ᠠᠮᠤᠷ ᠲᠦᠪᠰᠢᠨ ᠰᠤᠷᠭᠠᠭᠤᠯᠢ ᠶ᠋ᠢᠨ ᠬᠦᠷᠢᠶᠡᠨ ᠳ᠋ᠦ᠍ ᠬᠠᠤᠯᠢ ᠪᠠᠷ ᠵᠠᠰᠠᠬᠤ ᠠᠵᠢᠯᠯᠠᠭ᠎ᠠ ᠥᠷᠨᠢᠭᠦᠯᠬᠦ ︱ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ《 ᠬᠠᠤᠯᠢ ᠲᠦᠭᠡᠮᠡᠯᠵᠢᠭᠦᠯᠬᠦ ᠰᠤᠷᠭᠠᠭᠤᠯᠢ ᠶ᠋ᠢᠨ ᠬᠦᠷᠢᠶᠡᠨ ᠳ᠋ᠦ᠍ ᠣᠷᠣᠬᠤ》 ᠠᠵᠢᠯᠯᠠᠭ᠎ᠠ ᠥᠷᠨᠢᠭᠦᠯᠦᠶ᠎ᠡ
2021.07.19 ᠲᠣᠰ ᠥᠷᠲᠡᠭᠡᠨ ᠦ ᠨᠠᠢᠷᠠᠭᠤᠯᠤᠭᠴᠢ

     ᠰᠤᠷᠤᠭᠴᠢᠳ ᠤ᠋ᠨ ᠬᠠᠤᠯᠢ ᠴᠠᠭᠠᠵᠠ ᠶ᠋ᠢᠨ ᠤᠬᠠᠮᠰᠠᠷ ᠪᠠ ᠠᠮᠤᠷ ᠲᠦᠪᠰᠢᠨ ᠦ᠌ ᠤᠬᠠᠮᠰᠠᠷ ᠢ᠋ ᠤᠯᠠᠮ ᠨᠢᠭᠡ ᠠᠯᠬᠤᠮ ᠳᠡᠭᠡᠭᠰᠢᠯᠡᠭᠦᠯᠬᠦ ᠶ᠋ᠢᠨ ᠲᠥᠯᠥᠭᠡ ᠬᠠᠤᠯᠢ ᠶᠣᠰᠣᠭᠠᠷ ᠰᠤᠷᠭᠠᠭᠤᠯᠢ ᠪᠠᠨ ᠵᠠᠰᠠᠬᠤ ᠶ᠋ᠢ ᠲᠦᠯᠬᠢᠨ ᠠᠬᠢᠭᠤᠯᠬᠤ ᠶ᠋ᠢᠨ ᠲᠥᠯᠥᠭᠡ ᠣᠢᠷ᠎ᠠ ᠳ᠋ᠤ᠌ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠤᠷᠭᠠᠭᠤᠯᠢ ᠬᠢᠶ᠎ᠡ ᠪᠠᠭᠰᠢ ᠲᠣᠭᠣᠷᠢᠭ ᠤ᠋ᠨ ᠨᠢᠭᠡᠳᠦᠭᠡᠷ ᠪᠠᠭ᠎ᠠ ᠰᠤᠷᠭᠠᠭᠤᠯᠢ ᠳ᠋ᠤ᠌ ᠬᠦᠷᠴᠦ᠂ ᠰᠤᠷᠤᠭᠴᠢᠳ ᠲᠤ᠌ ᠨᠢᠭᠡᠨ ᠠᠮᠢᠳᠤᠯᠢᠭ ᠴᠣᠪᠣᠭᠣᠯᠢᠭ ᠬᠠᠤᠯᠢ ᠲᠦᠭᠡᠮᠡᠯᠵᠢᠭᠦᠯᠬᠦ ᠪᠠᠭ᠎ᠠ ᠬᠢᠴᠢᠶᠡᠯ ᠦ᠋ᠨ ᠲᠠᠩᠬᠢᠮ ᠠᠪᠴᠢᠷᠠᠵᠤ ᠥᠭᠪᠡ᠃

 

     ᠠᠵᠢᠯᠯᠠᠭ᠎ᠠ ᠶ᠋ᠢᠨ ᠳᠤᠮᠳᠠ ᠂ ᠠᠷᠠᠳ ᠤ᠋ᠨ ᠨᠢᠭᠡᠳᠦᠭᠡᠷ ᠲᠢᠩᠬᠢᠮ ᠦ᠋ᠨ ᠺᠠᠲᠠᠷ ᠴᠠᠭᠳᠠᠭ᠎ᠠ ᠶᠠᠩ ᠰᠢᠦ ᠰᠤᠷᠤᠭᠴᠢᠳ ᠲᠠᠭᠠᠨ ᠬᠠᠮᠤᠭ ᠤ᠋ᠨ ᠦᠷᠭᠦᠯᠵᠢ ᠬᠠᠷᠠᠭᠳᠠᠳᠠᠭ ᠬᠠᠤᠯᠢ ᠴᠠᠭᠠᠵᠠ ᠶ᠋ᠢᠨ ᠤᠬᠠᠭᠳᠠᠬᠤᠨ ᠨᠢ ᠨᠠᠷᠢᠨ ᠪᠣᠳᠠᠲᠠᠢ ᠬᠡᠷᠡᠭ ᠦ᠋ᠨ ᠵᠢᠱ᠌ᠢᠶ᠎ᠡ ᠳ᠋ᠡᠬᠢ ᠪᠣᠷᠣᠭᠵᠢᠭᠤᠨ ᠦᠭᠡ ᠬᠡᠯᠡ ᠨᠢ ᠲᠣᠰᠪᠣᠷᠢ ᠶᠠᠭᠤ ᠶ᠋ᠢ ᠰᠤᠷᠭᠠᠭᠤᠯᠢ ᠶ᠋ᠢᠨ ᠬᠦᠷᠢᠶᠡᠨ ᠦ᠌ ᠳᠣᠷᠣᠮᠵᠢᠯᠠᠨ ᠭᠤᠲᠤᠭᠠᠬᠤ ᠂ ᠰᠤᠷᠭᠠᠭᠤᠯᠢ ᠶ᠋ᠢᠨ ᠬᠦᠷᠢᠶᠡᠨ ᠳ᠋ᠦ᠍ ᠣᠷᠣᠰᠢᠵᠤ ᠪᠠᠢᠭ᠎ᠠ ᠳᠣᠷᠣᠮᠵᠢᠯᠠᠨ ᠭᠤᠲᠤᠭᠠᠬᠤ ᠦᠵᠡᠭᠳᠡᠯ ᠂ ᠰᠤᠷᠭᠠᠭᠤᠯᠢ ᠶ᠋ᠢᠨ ᠬᠦᠷᠢᠶᠡᠨ ᠦ᠌ ᠳᠣᠷᠣᠮᠵᠢᠯᠠᠨ ᠭᠤᠲᠤᠭᠠᠬᠤ ᠬᠣᠣᠷ ᠬᠥᠨᠥᠭᠡᠯ ᠵᠡᠷᠭᠡ ᠶ᠋ᠢ ᠲᠠᠢᠯᠪᠤᠷᠢᠯᠠᠨ ᠶᠠᠷᠢᠪᠠ ᠃ ᠥᠪᠡᠷ ᠦ᠋ᠨ ᠠᠵᠢᠯ ᠤ᠋ᠨ ᠲᠤᠷᠰᠢᠯᠭ᠎ᠠ ᠲᠠᠢ ᠪᠠᠨ ᠤᠶᠠᠯᠳᠤᠭᠤᠯᠵᠤ ᠂ ᠰᠤᠷᠭᠠᠭᠤᠯᠢ ᠶ᠋ᠢᠨ ᠬᠦᠷᠢᠶᠡᠨ ᠦ᠌ ᠳᠣᠷᠣᠮᠵᠢᠯᠠᠨ ᠭᠤᠲᠤᠭᠠᠬᠤ ᠠᠵᠢᠯᠯᠠᠭᠠᠨ ᠳ᠋ᠤ᠌ ᠬᠣᠯᠪᠣᠭᠳᠠᠬᠤ ᠬᠠᠤᠯᠢ ᠴᠠᠭᠠᠵᠠ ᠶ᠋ᠢᠨ ᠦᠷ᠎ᠡ ᠤᠷᠰᠢᠭ ᠢ᠋ ᠬᠡᠷᠬᠢᠨ ᠰᠡᠷᠭᠡᠢᠯᠡᠨ ᠠᠷᠭᠠᠴᠠᠭᠠᠬᠤ ᠂ ᠰᠤᠷᠭᠠᠭᠤᠯᠢ ᠶ᠋ᠢᠨ ᠬᠦᠷᠢᠶᠡᠨ ᠦ᠌ ᠳᠣᠷᠣᠮᠵᠢᠯᠠᠨ ᠭᠤᠲᠤᠭᠠᠬᠤ ᠂ ᠪᠡᠶ᠎ᠡ ᠪᠡᠨ ᠰᠠᠢᠲᠤᠷ ᠬᠠᠮᠠᠭᠠᠯᠠᠬᠤ ᠵᠡᠷᠭᠡ ᠠᠰᠠᠭᠤᠳᠠᠯ ᠢ᠋ ᠲᠠᠢᠯᠪᠤᠷᠢᠯᠠᠨ ᠵᠢᠭᠠᠵᠤ ᠭᠠᠷᠭᠠᠪᠠ ᠃

     ᠡᠯ᠎ᠡ ᠬᠢᠴᠢᠶᠡᠯ ᠲᠠᠢᠯᠪᠤᠷᠢᠯᠠᠬᠤ ᠪᠦᠯᠬᠦᠮ ᠦ᠋ᠨ ᠬᠢᠨ ᠢᠳᠡᠪᠬᠢᠲᠡᠢ ᠪᠡᠷ ᠣᠷᠣᠯᠴᠠᠵᠤ ᠬᠠᠷᠢᠯᠴᠠᠨ ᠠᠰᠠᠭᠤᠯᠲᠠ ᠬᠠᠷᠢᠭᠤᠯᠤᠭᠰᠠᠨ ᠳ᠋ᠤ᠌ ᠢᠳᠡᠪᠬᠢᠲᠡᠢ ᠣᠷᠣᠯᠴᠠᠵᠤ ᠥᠪᠡᠷ ᠦ᠋ᠨ ᠦᠵᠡᠯᠲᠡ ᠪᠡᠨ ᠶᠠᠷᠢᠵᠤ᠂ ᠰᠤᠷᠭᠠᠭᠤᠯᠢ ᠶ᠋ᠢᠨ ᠬᠦᠷᠢᠶ᠎ᠡ ᠶ᠋ᠢᠨ ᠲᠤᠬᠠᠢ《ᠦᠭᠡᠢ》ᠭᠡᠵᠡᠭᠡᠵᠦ ᠪᠠᠢᠨ᠎ᠠ᠃

     ᠣᠢᠷ᠎ᠠ ᠶ᠋ᠢᠨ ᠵᠢᠯ ᠡᠴᠡ ᠨᠡᠰᠢ᠂ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠴᠢᠳᠠᠮᠵᠢ ᠳ᠋ᠤ᠌ ᠰᠠᠭᠤᠷᠢᠯᠠᠨ ᠨᠡᠢᠭᠡᠮ ᠦ᠋ᠨ ᠨᠡᠢᠳᠡᠮ ᠠᠩᠬᠠᠷᠴᠤ ᠪᠠᠢᠭ᠎ᠠ ᠳᠤᠮᠳᠠᠳᠤ ᠪᠠᠭ᠎ᠠ ᠰᠤᠷᠭᠠᠭᠤᠯᠢ ᠶ᠋ᠢᠨ ᠰᠤᠷᠤᠭᠴᠢᠳ ᠢ᠋ ᠳᠣᠷᠣᠮᠵᠢᠯᠠᠨ ᠭᠤᠲᠤᠭᠠᠬᠤ ᠪᠠ ᠬᠦᠴᠦᠷᠬᠡᠭᠯᠡᠯ ᠵᠡᠷᠭᠡ ᠠᠰᠠᠭᠤᠳᠠᠯ ᠳ᠋ᠤ᠌ ᠴᠢᠭᠯᠡᠭᠦᠯᠦᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠤᠯᠢ ᠪᠠᠷ ᠵᠠᠰᠠᠬᠤ ᠬᠥᠮᠦᠵᠢᠯ ᠢ᠋ ᠲᠦᠭᠡᠮᠡᠯᠵᠢᠭᠦᠯᠬᠦ ᠠᠵᠢᠯᠯᠠᠭ᠎ᠠ ᠶ᠋ᠢ ᠥᠷᠨᠢᠭᠦᠯᠵᠦ ᠂ ᠵᠠᠯᠠᠭᠤᠴᠤᠳ ᠪᠠᠭᠠᠴᠤᠳ ᠤ᠋ᠨ ᠬᠠᠤᠯᠢ ᠴᠠᠭᠠᠵᠠ ᠶ᠋ᠢᠨ ᠤᠬᠠᠮᠰᠠᠷ ᠪᠠ ᠥᠪᠡᠷ ᠢ᠋ ᠪᠡᠨ ᠬᠠᠮᠠᠭᠠᠯᠠᠬᠤ ᠤᠬᠠᠮᠰᠠᠷ ᠢ᠋ ᠲᠠᠰᠤᠷᠠᠯᠲᠠ ᠥᠬᠡᠢ ᠳᠡᠭᠡᠭᠰᠢᠯᠡᠭᠦᠯᠵᠦ ᠰᠤᠷᠭᠠᠭᠤᠯᠢ ᠶ᠋ᠢᠨ ᠬᠦᠷᠢᠶᠡᠨ ᠦ᠌ ᠣᠷᠴᠢᠨ ᠲᠣᠭᠣᠷᠢᠨ ᠢ᠋ ᠴᠡᠪᠡᠷᠰᠢᠭᠦᠯᠬᠦ ᠶ᠋ᠢ ᠠᠮᠤᠷ ᠲᠦᠪᠰᠢᠨ᠂ ᠡᠶ᠎ᠡ ᠵᠣᠬᠢᠴᠠᠩᠭᠤᠢ᠂ ᠪᠣᠯᠪᠠᠰᠤᠨ ᠰᠤᠷᠭᠠᠭᠤᠯᠢ ᠶ᠋ᠢᠨ ᠬᠦᠷᠢᠶ᠎ᠡ ᠶ᠋ᠢ ᠪᠦᠲᠦᠭᠡᠨ ᠪᠠᠢᠭᠤᠯᠬᠤ ᠶ᠋ᠢ ᠠᠬᠢᠭᠤᠯᠤᠭᠰᠠᠨ ᠪᠠᠢᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )