ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠤᠷᠠᠯ ᠬᠢᠵᠦ ᠰᠢ ᠵᠢᠨ ᠫᠢᠩ ᠶᠡᠷᠦᠩᠬᠡᠢ ᠱᠦᠵᠢ ᠶ᠋ᠢᠨ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶᠠᠨ ᠤ᠋ ᠵᠣᠷᠢᠭ ᠰᠠᠨᠠᠭ᠎ᠠ ᠶ᠋ᠢ ᠰᠤᠷᠤᠯᠴᠠᠬᠤ ᠬᠤᠷᠠᠯ
2021.07.19 ᠲᠣᠰ ᠥᠷᠲᠡᠭᠡᠨ ᠦ ᠨᠠᠢᠷᠠᠭᠤᠯᠤᠭᠴᠢ

     7 ᠰᠠᠷ᠎ᠠ ᠶ᠋ᠢᠨ 5 ᠤ᠋ ᠡᠳᠦᠷ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠯᠭ᠎ᠠ ᠶ᠋ᠢᠨ ᠭᠣᠣᠯ ᠳᠤᠭᠤᠢᠯᠠᠩ ᠤ᠋ᠨ ᠥᠷᠭᠡᠳᠬᠡᠭᠰᠡᠨ ᠬᠤᠷᠠᠯ ᠢ᠋ ᠲᠤᠰᠬᠠᠢ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠵᠠᠢ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠵᠦ ᠪᠠᠢᠭ᠎ᠠ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠰᠢᠶᠠᠩ ᠭᠠᠵᠠᠷ ᠤ᠋ᠨ ᠳᠡᠰ ᠡᠴᠡ ᠳᠡᠭᠡᠭᠰᠢᠬᠢ ᠨᠠᠮ ᠤ᠋ᠨ ᠭᠡᠰᠢᠭᠦᠨ᠂ ᠺᠠᠲᠠᠷ᠂ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠵᠠᠢ ᠃

 

     ᠬᠤᠷᠠᠯ ᠨᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠪᠡᠯᠭᠡᠯᠡᠬᠦ ᠶᠠᠷᠢᠯᠴᠠᠬᠤ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠵᠤ 《 ᠶᠡᠷᠦᠩᠬᠡᠢ ᠱᠦᠵᠢ ᠰᠢ ᠵᠢᠨ ᠫᠢᠩ ᠦ᠋ᠨ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ ᠵᠠᠭᠤᠨ ᠵᠢᠯ ᠦ᠋ᠨ ᠣᠢ ᠶ᠋ᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ》 《 ᠴᠧᠨ ᠢ ᠰᠢᠨ ᠶᠡᠷᠦᠩᠬᠡᠢ ᠱᠦᠵᠢ ᠶ᠋ᠢᠨ < ᠳᠣᠯᠣᠭᠠᠨ ᠰᠠᠷ᠎ᠠ ᠶ᠋ᠢᠨ ᠨᠢᠭᠡᠨ >  ᠦ᠌ ᠴᠢᠬᠤᠯᠠ ᠶᠠᠷᠢᠶ᠎ᠠ ᠶ᠋ᠢ ᠰᠤᠷᠤᠯᠴᠠᠬᠤ ᠲᠤᠬᠠᠢ ᠲᠠᠨᠢᠯᠲᠠ ᠶ᠋ᠢᠨ ᠣᠢᠯᠠᠭᠠᠯᠲᠠ 》 ᠵᠡᠷᠭᠡ ᠠᠭᠤᠯᠭ᠎ᠠ ᠶ᠋ᠢ ᠲᠥᠪᠯᠡᠷᠡᠭᠦᠯᠦᠨ ᠰᠤᠷᠤᠯᠴᠠᠵᠠᠢ ᠃

     ᠬᠤᠷᠠᠯ ᠠ᠋ᠴᠠ ᠴᠢᠬᠤᠯᠠᠴᠢᠯᠠᠭᠰᠠᠨ ᠨᠢ ᠂ ᠶᠡᠷᠦᠩᠬᠡᠢ ᠱᠦᠵᠢ ᠰᠢ ᠵᠢᠨ ᠫᠢᠩ ᠦ᠋ᠨ 《7.1》  ᠤ ᠴᠢᠬᠤᠯᠠ ᠶᠠᠷᠢᠶ᠎ᠠ ᠨᠢ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠵᠠᠭᠤᠨ ᠵᠢᠯ ᠦ᠋ᠨ ᠣᠢ ᠶ᠋ᠢ ᠪᠡᠯᠭᠡᠯᠡᠬᠦ ᠴᠢᠬᠤᠯᠠ ᠴᠠᠭ ᠮᠥᠴᠡ ᠪᠠ 《ᠬᠣᠣᠰ ᠵᠠᠭᠤᠨ ᠵᠢᠯ》 ᠦ᠋ᠨ ᠲᠡᠦᠬᠡ ᠶ᠋ᠢᠨ ᠠᠭᠤᠯᠵᠠᠷ ᠤ᠋ᠨ ᠵᠠᠩᠭᠢᠯᠠᠭ᠎ᠠ ᠶ᠋ᠢᠨ ᠴᠡᠭ ᠪᠣᠯ ᠮᠠᠷᠺᠰ ᠤ᠋ᠨ ᠦᠵᠡᠯ ᠦ᠋ᠨ ᠬᠥᠲᠥᠯᠪᠦᠷᠢ ᠶ᠋ᠢᠨ ᠴᠢᠨᠠᠷᠲᠠᠢ ᠰᠤᠷᠪᠤᠯᠵᠢ ᠪᠢᠴᠢᠭ ᠪᠣᠯᠤᠨ᠎ᠠ ᠂ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠡᠪ ᠬᠠᠮᠲᠤᠴᠤᠳ ᠤ᠋ᠨ ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠤᠯᠤᠰ ᠲᠥᠷᠥ ᠶ᠋ᠢᠨ ᠲᠤᠩᠬᠠᠭ ᠪᠣᠯ ᠮᠠᠨ ᠤ᠋ ᠨᠠᠮ ᠤ᠋ᠨ ᠪᠦᠯᠬᠦᠮᠳᠡᠯ ᠪᠣᠯᠤᠨ᠎ᠠ ᠃ ᠪᠢᠳᠡ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ 《ᠳᠥᠷᠪᠡᠨ ᠤᠬᠠᠮᠰᠠᠷ》 ᠢ᠋ᠶ᠋ᠠᠨ ᠤᠯᠠᠮ ᠨᠢᠭᠡ ᠠᠯᠬᠤᠮ ᠴᠢᠩᠭᠠᠳᠬᠠᠨ ᠂ 《ᠳᠥᠷᠪᠡᠨ ᠢᠲᠡᠭᠡᠯ》 ᠢ᠋ᠶ᠋ᠡᠨ ᠪᠠᠲᠤᠳᠬᠠᠵᠤ ᠂ 《ᠬᠣᠶᠠᠷ ᠬᠠᠮᠠᠭᠠᠯᠠᠬᠤ》 ᠶ᠋ᠢ ᠪᠡᠶᠡᠯᠡᠭᠦᠯᠵᠦ ᠂ 《ᠳᠣᠯᠣᠭᠠᠨ ᠰᠠᠷ᠎ᠠ ᠶ᠋ᠢᠨ ᠨᠢᠭᠡᠨ》 ᠦ᠌ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠣᠳᠣᠬᠠᠨ ᠤ᠋ ᠪᠠ ᠬᠣᠢᠰᠢᠳᠠ ᠶ᠋ᠢᠨ ᠨᠢᠭᠡ ᠵᠦᠢᠯ ᠦ᠋ᠨ ᠴᠢᠬᠤᠯᠠ ᠶᠡᠬᠡ ᠤᠯᠤᠰ ᠲᠥᠷᠥ ᠶ᠋ᠢᠨ ᠡᠭᠦᠷᠭᠡ ᠪᠣᠯᠭᠠᠨ ᠭᠦᠨᠵᠡᠭᠡᠢ ᠣᠢᠯᠠᠭᠠᠵᠤ ᠡᠵᠡᠮᠳᠡᠬᠦ ᠬᠡᠷᠡᠭᠲᠡᠢ ᠃

     ᠬᠤᠷᠠᠯ ᠠ᠋ᠴᠠ ᠂ ᠨᠢᠭᠡ ᠳ᠋ᠦ᠍ ᠂ ᠬᠠᠤᠯᠢ ᠴᠠᠭᠠᠵᠠ ᠶ᠋ᠢᠨ ᠠᠵᠢᠯ ᠳ᠋ᠠᠬᠢ ᠨᠠᠮ ᠤ᠋ᠨ ᠬᠠᠷᠢᠴᠠᠯᠠᠰᠢᠭᠦᠢ ᠤᠳᠤᠷᠢᠳᠤᠯᠭ᠎ᠠ ᠂ ᠨᠠᠮ ᠳ᠋ᠠᠭᠠᠨ ᠦᠨᠡᠨᠴᠢ ᠰᠢᠳᠤᠷᠭᠤ ᠂ ᠤᠯᠤᠰ ᠲᠥᠷᠥ ᠶ᠋ᠢᠨ ᠡᠷᠡᠰ ᠪᠠᠲᠤ ᠦᠨᠳᠦᠰᠦᠨ ᠴᠢᠭᠯᠡᠯ ᠢ᠋ ᠪᠠᠷᠢᠮᠲᠠᠯᠠᠬᠤ ᠬᠡᠷᠡᠭᠲᠡᠢ ᠃ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠶ᠋ᠢ ᠲᠡᠷᠢᠭᠦᠨ ᠪᠠᠢᠷᠢᠨ ᠳ᠋ᠤ᠌ ᠲᠠᠯᠪᠢᠬᠤ ᠶ᠋ᠢ ᠪᠠᠷᠢᠮᠲᠠᠯᠠᠵᠤ ᠂ ᠨᠠᠮ ᠤ᠋ᠨ ᠰᠢᠨ᠎ᠡ ᠶ᠋ᠢ ᠡᠭᠦᠳᠬᠦ ᠣᠨᠣᠯ ᠢ᠋ᠶ᠋ᠠᠷ ᠵᠡᠪᠰᠡᠭᠯᠡᠬᠦ ᠶᠠᠪᠤᠳᠠᠯ ᠢ᠋ ᠭᠦᠨᠵᠡᠭᠡᠢᠷᠡᠭᠦᠯᠦᠨ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠵᠦ ᠂ ᠦᠵᠡᠯ ᠰᠠᠨᠠᠭᠠᠨ ᠤ᠋ ᠰᠠᠭᠤᠷᠢ ᠶ᠋ᠢ ᠲᠠᠰᠤᠷᠠᠯᠲᠠ ᠦᠭᠡᠢ ᠪᠠᠲᠤᠳᠬᠠᠨ ᠂ ᠦᠢᠯᠡ ᠠᠵᠢᠯᠯᠠᠭ᠎ᠠ ᠶ᠋ᠢ ᠪᠠᠲᠤᠳᠬᠠᠵᠤ ᠂ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢ ᠬᠠᠷᠢᠴᠠᠯᠠᠰᠢ ᠦᠭᠡᠢ ᠦᠨᠡᠨᠴᠢ ᠰᠢᠳᠤᠷᠭᠤ ᠂ ᠬᠠᠷᠢᠴᠠᠯᠠᠰᠢ ᠦᠭᠡᠢ ᠠᠷᠢᠭᠤᠨ ᠴᠡᠪᠡᠷ ᠂ ᠬᠠᠷᠢᠴᠠᠯᠠᠰᠢ ᠦᠭᠡᠢ ᠨᠠᠢᠳᠠᠪᠤᠷᠢᠲᠠᠢ ᠤᠯᠤᠰ ᠲᠥᠷᠥ ᠶ᠋ᠢᠨ ᠮᠥᠨ ᠴᠢᠨᠠᠷ ᠢ᠋ ᠪᠠᠲᠤ ᠡᠵᠡᠮᠳᠡᠵᠦ ᠂ ᠨᠢᠭᠡᠨ ᠰᠠᠯᠠᠭ᠎ᠠ ᠢᠲᠡᠭᠡᠯ ᠵᠣᠷᠢᠭ ᠡᠷᠡᠰ ᠪᠠᠲᠤ ᠂ ᠠᠷᠠᠳ ᠤ᠋ᠨ ᠲᠥᠯᠥᠭᠡ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃

     ᠬᠣᠶᠠᠷ ᠲᠤ᠌᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭᠠᠨ ᠤ᠋ ᠭᠦᠨᠵᠡᠭᠡᠢ ᠠᠭᠤᠯᠤᠭᠳᠠᠬᠤᠨ ᠪᠠ ᠴᠠᠭ ᠦᠶ᠎ᠡ ᠶ᠋ᠢᠨ ᠦᠨ᠎ᠡ ᠥᠷᠲᠡᠭ ᠢ᠋ ᠭᠦᠨᠵᠡᠭᠡᠢ ᠣᠢᠯᠠᠭᠠᠬᠤ ᠬᠡᠷᠡᠭᠲᠡᠢ ᠃ ᠡᠯ᠎ᠡ ᠰᠠᠯᠠᠭ᠎ᠠ ᠮᠥᠴᠢᠷ ᠂ ᠡᠯ᠎ᠡ ᠨᠠᠮ ᠤ᠋ᠨ ᠡᠭᠦᠷ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ ᠤ᠋ᠨ ᠡᠳᠦᠷ ᠂ 《 ᠡᠷᠲᠡ ᠶ᠋ᠢᠨ ᠰᠢᠭᠦᠯᠲᠡ ᠨᠢᠭᠡ ᠮᠥᠴᠡ 》 ᠵᠡᠷᠭᠡ ᠣᠯᠠᠨ ᠵᠦᠢᠯ ᠦ᠋ᠨ ᠬᠡᠯᠪᠡᠷᠢ ᠪᠡᠷ ᠳᠠᠮᠵᠢᠨ ᠪᠦᠬᠦ ᠨᠠᠮ ᠤ᠋ᠨ ᠭᠡᠰᠢᠭᠦᠨ ᠢ᠋ ᠵᠣᠬᠢᠶᠠᠨ ᠪᠠᠢᠭᠤᠯᠵᠤ ᠂ᠺᠠᠲᠠᠷ ᠴᠠᠭᠳᠠᠭ᠎ᠠ ᠪᠠᠨ ᠰᠠᠢᠲᠤᠷ ᠰᠤᠷᠤᠯᠴᠠᠵᠤ ᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ ᠶ᠋ᠢ ᠭᠦᠨᠵᠡᠭᠡᠢ ᠣᠢᠯᠠᠭᠠᠵᠤ ᠂ ᠡᠯᠪᠡᠭ ᠪᠠᠶᠠᠯᠢᠭ ᠠᠭᠤᠯᠤᠭᠳᠠᠬᠤᠨ ᠲᠠᠢ ᠠᠭᠤᠤ ᠶᠡᠬᠡ ᠨᠠᠮ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠣᠢᠯᠠᠭᠠᠭᠤᠯᠤᠶ᠎ᠠ᠃

     ᠭᠤᠷᠪᠠ ᠳ᠋ᠤ᠌᠂《ᠳᠣᠯᠣᠭᠠᠨ ᠰᠠᠷ᠎ᠠ ᠶ᠋ᠢᠨ ᠨᠢᠭᠡᠨ 》  ᠦ᠌ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠪᠠᠷ ᠠᠵᠠ ᠲᠣᠬᠢᠶᠠᠯ ᠪᠣᠯᠭᠠᠨ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠠᠭᠤᠯᠤᠭᠳᠠᠬᠤᠨ ᠢ᠋ ᠪᠠᠶᠠᠯᠢᠭᠵᠢᠭᠤᠯᠤᠨ ᠥᠷᠭᠡᠳᠬᠡᠵᠦ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠭᠦᠨ ᠳᠠᠰᠢ ᠂ ᠪᠣᠳᠠᠲᠤ ᠭᠠᠵᠠᠷ ᠳᠠᠰᠢ ᠠᠬᠢᠭᠤᠯᠬᠤ ᠬᠡᠷᠡᠭᠲᠡᠢ ᠃ ᠶᠡᠷᠦᠩᠬᠡᠢ ᠱᠦᠵᠢ ᠰᠢ ᠵᠢᠨ ᠫᠢᠩ ᠦ᠋ᠨ ᠨᠠᠮ ᠤ᠋ᠨ ᠲᠥᠪ ᠬᠣᠷᠢᠶ᠎ᠠ ᠶ᠋ᠢ ᠲᠥᠯᠥᠭᠡᠯᠡᠨ ᠲᠠᠯᠪᠢᠭᠰᠠᠨ ᠠᠭᠤᠤ ᠶᠡᠬᠡ ᠤᠷᠢᠶᠠᠯᠠᠭ᠎ᠠ ᠶ᠋ᠢ ᠭᠦᠨᠵᠡᠭᠡᠢ ᠣᠢᠯᠠᠭᠠᠵᠤ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠬᠦᠰᠡᠯᠡᠩ ᠢᠲᠡᠭᠡᠯ ᠵᠣᠷᠢᠭ ᠢ᠋ᠶ᠋ᠠᠨ ᠪᠠᠲᠤᠳᠬᠠᠵᠤ ᠂ ᠨᠠᠮ ᠤ᠋ᠨ ᠵᠣᠷᠢᠯᠲᠠ ᠶ᠋ᠢ ᠦᠢᠯᠡᠳᠦᠯᠭᠡᠵᠢᠭᠦᠯᠵᠦ ᠂ ᠠᠷᠠᠳ ᠣᠯᠠᠨ ᠯᠤᠭ᠎ᠠ ᠶ᠋ᠢᠨ ᠴᠢᠰᠤ ᠮᠢᠬᠠᠨ ᠤ᠋ ᠬᠠᠷᠢᠴᠠᠭ᠎ᠠ ᠪᠠᠨ ᠥᠨᠢ ᠡᠭᠦᠷᠢᠳᠡ ᠠᠷᠠᠳ ᠲᠦᠮᠡᠨ ᠦ᠌ ᠪᠣᠳᠣᠬᠤ ᠲᠠᠢ ᠬᠠᠮᠲᠤ ᠠᠵᠢᠯᠯᠠᠵᠤ ᠪᠣᠢ 《 7.1 》  ᠦ᠌ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠰᠤᠷᠤᠯᠴᠠᠬᠤ ᠦᠷ᠎ᠡ ᠪᠦᠲᠦᠭᠡᠯ ᠢ᠋ ᠤᠷᠤᠭᠰᠢ ᠲᠡᠮᠡᠦᠯᠬᠦ ᠰᠢᠨ᠎ᠡ ᠠᠶᠠᠨ ᠵᠠᠮ ᠂ ᠰᠢᠨ᠎ᠡ ᠴᠠᠭ ᠦᠶ᠎ᠡ ᠶ᠋ᠢ ᠪᠦᠲᠦᠭᠡᠬᠦ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ 《 ᠪᠢ ᠣᠯᠠᠨ ᠲᠦᠮᠡᠨ ᠳ᠋ᠦ᠍ ᠪᠣᠳᠠᠲᠤ ᠶᠠᠪᠤᠳᠠᠯ ᠬᠢᠵᠦ ᠥᠭᠬᠦ 》 ᠦᠢᠯᠡᠳᠦᠯᠭᠡ ᠶ᠋ᠢᠨ ᠠᠵᠢᠯᠯᠠᠭᠠᠨ ᠢ᠋ ᠦᠷᠭᠦᠯᠵᠢᠯᠡᠨ ᠥᠷᠨᠢᠭᠦᠯᠵᠦ ᠂ ᠲᠤᠬᠠᠢᠯᠠᠭᠰᠠᠨ ᠠᠵᠢᠯ ᠤ᠋ᠨ ᠪᠠᠢᠷᠢ ᠳ᠋ᠠᠭᠠᠨ ᠰᠠᠭᠤᠷᠢᠯᠠᠨ ᠂ ᠦᠨᠡᠨ ᠬᠦ᠌ ᠥᠷᠭᠡᠨ ᠣᠯᠠᠨ ᠲᠦᠮᠡᠨ ᠳ᠋ᠦ᠍ ᠪᠣᠳᠠᠲᠤ ᠶᠠᠪᠤᠳᠠᠯ ᠬᠢᠵᠦ ᠥᠭᠴᠦ ᠂ ᠬᠦᠴᠢᠷ ᠠᠰᠠᠭᠤᠳᠠᠯ ᠢ᠋ ᠰᠢᠢᠳᠪᠦᠷᠢᠯᠡᠨ ᠠᠷᠠᠳ ᠣᠯᠠᠨ ᠤ᠋ ᠬᠦᠷᠲᠡᠭᠡᠮᠵᠢ ᠪᠠ ᠵᠣᠯ ᠵᠢᠷᠭᠠᠯ ᠤ᠋ᠨ ᠰᠡᠳᠬᠢᠯᠭᠡ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )