《 ᠮᠡᠳᠡᠬᠦ ᠭᠠᠵᠠᠷ ᠬᠡᠵᠢᠶᠡᠳᠡ ᠶᠠᠪᠤᠵᠤ ᠂ ᠲᠣᠳᠣᠷᠬᠠᠢ ᠣᠴᠢᠨ᠎ᠠ 》 ᠃ ᠨᠠᠮ ᠤ᠋ᠨ ᠲᠡᠦᠬᠡ ᠶ᠋ᠢᠨ ᠬᠥᠮᠦᠵᠢᠯ ᠢ᠋ ᠭᠦᠨᠵᠡᠭᠡᠢ ᠥᠷᠨᠢᠭᠦᠯᠬᠦ ᠶ᠋ᠢᠨ ᠲᠥᠯᠥᠭᠡ ᠺᠠᠲᠠᠷ ᠴᠠᠭᠳᠠᠭ᠎ᠠ ᠶ᠋ᠢᠨ ᠨᠠᠮ ᠤ᠋ᠨ ᠲᠡᠦᠬᠡ ᠂ ᠨᠠᠮ ᠤ᠋ᠨ ᠦᠭᠡ ᠰᠣᠨᠣᠰᠬᠤ ᠂ ᠨᠠᠮ ᠢ᠋ ᠳᠠᠭᠠᠵᠤ ᠶᠠᠪᠤᠬᠤ ᠂ ᠨᠠᠮ ᠤ᠋ᠨ ᠵᠠᠭᠤᠨ ᠵᠢᠯ ᠦ᠋ᠨ ᠲᠡᠦᠬᠡ ᠶ᠋ᠢᠨ ᠠᠭᠤᠤ ᠶᠡᠬᠡ ᠠᠶᠠᠨ ᠵᠠᠮ ᠢ᠋ ᠭᠦᠨᠵᠡᠭᠡᠢ ᠣᠢᠯᠠᠭᠠᠭᠤᠯᠬᠤ ᠶ᠋ᠢᠨ ᠲᠥᠯᠥᠭᠡ ᠣᠢᠷ᠎ᠠ ᠳ᠋ᠤ᠌ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠠᠷᠪᠠᠨ ᠳᠥᠷᠪᠡᠳᠦᠭᠡᠷ ᠨᠠᠮ ᠤ᠋ᠨ ᠡᠭᠦᠷ ᠦ᠋ᠨ ᠪᠦᠬᠦ ᠨᠠᠮ ᠤ᠋ᠨ ᠭᠡᠰᠢᠭᠦᠨ ᠵᠢᠴᠢ ᠵᠠᠰᠠᠭ ᠵᠠᠬᠢᠷᠭᠠᠨ ᠤ᠋ ᠲᠢᠩᠬᠢᠮ ᠂ ᠰᠢᠭᠦᠬᠦ ᠲᠢᠩᠬᠢᠮ ᠂ ᠨᠠᠮ ᠳ᠋ᠤ᠌ ᠣᠷᠣᠬᠤ ᠢᠳᠡᠪᠬᠢᠲᠡᠨ ᠨᠠᠷ ᠢ᠋ ᠪᠠᠭᠲᠠᠭᠠᠭᠰᠠᠨ ᠨᠠᠮ ᠤ᠋ᠨ ᠭᠡᠰᠢᠭᠦᠨ ᠪᠤᠰᠤ ᠺᠠᠲᠠᠷ ᠴᠠᠭᠳᠠᠭ᠎ᠠ ᠶ᠋ᠢᠨ ᠬᠠᠮᠲᠤ ᠨᠡᠢᠲᠡ ᠪᠡᠷ ᠣᠷᠳᠣᠰ ᠬᠣᠲᠠ ᠳ᠋ᠤ᠌ ᠣᠴᠢᠵᠤ ᠦᠵᠡᠪᠡ ᠃
ᠣᠷᠳᠣᠰ ᠤ᠋ᠨ ᠮᠦᠽᠧᠢ ᠶ᠋ᠢᠨ ᠨᠠᠮ ᠤ᠋ᠨ ᠲᠡᠦᠬᠡ ᠶ᠋ᠢᠨ ᠦᠵᠡᠰᠬᠦᠯᠡᠩ ᠨᠢ ᠭᠣᠣᠯᠳᠠᠭᠤ ᠵᠢᠷᠤᠭ ᠪᠠ ᠦᠰᠦᠭ ᠪᠢᠴᠢᠭ ᠦ᠋ᠨ ᠬᠡᠯᠪᠡᠷᠢ ᠪᠡᠷ ᠳᠡᠯᠭᠡᠨ ᠦᠵᠡᠭᠦᠯᠳᠡᠭ ᠃ ᠲᠣᠭᠣᠷᠢᠨ ᠦᠵᠡᠬᠦ ᠶᠠᠪᠤᠴᠠ ᠳᠤᠮᠳᠠ ᠣᠯᠠᠨ ᠢ᠋ᠶ᠋ᠠᠷ ᠢ᠋ᠶ᠋ᠠᠨ ᠨᠠᠷᠢᠨ ᠬᠢᠨᠠᠮᠠᠭᠠᠢ ᠲᠠᠢᠯᠤᠮᠵᠢ ᠶ᠋ᠢ ᠰᠣᠨᠣᠰᠴᠤ ᠡᠷᠬᠢᠮ ᠨᠠᠨᠳᠢᠨ ᠭᠡᠷᠡᠯ ᠵᠢᠷᠤᠭ ᠨᠢᠭᠡᠪᠦᠷᠢ ᠶ᠋ᠢ ᠬᠢᠨᠠᠮᠠᠭᠠᠢ ᠰᠠᠢᠲᠤᠷ ᠠᠩᠬᠠᠷᠴᠤ ᠂ ᠬᠡᠰᠡᠭ ᠪᠠᠳᠠᠭ ᠭᠦᠨ ᠰᠡᠳᠬᠢᠯᠭᠡ ᠦᠭᠡ ᠦᠰᠦᠭ ᠪᠢᠴᠢᠭ ᠪᠦᠬᠦᠨ ᠢ᠋ ᠰᠡᠳᠬᠢᠯ ᠲᠠᠯᠪᠢᠨ ᠦᠵᠡᠵᠦ ᠂ ᠮᠠᠨ ᠤ᠋ ᠨᠠᠮ ᠤ᠋ᠨ ᠮᠡᠨᠳᠦᠯᠡᠭᠰᠡᠨ ᠡᠴᠡ ᠨᠡᠰᠢ ᠥᠩᠭᠡᠷᠡᠭᠦᠯᠦᠭᠰᠡᠨ ᠪᠣᠢ ᠪᠦᠬᠦᠢ ᠬᠠᠲᠠᠭᠤ ᠪᠡᠷᠬᠡ ᠂ ᠮᠣᠬᠣᠱᠢ ᠦᠭᠡᠢ ᠂ ᠡᠷᠡᠯᠬᠡᠭ ᠪᠠᠭᠠᠲᠤᠷᠯᠢᠭ ᠪᠠ ᠭᠡᠷᠡᠯ ᠰᠠᠴᠤᠷᠠᠩᠭᠤᠢ ᠰᠠᠨᠠᠭ᠎ᠠ ᠪᠦᠬᠦ ᠰᠡᠳᠬᠢᠯ ᠢ᠋ᠶ᠋ᠡᠷ ᠢ᠋ᠶ᠋ᠡᠨ ᠬᠤᠪᠢᠰᠬᠠᠯ ᠤ᠋ᠨ ᠠᠬᠠᠮᠠᠳ ᠦᠶ᠎ᠡ ᠶ᠋ᠢᠨ ᠬᠥᠮᠦᠰ ᠦ᠋ᠨ ᠤᠯᠠᠮᠵᠢᠯᠠᠵᠤ ᠢᠷᠡᠭᠰᠡᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠦᠨᠡᠨ ᠰᠡᠳᠬᠢᠯ ᠢ᠋ᠶ᠋ᠡᠷ ᠢ᠋ᠶ᠋ᠡᠨ ᠬᠤᠪᠢᠰᠬᠠᠯ ᠤ᠋ᠨ ᠵᠣᠷᠢᠭ ᠰᠠᠨᠠᠭ᠎ᠠ ᠶ᠋ᠢ ᠰᠢᠩᠭᠡᠭᠡᠨ ᠠᠪᠬᠤ ᠶ᠋ᠢ ᠪᠠᠶᠠᠷᠯᠠᠨ ᠤᠭᠲᠤᠶ᠎ᠠ ᠃
ᠣᠬᠣᠷᠬᠠᠨ ᠬᠤᠭᠤᠴᠠᠭᠠᠨ ᠳ᠋ᠤ᠌ ᠰᠣᠨᠢᠷᠬᠠᠭᠰᠠᠨ ᠴᠤ᠌ ᠡᠨᠡᠬᠦ ᠠᠷᠭ᠎ᠠ ᠬᠡᠯᠪᠡᠷᠢ ᠪᠡᠷ ᠬᠥᠮᠦᠰ ᠲᠦ᠍ ᠲᠡᠦᠬᠡ ᠰᠣᠶᠣᠯ ᠤ᠋ᠨ ᠡᠷᠬᠢᠮ ᠳᠡᠭᠡᠳᠦ ᠳᠠᠢᠯᠠᠯᠭ᠎ᠠ ᠶ᠋ᠢ ᠰᠣᠨᠢᠷᠬᠠᠭᠤᠯᠤᠭᠰᠠᠨ ᠪᠠᠢᠨ᠎ᠠ ᠃ ᠺᠠᠲᠠᠷ ᠴᠠᠭᠳᠠᠭ᠎ᠠ ᠨᠠᠷ ᠮᠦᠽᠧᠢ ᠶ᠋ᠢ ᠲᠣᠭᠣᠷᠢᠨ ᠦᠵᠡᠵᠦ ᠂ ᠲᠡᠦᠬᠡ ᠶ᠋ᠢ ᠣᠢᠯᠠᠭᠠᠵᠤ ᠂ ᠨᠡᠩ ᠰᠢᠭᠤᠳ ᠰᠤᠷᠭᠠᠨ ᠬᠥᠮᠦᠵᠢᠯ ᠬᠦᠷᠲᠡᠵᠦ ᠂ ᠲᠡᠦᠬᠡ ᠰᠤᠷᠤᠯᠴᠠᠨ ᠂ ᠢᠲᠡᠭᠡᠯ ᠨᠡᠮᠡᠭᠳᠡᠵᠦ ᠂ ᠲᠡᠦᠬᠡ ᠰᠤᠷᠤᠯᠴᠠᠨ ᠂ ᠡᠷᠬᠢᠮ ᠰᠤᠷᠲᠠᠯ ᠰᠤᠷᠤᠯᠴᠠᠨ ᠂ ᠲᠡᠦᠬᠡ ᠰᠤᠷᠤᠯᠴᠠᠨ ᠦᠢᠯᠡᠳᠦᠯ ᠦᠵᠡᠭᠦᠯᠬᠦ ᠴᠢᠬᠤᠯᠠ ᠠᠴᠢ ᠬᠣᠯᠪᠣᠭᠳᠠᠯ ᠨᠢ ᠲᠤᠰ ᠪᠡᠶ᠎ᠡ ᠶ᠋ᠢᠨ ᠬᠦᠰᠡᠯᠡᠩ ᠢᠲᠡᠭᠡᠯ ᠵᠣᠷᠢᠭ ᠢ᠋ ᠦᠢᠯᠡᠳᠦᠯᠭᠡᠵᠢᠭᠦᠯᠬᠦ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠡᠷᠡᠰ ᠵᠣᠷᠢᠭ ᠢ᠋ ᠨᠡᠩ ᠪᠠᠲᠤ ᠪᠣᠯᠭᠠᠪᠠ ᠃
ᠦᠨᠡᠯᠡᠬᠦ 0ᠦᠨᠡᠯᠡᠯᠲᠡ᠎ᠲᠠᠢ