳᠠᠭᠠᠭᠠᠴᠢᠯᠠᠵᠤ ᠠᠪᠰᠠᠨ ᠤ᠋ ᠳᠠᠷᠠᠭ᠎ᠠ ᠯᠢ ᠣᠪᠣᠭᠲᠤ ᠠᠬ᠎ᠠ ᠳᠡᠭᠦᠦ ᠬᠣᠶᠠᠭᠤᠯᠠ ᠳ᠋ᠤ᠌ ᠪᠣᠳᠠᠲᠠᠢ ᠬᠤᠪᠢᠶᠠᠷᠢᠯᠠᠵᠤ ᠥᠭᠭᠦᠭᠰᠡᠨ ᠡᠭᠦᠨ ᠳ᠋ᠦ᠍᠂ ᠯᠢ ᠣᠪᠣᠭᠲᠤ ᠱᠸ᠋ᠩ ᠦ᠋ᠨ ᠭᠠᠵᠠᠷ ᠰᠢᠷᠣᠢ ᠪᠠᠷᠤᠭ 0.5 ᠮᠦ᠍ ᠠᠲᠠᠷ ᠬᠠᠭᠠᠯᠪᠤᠷᠢᠯᠠᠵᠤ ᠲᠠᠷᠢᠭᠰᠠᠨ ᠦᠭᠡᠢ᠃ 2020 ᠣᠨ ᠤ᠋ 6 ᠰᠠᠷ᠎ᠠ ᠳ᠋ᠤ᠌ ᠯᠢ ᠣᠪᠣᠭᠲᠤ ᠱᠧᠩ ᠯᠢ ᠣᠪᠣᠭᠲᠤ ᠴᠠᠩ ᠤ᠋ᠨ ᠬᠣᠭᠣᠷᠣᠨᠳᠣ ᠳᠡᠭᠡᠷ᠎ᠡ ᠳᠤᠷᠠᠳᠤᠭᠰᠠᠨ ᠭᠠᠵᠠᠷ ᠰᠢᠷᠣᠢ ᠶ᠋ᠢᠨ ᠳᠠᠭᠠᠭᠠᠴᠢᠯᠠᠯᠲᠠ ᠶ᠋ᠢᠨ ᠬᠢᠯᠢ ᠶ᠋ᠢᠨ ᠠᠰᠠᠭᠤᠳᠠᠯ ᠤ᠋ᠨ ᠲᠤᠬᠠᠢ ᠵᠢᠭᠤᠷᠠᠯᠳᠤᠭᠠᠨ ᠡᠭᠦᠰᠴᠦ᠂ ᠤᠷᠢᠳᠠᠪᠠᠷ ᠡᠵᠡᠨ ᠬᠣᠷᠣᠭ᠎ᠠ ᠬᠤᠰᠢᠭᠤᠨ ᠤ᠋ ᠬᠥᠳᠡᠭᠡ ᠲᠣᠰᠬᠣᠨ ᠤ᠋ ᠭᠠᠵᠠᠷ ᠰᠢᠷᠣᠢ ᠶ᠋ᠢᠨ ᠳᠠᠭᠠᠭᠠᠴᠢᠯᠠᠨ ᠡᠵᠡᠩᠨᠡᠯᠲᠡ ᠶ᠋ᠢᠨ ᠬᠥᠨᠳᠡᠯᠡᠨ ᠡᠴᠡ ᠲᠠᠰᠤᠯᠬᠤ ᠵᠥᠪᠯᠡᠯ ᠳ᠋ᠦ᠍ ᠬᠥᠨᠳᠡᠯᠡᠨ ᠡᠴᠡ ᠲᠠᠰᠤᠯᠤᠭᠤᠯᠬᠤ ᠭᠤᠶᠤᠴᠢᠯᠠᠯ ᠳᠡᠪᠰᠢᠭᠦᠯᠵᠡᠢ᠂ ᠬᠥᠨᠳᠡᠯᠡᠨ ᠡᠴᠡ ᠲᠠᠰᠤᠯᠤᠭᠤᠯᠬᠤ ᠭᠤᠶᠤᠴᠢᠯᠠᠯ ᠳ᠋ᠤ᠌ ᠨᠢᠴᠤᠭᠠᠭᠳᠠᠭᠰᠠᠨ ᠤ᠋ ᠳᠠᠷᠠᠭ᠎ᠠ ᠯᠢ ᠣᠪᠣᠭᠲᠤ ᠱᠧᠩ ᠭᠠᠵᠠᠷ ᠰᠢᠷᠣᠢ ᠶ᠋ᠢᠨ ᠡᠵᠡᠩᠨᠡᠯᠲᠡ ᠶ᠋ᠢᠨ ᠡᠷᠬᠡ ᠶ᠋ᠢ ᠨᠤᠲᠠᠯᠠᠨ ᠵᠥᠪᠰᠢᠶᠡᠷᠡᠭᠰᠡᠨ ᠰᠢᠯᠲᠠᠭ ᠢ᠋ᠶ᠋ᠠᠷ ᠲᠤᠰ ᠬᠡᠷᠡᠭ ᠦ᠋ᠨ ᠵᠠᠭᠠᠯᠳᠤᠯᠭ᠎ᠠ ᠬᠢᠪᠡ᠃ ᠲᠣᠰᠬᠣᠨ ᠤ᠋ ᠠᠷᠠᠳ ᠤ᠋ᠨ ᠵᠥᠪᠯᠡᠯ ᠂ ᠬᠠᠤᠯᠢ ᠴᠠᠭᠠᠵᠠ ᠶ᠋ᠢᠨ ᠭᠠᠵᠠᠷ ᠂ ᠠᠷᠠᠳ ᠤ᠋ᠨ ᠰᠢᠭᠦᠬᠦ ᠲᠢᠩᠬᠢᠮ ᠳ᠋ᠦ᠍ ᠣᠯᠠᠨ ᠤᠳᠠᠭ᠎ᠠ ᠡᠶᠡᠳᠡᠭᠦᠯᠬᠦ ᠠᠵᠢᠯ ᠬᠢᠭᠰᠡᠨ ᠦ᠌ ᠳᠠᠷᠠᠭ᠎ᠠ ᠠᠬ᠎ᠠ ᠳᠡᠭᠦᠦ ᠬᠣᠶᠠᠭᠤᠯᠠ ᠮᠥᠨ ᠯᠡ ᠬᠠᠷᠢᠯᠴᠠᠨ ᠨᠠᠢᠷ ᠲᠠᠯᠪᠢᠬᠤ ᠥᠬᠡᠢ ᠃ ᠲᠤᠰ ᠬᠡᠷᠡᠭ ᠲᠦ᠍ ᠬᠢᠨᠠᠨ ᠲᠠᠰᠤᠯᠤᠯᠲᠠ ᠬᠢᠬᠦ ᠶ᠋ᠢᠨ ᠤᠷᠢᠳᠠᠯ ᠨᠥᠬᠥᠴᠡᠯ ᠨᠢ ᠯᠢ ᠣᠪᠣᠭᠲᠤ ᠱᠧᠩ ᠪᠣᠯᠤᠨ ᠯᠢ ᠣᠪᠣᠭᠲᠤ ᠴᠠᠩ ᠵᠠᠪᠠᠯ ᠭᠠᠵᠠᠷ ᠰᠢᠷᠣᠢ ᠶ᠋ᠢᠨ ᠳᠠᠭᠠᠭᠠᠴᠢᠯᠠᠨ ᠡᠵᠡᠩᠨᠡᠬᠦ ᠡᠷᠬᠡ ᠶ᠋ᠢ ᠲᠣᠳᠣᠷᠬᠠᠢᠯᠠᠬᠤ ᠠᠵᠢᠯ ᠢ᠋ ᠤᠷᠢᠳᠠᠪᠠᠷ ᠬᠢᠭᠰᠡᠨ ᠪᠣᠯᠪᠠᠴᠤ ᠭᠠᠵᠠᠷ ᠰᠢᠷᠣᠢ ᠶ᠋ᠢᠨ ᠳᠠᠭᠠᠭᠠᠴᠢᠯᠠᠨ ᠡᠵᠡᠩᠨᠡᠬᠦ ᠡᠷᠬᠡ ᠶ᠋ᠢ ᠲᠣᠭᠲᠠᠭᠠᠬᠤ ᠴᠠᠭ ᠨᠢ ᠨᠡᠯᠢᠶᠡᠳ ᠤᠷᠲᠤ ᠪᠠᠢᠭᠰᠠᠨ ᠴᠤ᠌ ᠠᠰᠠᠭᠤᠳᠠᠯ ᠢ᠋ ᠦᠨᠳᠦᠰᠦᠨ ᠡᠴᠡ ᠨᠢ ᠰᠢᠢᠳᠪᠦᠷᠢᠯᠡᠵᠦ ᠳᠡᠢᠯᠬᠦ ᠦᠭᠡᠢ ᠰᠢᠭᠦᠭᠴᠢ ᠲᠤᠰᠢᠶᠠᠯᠲᠠᠨ ᠡᠴᠡ ᠠᠬ᠎ᠠ ᠳᠡᠭᠦᠦ ᠬᠣᠶᠠᠭᠤᠯᠠ ᠶ᠋ᠢ ᠳᠠᠬᠢᠨ ᠵᠣᠬᠢᠶᠠᠨ ᠪᠠᠢᠭᠤᠯᠤᠨ ᠡᠶᠡᠳᠡᠭᠦᠯᠭᠡ ᠬᠢᠬᠦ ᠪᠡᠷ ᠲᠣᠭᠲᠠᠭᠰᠠᠨ ᠪᠠᠢᠨ᠎ᠠ᠃
ᠡᠶᠡᠳᠡᠭᠦᠯᠬᠦ ᠶᠠᠪᠤᠴᠠ ᠳ᠋ᠤ᠌ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠰᠢᠭᠦᠭᠴᠢ ᠬᠣᠶᠠᠷ ᠲᠠᠯ᠎ᠠ ᠶ᠋ᠢᠨ ᠰᠠᠨᠠᠯ ᠢ᠋ ᠨᠢᠮᠪᠠᠢ ᠰᠣᠨᠣᠰᠴᠤ ᠲᠤᠰ ᠬᠡᠷᠡᠭ ᠦ᠋ᠨ ᠪᠣᠳᠠᠲᠤ ᠪᠠᠢᠳᠠᠯ ᠲᠠᠢ ᠤᠶᠠᠯᠳᠤᠭᠤᠯᠤᠨ ᠬᠠᠤᠯᠢ ᠶ᠋ᠢ ᠬᠦᠯᠢᠴᠡᠩᠭᠦᠢ ᠪᠡᠷ ᠲᠠᠢᠯᠪᠤᠷᠢᠯᠠᠵᠤ ᠬᠠᠮᠤᠭ ᠤ᠋ᠨ ᠶᠡᠬᠡ ᠴᠢᠷᠮᠠᠢᠯᠭ᠎ᠠ ᠭᠠᠷᠭᠠᠵᠤ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠦ᠌ ᠠᠰᠢᠭ ᠲᠤᠰᠠ ᠶ᠋ᠢ ᠲᠡᠩᠴᠡᠭᠰᠡᠨ ᠪᠠᠢᠨ᠎ᠠ ᠃ ᠰᠢᠭᠦᠭᠴᠢ ᠶ᠋ᠢᠨ ᠠᠵᠢᠯ ᠤ᠋ᠨ ᠣᠪᠣᠷ ᠪᠠ ᠦᠢᠯᠡᠰ ᠢ᠋ᠶ᠋ᠡᠨ ᠳᠡᠭᠡᠳᠦᠯᠡᠬᠦ ᠵᠣᠷᠢᠭ ᠰᠠᠨᠠᠭ᠎ᠠ ᠨᠢ ᠲᠤᠬᠠᠢ ᠶ᠋ᠢᠨ ᠬᠥᠮᠦᠨ ᠦ᠌ ᠵᠥᠪᠰᠢᠶᠡᠷᠡᠯ ᠪᠠ ᠬᠦᠨᠳᠦᠳᠬᠡᠯ ᠢ᠋ ᠣᠯᠵᠤ ᠂ ᠡᠴᠦᠰ ᠲᠡᠭᠡᠨ ᠬᠣᠶᠠᠷ ᠲᠠᠯ᠎ᠠ ᠪᠠᠷ ᠢ᠋ᠶ᠋ᠠᠨ ᠰᠠᠢᠨ ᠳᠤᠷ᠎ᠠ ᠡᠴᠡ ᠪᠡᠨ ᠡᠶᠡᠳᠡᠭᠦᠯᠭᠡ ᠶ᠋ᠢᠨ ᠬᠡᠯᠡᠯᠴᠡᠭᠡᠷ ᠲᠣᠬᠢᠷᠠᠯᠴᠠᠭᠰᠠᠨ ᠪᠥᠭᠡᠳ ᠯᠢ ᠣᠪᠣᠭᠲᠤ ᠲᠤᠰ ᠬᠡᠷᠡᠭ ᠦ᠋ᠨ ᠵᠠᠭᠠᠯᠳᠤᠯᠭ᠎ᠠ ᠶ᠋ᠢ ᠪᠤᠴᠠᠭᠠᠪᠠ᠃ ᠲᠤᠰ ᠭᠠᠵᠠᠷ ᠰᠢᠷᠣᠢ ᠶ᠋ᠢᠨ ᠵᠢᠭᠤᠷᠠᠯᠳᠤᠭᠠᠨ ᠤ᠋ ᠬᠡᠷᠡᠭ ᠢ᠋ ᠲᠡᠭᠦᠰ ᠠᠮᠵᠢᠯᠲᠠ ᠲᠠᠢ ᠰᠢᠢᠳᠪᠦᠷᠢᠯᠡᠭᠰᠡᠨ ᠨᠢ ᠲᠥᠷᠥᠯ ᠰᠠᠳᠤᠨ ᠤ᠋ ᠬᠠᠢᠷ᠎ᠠ ᠰᠡᠳᠬᠢᠯᠭᠡ ᠶ᠋ᠢ ᠨᠢ ᠬᠠᠮᠠᠭᠠᠯᠠᠭᠰᠠᠨ ᠮᠥᠷᠲᠡᠭᠡᠨ ᠪᠠᠰᠠ ᠨᠡᠯᠢᠶᠡᠳ ᠰᠠᠢᠨ ᠬᠠᠤᠯᠢ ᠴᠠᠭᠠᠵᠠ ᠶ᠋ᠢᠨ ᠦᠷ᠎ᠡ ᠪᠦᠲᠦᠮᠵᠢ ᠪᠠ ᠨᠡᠢᠭᠡᠮ ᠦ᠋ᠨ ᠦᠷ᠎ᠡ ᠪᠦᠲᠦᠮᠵᠢ ᠶ᠋ᠢ ᠣᠯᠵᠠᠢ᠃
ᠳᠠᠷᠠᠭᠠᠴᠢ ᠶ᠋ᠢᠨ ᠠᠯᠬᠤᠮ ᠳ᠋ᠤ᠌ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠠᠷᠪᠠᠨ ᠭᠤᠷᠪᠠᠳᠤᠭᠠᠷ ᠨᠠᠮ ᠤ᠋ᠨ ᠡᠭᠦᠷ 《 ᠪᠢ ᠣᠯᠠᠨ ᠲᠦᠮᠡᠨ ᠳ᠋ᠦ᠍ ᠪᠣᠳᠠᠲᠤ ᠶᠠᠪᠤᠳᠠᠯ ᠬᠢᠵᠦ ᠥᠭᠬᠦ》 ᠦᠢᠯᠡᠳᠦᠯᠭᠡ ᠶ᠋ᠢᠨ ᠠᠵᠢᠯᠯᠠᠭᠠᠨ ᠢ᠋ ᠦᠷᠭᠦᠯᠵᠢᠯᠡᠨ ᠦᠢᠯᠡᠳᠦᠯᠭᠡᠵᠢᠭᠦᠯᠵᠦ ᠂ ᠨᠠᠮ ᠤ᠋ᠨ ᠭᠡᠰᠢᠭᠦᠨ ᠦ᠌ ᠬᠣᠰᠢᠭᠤᠴᠢ ᠵᠢᠱ᠌ᠢᠶᠡᠴᠢ ᠦᠢᠯᠡᠳᠦᠯ ᠢ᠋ ᠪᠠᠳᠠᠷᠠᠭᠤᠯᠵᠤ ᠂《 ᠪᠢ ᠣᠯᠠᠨ ᠲᠦᠮᠡᠨ ᠳ᠋ᠦ᠍ ᠪᠣᠳᠠᠲᠤ ᠶᠠᠪᠤᠳᠠᠯ ᠬᠢᠵᠦ ᠥᠭᠬᠦ 》 ᠪᠠ ᠬᠡᠷᠡᠭ ᠢ᠋ ᠰᠢᠢᠳᠪᠦᠷᠢᠯᠡᠬᠦ ᠶ᠋ᠢ ᠬᠠᠷᠢᠯᠴᠠᠨ ᠤᠶᠠᠯᠳᠤᠭᠤᠯᠵᠤ ᠂ ᠰᠤᠷᠤᠯᠴᠠᠯᠭ᠎ᠠ ᠬᠥᠮᠦᠵᠢᠯ ᠦ᠋ᠨ ᠦᠷ᠎ᠡ ᠪᠦᠲᠦᠭᠡᠯ ᠢ᠋ ᠣᠨᠳᠣᠣᠰᠢᠭᠤᠯᠬᠤ ᠶ᠋ᠢ ᠲᠦᠯᠬᠢᠨ ᠠᠬᠢᠭᠤᠯᠵᠤ ᠥᠨᠳᠥᠷ ᠦᠷ᠎ᠡ ᠪᠦᠲᠦᠮᠵᠢᠲᠡᠢ ᠳᠥᠭᠥᠮ ᠬᠢᠯᠪᠠᠷ ᠵᠢᠭᠤᠷᠠᠯᠳᠤᠭᠠᠨ ᠢ᠋ ᠰᠢᠢᠳᠪᠦᠷᠢᠯᠡᠬᠦ ᠠᠷᠭ᠎ᠠ ᠬᠡᠯᠪᠡᠷᠢ ᠪᠡᠷ ᠲᠥᠪ ᠭᠣᠣᠯᠴᠢ ᠰᠢᠳᠤᠷᠭᠤ ᠶᠣᠰᠣ ᠶ᠋ᠢ ᠬᠡᠷᠡᠭᠯᠡᠨ ᠬᠡᠷᠡᠭ ᠭᠦᠢᠴᠡᠳᠭᠡᠨ᠎ᠡ᠃
ᠦᠨᠡᠯᠡᠬᠦ 0ᠦᠨᠡᠯᠡᠯᠲᠡ᠎ᠲᠠᠢ