ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ ᠵᠠᠭᠤᠨ ᠵᠢᠯ ᠦ᠋ᠨ ᠣᠢ ᠬᠦᠷᠴᠦ ᠢᠷᠡᠬᠦ ᠲᠠᠰᠢᠷᠠᠮ ᠳ᠋ᠤ᠌ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ《 ᠢᠷᠠᠭᠤ ᠠᠯᠳᠠᠷ ᠨᠠᠮ ᠤ᠋ᠨ 50 ᠵᠢᠯ 》 ᠦ᠋ᠨ ᠨᠠᠮ ᠤ᠋ᠨ ᠭᠡᠰᠢᠭᠦᠨ ᠪᠣᠯᠤᠨ ᠬᠦᠴᠢᠷᠳᠡᠯ ᠲᠡᠢ ᠠᠬᠠᠮᠠᠳ ᠨᠠᠮ ᠤ᠋ᠨ ᠭᠡᠰᠢᠭᠦᠨ ᠢ᠋ ᠪᠣᠯᠭᠣᠭᠠᠨ ᠲᠣᠬᠣᠨᠢᠭᠤᠯᠵᠤ ᠂ ᠲᠡᠳᠡᠨ ᠳ᠋ᠦ᠍ ᠪᠠᠶᠠᠷ ᠤ᠋ᠨ ᠡᠳᠦᠷ ᠦ᠋ᠨ ᠮᠡᠨᠳᠦᠴᠢᠯᠡᠯ ᠪᠣᠯᠤᠨ ᠡᠷᠬᠢᠮ ᠳᠡᠭᠡᠳᠦ ᠬᠦᠨᠳᠦᠳᠬᠡᠯ ᠢ᠋ᠶ᠋ᠡᠨ ᠳᠡᠪᠰᠢᠭᠦᠯᠵᠡᠢ ᠃
《ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠵᠠᠭᠤᠨ ᠨᠠᠰᠤᠨ ᠤ᠋ ᠲᠥᠷᠥᠭᠰᠡᠨ ᠡᠳᠦᠷ ᠦ᠋ᠨ ᠪᠠᠶᠠᠷ ᠬᠦᠷᠴᠦ ᠢᠷᠡᠭᠰᠡᠨ ᠳ᠋ᠦ᠍ ᠪᠢᠳᠡ ᠲᠠᠨ ᠢ᠋ ᠡᠷᠭᠢᠵᠦ ᠦᠵᠡᠶ᠎ᠡ ᠃ ᠲᠠᠨ ᠤ᠋ ᠪᠡᠶ᠎ᠡ ᠮᠠᠬᠠᠪᠣᠳ ᠤ᠋ᠨ ᠡᠷᠡᠭᠦᠯ ᠮᠡᠨᠳᠦ ᠠᠮᠢᠳᠤᠷᠠᠯ ᠤ᠋ᠨ ᠵᠣᠯ ᠵᠢᠷᠭᠠᠯ ᠢ᠋ ᠪᠡᠯᠭᠡᠯᠡᠶ᠎ᠡ︕》 ᠰᠦ ᠯᠢ ᠴᠡᠷᠢᠭ ᠦ᠋ᠨ ᠬᠣᠷᠢᠶᠠᠨ ᠳᠠᠷᠤᠭ᠎ᠠ ᠨᠠᠷ ᠠᠬᠠᠮᠠᠳ ᠨᠠᠮ ᠤ᠋ᠨ ᠭᠡᠰᠢᠭᠦᠨ ᠵᠠᠩ ᠱᠢ ᠵᠢᠶᠠ ᠶ᠋ᠢᠨ ᠭᠡᠷ ᠲᠦ᠍ ᠬᠦᠷᠴᠦ ᠲᠣᠬᠣᠨᠢᠭᠤᠯᠪᠠ ᠃ ᠲᠡᠷᠡ ᠂ ᠠᠬᠠᠮᠠᠳ ᠨᠠᠮ ᠤ᠋ᠨ ᠭᠡᠰᠢᠭᠦᠳ ᠦ᠋ᠨ ᠠᠮᠢᠳᠤᠷᠠᠯ ᠂ ᠡᠷᠡᠭᠦᠯ ᠮᠡᠨᠳᠦ ᠶ᠋ᠢᠨ ᠪᠠᠢᠳᠠᠯ ᠵᠡᠷᠭᠡ ᠪᠠᠢᠳᠠᠯ ᠢ᠋ ᠨᠠᠷᠢᠨ ᠯᠠᠪᠯᠠᠭᠰᠠᠨ ᠪᠥᠭᠡᠳ 《 ᠢᠷᠠᠭᠤ ᠠᠯᠳᠠᠷᠲᠠᠢ ᠨᠠᠮ ᠳ᠋ᠤ᠌ 50 ᠵᠢᠯ 》 ᠭᠡᠰᠡᠨ ᠳᠤᠷᠠᠰᠬᠠᠯ ᠤ᠋ᠨ ᠮᠧᠳᠠᠯ ᠭᠠᠷᠳᠠᠭᠤᠯᠪᠠ ᠃ ᠠᠬᠠᠮᠠᠳ ᠨᠠᠮ ᠤ᠋ᠨ ᠭᠡᠰᠢᠭᠦᠨ ᠪᠠᠶᠠᠰᠤᠩᠭᠤᠢ ᠰᠡᠳᠬᠢᠴᠡ ᠶ᠋ᠢ ᠪᠠᠲᠤᠯᠠᠵᠤ ᠂ ᠪᠡᠶ᠎ᠡ ᠪᠡᠨ ᠬᠦᠨᠳᠦᠳᠬᠡᠨ ᠂ ᠦᠯᠡᠳᠡᠪᠦᠷᠢ ᠢᠯᠴᠢ ᠶ᠋ᠢ ᠪᠠᠳᠠᠷᠠᠭᠤᠯᠵᠤ ᠂ ᠰᠢᠭᠦᠨ ᠲᠠᠰᠤᠯᠬᠤ ᠦᠢᠯᠡᠰ ᠦ᠋ᠨ ᠥᠨᠳᠥᠷ ᠴᠢᠨᠠᠷ ᠴᠢᠨᠰᠠᠭ᠎ᠠ ᠬᠥᠭᠵᠢᠯᠲᠡ ᠳ᠋ᠦ᠍ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠢᠯᠡᠭᠦᠬᠡᠨ ᠳᠤᠷᠠᠳᠬᠤ ᠶ᠋ᠢ ᠬᠦᠰᠡᠵᠡᠢ ᠃
ᠰᠦ᠍ ᠯᠢ ᠵᠢᠶᠦ᠋ᠨ ᠬᠡᠯᠡᠬᠦ ᠳ᠋ᠡᠭᠡᠨ ᠂ ᠨᠠᠮ ᠪᠠᠢᠭᠤᠯᠤᠭᠳᠠᠭᠰᠠᠨ 100ᠵᠢᠯ ᠦ᠋ᠨ ᠣᠢ ᠪᠣᠯᠵᠤ ᠪᠠᠢᠭ᠎ᠠ ᠦᠶ᠎ᠡ ᠳ᠋ᠦ᠍ ᠂ ᠨᠠᠮ ᠤ᠋ᠨ ᠲᠥᠪ ᠬᠣᠷᠢᠶ᠎ᠠ 50 ᠵᠢᠯ ᠡᠴᠡ ᠳᠡᠭᠡᠭᠰᠢ ᠨᠠᠮ ᠤ᠋ᠨ ᠭᠡᠰᠢᠭᠦᠨ ᠳ᠋ᠦ᠍ ᠳᠤᠷᠠᠰᠬᠠᠯ ᠤ᠋ᠨ ᠮᠧᠳᠠᠯ ᠣᠯᠭᠣᠬᠤ ᠪᠠᠷ ᠲᠣᠭᠲᠠᠭᠰᠠᠨ ᠨᠢ ᠂ ᠰᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶ᠎ᠠ ᠂ ᠠᠬᠠᠮᠠᠳ ᠨᠠᠮ ᠤ᠋ᠨ ᠭᠡᠰᠢᠭᠦᠨ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠳᠣᠲᠣᠨᠣ ᠬᠠᠯᠠᠮᠵᠢᠯᠠᠵᠤ ᠂ ᠨᠠᠮ ᠪᠠ ᠠᠷᠠᠳ ᠲᠦᠮᠡᠨ ᠡᠴᠡ ᠠᠬᠠᠮᠠᠳ ᠨᠠᠮ ᠤ᠋ᠨ ᠭᠡᠰᠢᠭᠦᠨ ᠳ᠋ᠦ᠍ ᠦᠵᠡᠭᠦᠯᠦᠭᠰᠡᠨ ᠬᠤᠪᠢ ᠨᠡᠮᠡᠷᠢ ᠶ᠋ᠢ ᠭᠦᠢᠴᠡᠳ ᠨᠤᠲᠠᠯᠠᠵᠤ ᠪᠣᠢ ᠃ ᠪᠢᠳᠡ ᠠᠬᠠᠮᠠᠳ ᠨᠠᠮ ᠤ᠋ᠨ ᠭᠡᠰᠢᠭᠦᠨ ᠢ᠋ᠶ᠋ᠡᠷ ᠳᠠᠭᠤᠷᠢᠶᠠᠯ ᠪᠣᠯᠭᠠᠨ ᠭᠡᠷᠡᠯ ᠰᠠᠴᠤᠷᠠᠩᠭᠤᠢ ᠲᠡᠦᠬᠡ ᠶ᠋ᠢ ᠪᠠᠲᠤ ᠴᠡᠭᠡᠵᠢᠯᠡᠨ ᠰᠢᠯᠢᠳᠡᠭ ᠤᠯᠠᠮᠵᠢᠯᠠᠯ ᠢ᠋ ᠪᠠᠳᠠᠷᠠᠭᠤᠯᠵᠤ ᠂ ᠬᠤᠪᠢᠰᠬᠠᠯ ᠤ᠋ᠨ ᠭᠧᠨ ᠢ᠋ ᠤᠯᠠᠮᠵᠢᠯᠠᠶ᠎ᠠ ᠭᠡᠪᠡᠯ ᠲᠠᠰᠤᠷᠠᠯᠲᠠ ᠦᠭᠡᠢ ᠤᠷᠤᠭᠰᠢᠯᠠᠨ ᠲᠠᠪᠰᠢᠬᠤ ᠬᠦᠴᠦᠨ ᠴᠢᠳᠠᠯ ᠢ᠋ ᠰᠢᠩᠭᠡᠭᠡᠨ ᠠᠪᠤᠨ᠎ᠠ ᠃
ᠯᠢ ᠵᠢᠩ ᠭᠣᠣ ᠳᠡᠳ᠋ ᠬᠣᠷᠢᠶᠠᠨ ᠳᠠᠷᠤᠭ᠎ᠠ ᠠᠬᠠᠮᠠᠳ ᠨᠠᠮ ᠤ᠋ᠨ ᠭᠡᠰᠢᠭᠦᠨ ᠶᠠᠩ ᠴᠦᠨ ᠮᠧᠢ ᠶ᠋ᠢᠨ ᠭᠡᠷ ᠲᠦ᠍ ᠬᠦᠷᠴᠦ ᠪᠣᠯᠭᠣᠭᠠᠨ ᠲᠣᠬᠣᠨᠢᠭᠤᠯᠵᠠᠢ ᠃ ᠲᠡᠷᠡ ᠠᠬᠠᠮᠠᠳ ᠨᠠᠮ ᠤ᠋ᠨ ᠭᠡᠰᠢᠭᠦᠨ ᠦ᠌ ᠪᠡᠶ᠎ᠡ ᠮᠠᠬᠠᠪᠣᠳ ᠤ᠋ᠨ ᠪᠠᠢᠳᠠᠯ ᠂ ᠠᠮᠢᠳᠤᠷᠠᠯ ᠤ᠋ᠨ ᠪᠠᠢᠳᠠᠯ ᠢ᠋ ᠨᠠᠷᠢᠨ ᠯᠠᠪᠯᠠᠨ ᠠᠰᠠᠭᠤᠪᠠ ᠃ ᠠᠬᠠᠮᠠᠳ ᠨᠠᠮ ᠤ᠋ᠨ ᠭᠡᠰᠢᠭᠦᠨ ᠣᠷᠳᠣᠰ ᠬᠣᠲᠠ ᠶ᠋ᠢᠨ ᠬᠠᠤᠯᠢ ᠴᠠᠭᠠᠵᠠ ᠶ᠋ᠢᠨ ᠰᠢᠭᠦᠨ ᠲᠠᠰᠤᠯᠤᠯᠲᠠ ᠶ᠋ᠢᠨ ᠦᠢᠯᠡᠰ ᠪᠣᠯᠤᠨ ᠬᠠᠤᠯᠢ ᠪᠠᠷ ᠵᠠᠰᠠᠬᠤ ᠪᠠᠢᠭᠤᠯᠤᠯᠲᠠ ᠳ᠋ᠤ᠌ ᠳᠣᠪᠣᠢᠮ᠎ᠠ ᠬᠤᠪᠢ ᠨᠡᠮᠡᠷᠢ ᠦᠵᠡᠭᠦᠯᠵᠦ ᠂ ᠲᠡᠳᠡᠨ ᠦ᠌ ᠪᠡᠶ᠎ᠡ ᠳᠡᠭᠡᠷ᠎ᠡ ᠡᠪ ᠬᠠᠮᠲᠤᠴᠤᠳ ᠤ᠋ᠨ ᠡᠷᠬᠢᠮ ᠳᠡᠭᠡᠳᠦ ᠣᠶᠤᠨ ᠰᠠᠨᠠᠭᠠᠨ ᠤ᠋ ᠬᠡᠪ ᠴᠢᠨᠠᠷ ᠪᠣᠯᠤᠨ ᠤᠯᠤᠰ ᠲᠥᠷᠥ ᠶ᠋ᠢᠨ ᠬᠡᠪ ᠪᠣᠯᠪᠠᠰᠤᠷᠠᠯ ᠢ᠋ ᠭᠦᠢᠴᠡᠳ ᠬᠠᠷᠠᠭᠤᠯᠵᠠᠢ ᠭᠡᠵᠦ ᠬᠡᠯᠡᠪᠡ ᠃ ᠪᠢᠳᠡ ᠬᠤᠪᠢᠰᠬᠠᠯ ᠤ᠋ᠨ ᠠᠬᠠᠮᠠᠳ ᠦᠶ᠎ᠡ ᠶ᠋ᠢᠨ ᠬᠢᠨ ᠦ᠌ ᠲᠡᠦᠬᠡᠨ ᠭᠠᠪᠢᠶ᠎ᠠ ᠵᠢᠳᠬᠦᠯ ᠢ᠋ ᠪᠠᠲᠤ ᠴᠡᠭᠡᠵᠢᠯᠡᠵᠦ ᠂ ᠬᠤᠪᠢᠰᠬᠠᠯᠲᠤ ᠵᠣᠷᠢᠭ ᠰᠠᠨᠠᠭ᠎ᠠ ᠶ᠋ᠢ ᠵᠠᠯᠭᠠᠮᠵᠢᠯᠠᠵᠤ ᠂ ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠬᠦᠰᠡᠯᠡᠩ ᠢᠲᠡᠭᠡᠯ ᠵᠣᠷᠢᠭ ᠰᠠᠨᠠᠭ᠎ᠠ ᠪᠠᠷ ᠨᠠᠮ ᠢ᠋ ᠵᠥᠪᠰᠢᠶᠡᠷᠡᠵᠦ ᠤᠯᠤᠰ ᠢ᠋ᠶ᠋ᠠᠨ ᠮᠡᠳᠡᠭᠦᠯᠬᠦ ᠤᠭ ᠰᠡᠳᠬᠢᠯ ᠢ᠋ ᠦᠢᠯᠡᠳᠦᠯᠭᠡᠵᠢᠭᠦᠯᠦᠨ᠎ᠡ ᠃
ᠪᠤᠰᠤᠳ ᠬᠣᠷᠢᠶᠠᠨ ᠤ᠋ ᠤᠳᠤᠷᠢᠳᠤᠯᠭ᠎ᠠ ᠪᠠᠰᠠ ᠤᠷᠢᠳ ᠬᠣᠵᠢᠳ《 ᠢᠷᠠᠭᠤ ᠠᠯᠳᠠᠷᠲᠠᠢ ᠨᠠᠮ ᠤ᠋ᠨ 50 ᠣᠨ ᠳ᠋ᠤ᠌》 ᠨᠠᠮ ᠤ᠋ᠨ ᠭᠡᠰᠢᠭᠦᠨ ᠪᠣᠯᠤᠨ ᠬᠦᠴᠢᠷᠳᠡᠯᠲᠡᠢ ᠠᠬᠠᠮᠠᠳ ᠨᠠᠮ ᠤ᠋ᠨ ᠭᠡᠰᠢᠭᠦᠨ ᠦ᠌ ᠭᠡᠷ ᠲᠦ᠍ ᠬᠦᠷᠴᠦ ᠲᠡᠳᠡᠨ ᠲᠡᠢ ᠳᠣᠲᠣᠨᠣ ᠪᠠᠷ ᠶᠠᠷᠢᠯᠴᠠᠵᠤ ᠂ ᠲᠡᠳᠡᠨ ᠦ᠌ ᠪᠡᠶ᠎ᠡ ᠶ᠋ᠢᠨ ᠪᠠᠢᠳᠠᠯ ᠂ ᠭᠡᠷ ᠪᠦᠯᠢ ᠶ᠋ᠢᠨ ᠪᠠᠢᠳᠠᠯ ᠪᠣᠯᠤᠨ ᠠᠮᠢᠳᠤᠷᠠᠯ ᠤ᠋ᠨ ᠬᠦᠴᠢᠷᠳᠡᠯ ᠢ᠋ ᠨᠢ ᠯᠠᠪᠯᠠᠨ ᠠᠰᠠᠭᠤᠵᠤ ᠂ ᠲᠡᠳᠡᠨ ᠳ᠋ᠦ᠍ ᠲᠣᠬᠣᠨᠢᠭᠤᠯᠬᠤ ᠮᠥᠩᠭᠥ ᠬᠦᠷᠭᠡᠬᠦ ᠶ᠋ᠢᠨ ᠬᠠᠮᠲᠤ《 ᠢᠷᠠᠭᠤ ᠠᠯᠳᠠᠷ ᠢ᠋ ᠨᠠᠮ 50 ᠵᠢᠯ 》 ᠦ᠋ᠨ ᠱᠠᠩᠨᠠᠯ ᠬᠦᠷᠭᠡᠭᠰᠡᠨ ᠳ᠋ᠦ᠍ ᠲᠡᠳᠡᠨ ᠦ᠌ ᠳᠤᠷᠠᠰᠬᠠᠯ ᠤ᠋ᠨ ᠲᠡᠮᠳᠡᠭ ᠵᠡᠭᠦᠯᠭᠡᠵᠦ ᠂ ᠲᠡᠳᠡᠨ ᠦ᠌ ᠤᠯᠤᠰ ᠭᠦᠷᠦᠨ ᠂ ᠨᠡᠢᠭᠡᠮ ᠳ᠋ᠦ᠍ ᠲᠠᠯᠠᠷᠬᠠᠵᠠᠢ ᠃
ᠠᠵᠢᠯ ᠠ᠋ᠴᠠ ᠠᠮᠠᠷᠠᠭᠰᠠᠨ ᠠᠬᠠᠮᠠᠳ ᠨᠠᠮ ᠤ᠋ᠨ ᠭᠡᠰᠢᠭᠦᠨ ᠡᠮᠨᠡᠯᠭᠡ ᠶ᠋ᠢᠨ ᠬᠣᠷᠢᠶᠠᠨ ᠤ᠋ ᠤᠳᠤᠷᠢᠳᠤᠯᠭ᠎ᠠ ᠶ᠋ᠢᠨ ᠲᠣᠬᠣᠨᠢᠭᠤᠯᠤᠯ ᠳ᠋ᠤ᠌ ᠴᠢᠩ ᠰᠡᠳᠬᠢᠯ ᠡᠴᠡ ᠪᠡᠨ ᠲᠠᠯᠠᠷᠬᠠᠵᠤ ᠪᠠᠢᠬᠤ ᠪᠠᠨ ᠢᠯᠡᠳᠬᠡᠪᠡ ᠃ ᠣᠯᠠᠨ ᠢ᠋ᠶ᠋ᠠᠷ ᠢ᠋ᠶ᠋ᠠᠨ ᠨᠠᠮ ᠤ᠋ᠨ ᠠᠯᠬᠤᠴᠠ ᠶ᠋ᠢ ᠰᠠᠯᠤᠯ ᠦᠭᠡᠢ ᠳᠠᠭᠠᠵᠤ ᠨᠠᠮ ᠤ᠋ᠨ ᠰᠢᠯᠢᠳᠡᠭ ᠤᠯᠠᠮᠵᠢᠯᠠᠯ ᠢ᠋ ᠦᠷᠭᠦᠯᠵᠢᠯᠡᠨ ᠪᠠᠳᠠᠷᠠᠭᠤᠯᠵᠤ ᠂ ᠨᠠᠮ ᠤ᠋ᠨ ᠠᠵᠢᠯ ᠦᠢᠯᠡᠰ ᠲᠦ᠍ ᠥᠩᠭᠡ ᠭᠡᠷᠡᠯ ᠨᠡᠮᠡᠷᠢᠯᠡᠵᠦ ᠪᠣᠳᠠᠲᠤ ᠠᠵᠢᠯᠯᠠᠭ᠎ᠠ ᠪᠠᠷ ᠢ᠋ᠶ᠋ᠠᠨ ᠳᠡᠷᠭᠡᠳᠡᠬᠢ ᠨᠠᠮ ᠤ᠋ᠨ ᠭᠡᠰᠢᠭᠦᠨ ᠲᠦᠮᠡᠨ ᠢ᠋ ᠳᠠᠢᠴᠢᠯᠠᠨ ᠂ ᠮᠠᠨ ᠤ᠋ ᠬᠣᠲᠠ ᠶ᠋ᠢᠨ ᠬᠠᠤᠯᠢᠵᠢᠯ ᠤ᠋ᠨ ᠨᠡᠢᠭᠡᠮ ᠦ᠋ᠨ ᠪᠠᠢᠭᠤᠯᠤᠯᠲᠠ ᠳ᠋ᠤ᠌ ᠥᠪᠡᠷ ᠦ᠋ᠨ ᠬᠦᠴᠦᠨ ᠴᠢᠳᠠᠯ ᠢ᠋ᠶ᠋ᠠᠨ ᠡᠷᠭᠦᠨ᠎ᠡ ᠭᠡᠵᠦ ᠢᠯᠡᠳᠬᠡᠵᠡᠭᠡᠪᠡ ᠃
ᠦᠨᠡᠯᠡᠬᠦ 0ᠦᠨᠡᠯᠡᠯᠲᠡ ᠲᠠᠢ