ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠬᠣᠷᠢᠶᠠᠨ ᠳᠠᠷᠤᠭ᠎ᠠ ᠰᠦ᠍ ᠯᠢ ᠵᠢᠶᠦ᠋ᠨ ᠵᠡᠭᠦᠨᠭᠠᠷ ᠬᠤᠰᠢᠭᠤᠨ ᠤ᠋ ᠯᠦᠩᠺᠸᠦ ᠠᠷᠠᠳ ᠤ᠋ᠨ ᠰᠢᠭᠦᠬᠦ ᠲᠢᠩᠬᠢᠮ ᠳ᠋ᠦ᠍ ᠭᠦᠨᠵᠡᠭᠡᠢᠷᠡᠨ ᠪᠠᠢᠴᠠᠭᠠᠨ ᠰᠤᠳᠤᠯᠵᠤ ᠵᠢᠯᠣᠭᠣᠳᠬᠤ ᠠᠵᠢᠯ ᠬᠢᠭᠰᠡᠨ ᠪᠠᠢᠨ᠎ᠠ
2021.07.19 ᠲᠣᠰ ᠥᠷᠲᠡᠭᠡᠨ᠎ᠦ ᠨᠠᠢᠷᠠᠭᠤᠯᠤᠭᠴᠢ

     7 ᠰᠠᠷ᠎ᠠ ᠶ᠋ᠢᠨ 1 ᠦ᠌ ᠦᠳᠡ ᠶ᠋ᠢᠨ ᠬᠣᠢᠨ᠎ᠠ ᠶᠠᠭ ᠰᠠᠢᠬᠠᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠵᠠᠭᠤᠨ ᠵᠢᠯ ᠦ᠋ᠨ ᠮᠡᠨᠳᠦᠯᠡᠭᠰᠡᠨ ᠪᠠᠶᠠᠷ ᠬᠦᠷᠴᠦ ᠢᠷᠡᠬᠦ ᠲᠠᠰᠢᠷᠠᠮ ᠳ᠋ᠤ᠌ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠵᠡᠷᠭᠡ ᠬᠥᠮᠦᠰ ᠵᠡᠭᠦᠨᠭᠠᠷ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠯᠦᠩᠺᠸᠦ ᠶ᠋ᠢᠨ ᠠᠷᠠᠳ ᠤ᠋ᠨ ᠰᠢᠭᠦᠬᠦ ᠲᠢᠩᠬᠢᠮ ᠳ᠋ᠦ᠍ ᠪᠠᠢᠴᠠᠭᠠᠨ ᠰᠤᠳᠤᠯᠵᠤ ᠵᠢᠯᠣᠭᠣᠳᠬᠤ ᠠᠵᠢᠯ ᠬᠢᠭᠰᠡᠨ ᠪᠠᠢᠨ᠎ᠠ᠃ ᠵᠡᠭᠦᠨᠭᠠᠷ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠵᠠᠩ ᠬᠠᠢ ᠯᠦᠩ ᠨᠠᠷ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠪᠡ ᠃

 

 

     ᠰᠦ᠍ ᠯᠢ ᠵᠢᠶᠦ᠋ᠨ ᠤᠷᠢᠳ ᠬᠣᠵᠢᠳ ᠯᠦᠩᠺᠸᠦ ᠰᠢᠭᠦᠬᠦ ᠲᠢᠩᠬᠢᠮ ᠦ᠋ᠨ ᠬᠡᠷᠡᠭ ᠪᠣᠯᠭᠠᠬᠤ ᠣᠷᠣᠨ ᠪᠦᠰᠡ᠂ ᠰᠢᠭᠦᠨ ᠲᠠᠰᠤᠯᠬᠤ ᠣᠷᠣᠨ ᠪᠦᠰᠡ᠂ ᠺᠠᠲᠠᠷ ᠴᠠᠭᠳᠠᠭ᠎ᠠ ᠶ᠋ᠢᠨ ᠬᠣᠭᠣᠯᠠᠨ ᠭᠡᠷ ᠵᠢᠴᠢ ᠪᠠᠢᠷᠢ ᠶ᠋ᠢᠨ ᠭᠡᠷ ᠵᠡᠷᠭᠡ ᠭᠠᠵᠠᠷ ᠤ᠋ᠨ ᠦᠨᠳᠦᠰᠦᠨ ᠪᠦᠲᠦᠭᠡᠨ ᠪᠠᠢᠭᠤᠯᠤᠯᠲᠠ᠂ ᠠᠵᠢᠯᠲᠠᠨ ᠤ᠋ ᠲᠣᠬᠢᠷᠠᠭᠤᠯᠤᠯᠲᠠ ᠵᠡᠷᠭᠡ ᠪᠠᠢᠳᠠᠯ ᠵᠢᠴᠢ ᠡᠳᠦᠷ ᠲᠤᠲᠤᠮ ᠤ᠋ᠨ ᠠᠵᠢᠯ ᠪᠣᠯᠤᠨ ᠠᠮᠢᠳᠤᠷᠠᠯ ᠳ᠋ᠤ᠌ ᠲᠤᠯᠭᠠᠷᠠᠵᠤ ᠪᠠᠢᠭ᠎ᠠ ᠠᠰᠠᠭᠤᠳᠠᠯ ᠤ᠋ᠳ ᠢ᠋ ᠨᠠᠷᠢᠨ ᠣᠢᠯᠠᠭᠠᠪᠠ᠃

     ᠰᠦ᠍ ᠯᠢ ᠵᠢᠶᠦ᠋ᠨ ᠴᠢᠬᠤᠯᠠᠴᠢᠯᠠᠭᠰᠠᠨ ᠨᠢ ᠠᠷᠠᠳ ᠤ᠋ᠨ ᠰᠢᠭᠦᠬᠦ ᠲᠢᠩᠬᠢᠮ ᠪᠣᠯ ᠨᠡᠢᠭᠡᠮ ᠦ᠋ᠨ ᠵᠥᠷᠢᠴᠡᠯ ᠢ᠋ ᠨᠠᠮᠳᠠᠭᠤᠯᠬᠤ ᠡᠮᠦᠨ᠎ᠡ ᠹᠷᠣᠨᠲ ᠤ᠋ᠨ ᠵᠢᠭᠰᠠᠭᠠᠯ ᠤ᠋ᠨ ᠭᠠᠵᠠᠷ ᠮᠥᠨ ᠴᠦ᠍ ᠦᠨᠳᠦᠰᠦᠨ ᠱᠠᠲᠤᠨ ᠤ᠋ ᠵᠠᠰᠠᠯᠲᠠ ᠶ᠋ᠢᠨ ᠳᠤᠲᠠᠭᠳᠠᠵᠤ ᠪᠣᠯᠣᠰᠢ ᠥᠬᠡᠢ ᠪᠦᠷᠢᠯᠳᠦᠬᠦᠨ ᠬᠡᠰᠡᠭ ᠮᠥᠨ ᠃ ᠣᠯᠠᠨ ᠲᠦᠮᠡᠨ ᠦ᠌ ᠵᠠᠷᠭᠤ ᠵᠠᠭᠠᠯᠳᠤᠯᠭ᠎ᠠ ᠳ᠋ᠤ᠌ ᠳᠥᠭᠥᠮ ᠦᠵᠡᠭᠦᠯᠬᠦ ᠨᠡᠢᠭᠡᠮ ᠦ᠋ᠨ ᠲᠣᠭᠲᠠᠭᠤᠨ ᠢ᠋ ᠬᠠᠮᠠᠭᠠᠯᠠᠬᠤ ᠢᠳᠡᠪᠬᠢ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠠᠩᠬᠠᠨ ᠤ᠋ ᠰᠡᠳᠬᠢᠯ ᠢ᠋ᠶ᠋ᠡᠨ ᠬᠢᠴᠢᠶᠡᠩᠭᠦᠢᠯᠡᠨ ᠵᠢᠷᠤᠮᠯᠠᠵᠤ ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ ᠂ ᠡᠷᠴᠢ ᠵᠣᠷᠢᠭ ᠢ᠋ᠶ᠋ᠠᠨ ᠭᠦᠢᠴᠡᠳ ᠪᠠᠳᠠᠷᠠᠭᠤᠯᠵᠤ ᠂ ᠴᠣᠭ ᠵᠣᠷᠢᠭ ᠢ᠋ᠶ᠋ᠠᠨ ᠬᠥᠪᠴᠢᠯᠡᠨ ᠂ 《 ᠠᠷᠠᠳ ᠣᠯᠠᠨ ᠢ᠋ ᠬᠠᠤᠯᠢ ᠴᠠᠭᠠᠵᠠ ᠶ᠋ᠢᠨ ᠬᠡᠷᠡᠭ ᠪᠣᠯᠭᠠᠨ ᠳᠤᠮᠳᠠ ᠲᠥᠪ ᠭᠣᠣᠯᠴᠢ ᠰᠢᠳᠤᠷᠭᠤ ᠶᠣᠰᠣ ᠶ᠋ᠢ ᠣᠢᠯᠠᠭᠠᠭᠤᠯᠬᠤ》 ᠶ᠋ᠢᠨ ᠬᠠᠷᠠᠯᠲᠠ ᠶ᠋ᠢᠨ ᠲᠣᠭᠣᠷᠢᠨ ᠳ᠋ᠤ᠌ ᠦᠨᠳᠦᠰᠦᠨ ᠬᠠᠤᠯᠢ ᠴᠠᠭᠠᠵᠠ ᠬᠠᠤᠯᠢ ᠴᠠᠭᠠᠵᠠ ᠠ᠋ᠴᠠ ᠣᠯᠭᠣᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠡᠷ ᠭᠦᠢᠴᠡᠳᠬᠡᠵᠦ ᠂ ᠵᠢᠯ ᠪᠦᠷᠢ ᠪᠣᠳᠠᠲᠤ ᠠᠵᠢᠯᠯᠠᠭ᠎ᠠ ᠪᠠᠷ ᠢ᠋ᠶ᠋ᠠᠨ ᠨᠠᠮ ᠪᠠᠢᠭᠤᠯᠬᠤ ᠳ᠋ᠤ᠌ ᠨᠡᠩ ᠢᠯᠡᠭᠦᠦ ᠬᠠᠨᠳᠢᠪᠯᠠᠨ᠎ᠠ ᠃

     ᠰᠦ᠍ ᠯᠢ ᠵᠢᠶᠦ᠋ᠨ ᠵᠢᠭᠠᠵᠤ ᠭᠠᠷᠭᠠᠭᠰᠠᠨ ᠨᠢ ᠂ ᠨᠢᠭᠡ ᠳ᠋ᠦ᠍ ᠂ ᠤᠯᠤᠰ ᠲᠥᠷᠥ ᠶ᠋ᠢᠨ ᠰᠤᠷᠤᠯᠴᠠᠯᠭ᠎ᠠ ᠶ᠋ᠢ ᠴᠢᠩᠭ᠋ᠠᠳᠬᠠᠵᠤ ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠢᠮᠠᠭᠲᠠ ᠲᠤᠤᠱᠯᠠᠭᠤᠯᠬᠤ ᠬᠡᠷᠡᠭᠲᠡᠢ ᠃ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠥᠷᠨᠢᠭᠦᠯᠬᠦ ᠶ᠋ᠢᠨ ᠴᠢᠬᠤᠯᠠ ᠠᠴᠢ ᠬᠣᠯᠪᠣᠭᠳᠠᠯ ᠢ᠋ ᠭᠦᠢᠴᠡᠳ ᠲᠠᠨᠢᠵᠤ ᠂ ᠳᠡᠭᠡᠳᠦ ᠬᠡᠮᠵᠢᠶᠡᠨ ᠦ᠌ ᠲᠡᠦᠬᠡᠨ ᠡᠭᠦᠷᠭᠡ ᠬᠠᠷᠢᠭᠤᠴᠠᠯᠭᠠᠲᠤ ᠰᠡᠳᠬᠢᠯᠭᠡ ᠪᠡᠷ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠢ ᠥᠷᠨᠢᠭᠦᠯᠵᠦ ᠂ 《ᠳᠥᠷᠪᠡᠨ ᠤᠬᠠᠮᠰᠠᠷ》 ᠢ᠋ ᠪᠠᠲᠤᠳᠬᠠᠵᠤ ᠂ ᠣᠶᠤᠨ ᠰᠠᠨᠠᠭᠠᠨ ᠤ᠋ ᠲᠤᠯᠭᠠᠭᠤᠷᠢᠯᠠᠯ ᠢ᠋ ᠪᠠᠲᠤ ᠪᠡᠬᠢ ᠪᠣᠢ ᠪᠣᠯᠭᠠᠵᠤ ᠂ ᠬᠦᠰᠡᠯᠡᠩ ᠢᠲᠡᠭᠡᠯ ᠪᠢᠰᠢᠷᠡᠯ ᠢ᠋ᠶ᠋ᠡᠨ ᠪᠠᠲᠤᠳᠬᠠᠨ ᠂ ᠦᠨᠡᠨᠴᠢ ᠰᠢᠳᠤᠷᠭᠤ ᠂ ᠴᠡᠪᠡᠷ ᠴᠢᠬᠡᠴᠢ ᠂ ᠵᠣᠷᠢᠭᠲᠠᠢ ᠡᠭᠦᠷᠭᠡᠯᠡᠳᠡᠭ ᠰᠢᠭᠦᠬᠦ ᠲᠢᠩᠬᠢᠮ ᠦ᠋ᠨ ᠺᠠᠲᠠᠷ ᠴᠠᠭᠳᠠᠭ᠎ᠠ ᠶ᠋ᠢᠨ ᠡᠩᠨᠡᠭᠡ ᠶ᠋ᠢ ᠪᠠᠢᠭᠤᠯᠤᠨ᠎ᠠ ᠃ ᠡᠭᠦᠨ ᠦ᠌ ᠬᠠᠮᠲᠤ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠭᠣᠣᠯᠳᠠᠯᠭ᠎ᠠ ᠲᠠᠢ ᠬᠠᠷᠠᠯᠲᠠ ᠶ᠋ᠢᠨ ᠡᠭᠦᠷᠭᠡ ᠶ᠋ᠢ ᠴᠢᠨᠠᠷᠯᠢᠭ ᠪᠡᠶᠡᠯᠡᠭᠦᠯᠬᠦ ᠬᠡᠷᠡᠭᠲᠡᠢ ᠃ ᠬᠣᠶᠠᠷ ᠲᠤ᠌᠂ ᠡᠶᠡᠳᠡᠭᠦᠯᠭᠡ ᠶ᠋ᠢᠨ ᠦᠷ᠎ᠡ ᠳ᠋ᠦᠩ ᠢ᠋ ᠴᠢᠬᠤᠯᠠᠴᠢᠯᠠᠵᠤ ᠨᠡᠢᠭᠡᠮ ᠦ᠋ᠨ ᠡᠶ᠎ᠡ ᠵᠣᠬᠢᠴᠠᠯ ᠪᠠ ᠲᠣᠭᠲᠠᠭᠤᠨ ᠪᠠᠢᠳᠠᠯ ᠳ᠋ᠤ᠌ ᠬᠦᠴᠦᠯᠡᠬᠦ ᠬᠡᠷᠡᠭᠲᠡᠢ ᠃ ᠠᠷᠠᠳ ᠤ᠋ᠨ ᠰᠢᠭᠦᠬᠦ ᠨᠢ ᠨᠡᠢᠭᠡᠮ ᠦ᠋ᠨ ᠠᠮᠤᠷ ᠲᠦᠪᠰᠢᠨ ᠢ᠋ ᠬᠠᠮᠠᠭᠠᠯᠠᠬᠤ ᠪᠠ ᠵᠥᠷᠢᠴᠡᠯ ᠵᠢᠭᠤᠷᠠᠯᠳᠤᠭᠠᠨ ᠢ᠋ ᠰᠢᠢᠳᠪᠦᠷᠢᠯᠡᠬᠦ 《 ᠡᠮᠦᠨ᠎ᠡ ᠵᠠᠬ᠎ᠠ ᠶ᠋ᠢᠨ ᠵᠢᠭᠰᠠᠭᠠᠯ ᠤ᠋ᠨ ᠭᠠᠵᠠᠷ 》 ᠪᠣᠯᠤᠭᠰᠠᠨ ᠤ᠋ ᠬᠤᠪᠢ ᠳ᠋ᠤ᠌ 《 ᠡᠶᠡᠳᠡᠭᠦᠯᠬᠦ ᠪᠠ ᠰᠢᠭᠦᠨ ᠲᠠᠰᠤᠯᠬᠤ ᠶ᠋ᠢ ᠤᠶᠠᠯᠳᠤᠭᠤᠯᠬᠤ ᠂ ᠡᠶᠡᠳᠡᠭᠦᠯᠬᠦ ᠶ᠋ᠢ ᠲᠡᠷᠢᠭᠦᠨ ᠳ᠋ᠦ᠍ ᠲᠠᠯᠪᠢᠬᠤ 》 ᠵᠠᠷᠴᠢᠮ ᠢ᠋ ᠪᠠᠷᠢᠮᠲᠠᠯᠠᠵᠤ ᠂ ᠬᠠᠤᠯᠢ ᠴᠠᠭᠠᠵᠠ ᠶ᠋ᠢᠨ ᠡᠬᠢ ᠪᠠᠶᠠᠯᠢᠭ ᠂ ᠵᠠᠰᠠᠭ ᠵᠠᠬᠢᠷᠭᠠᠨ ᠤ᠋ ᠡᠬᠢ ᠪᠠᠶᠠᠯᠢᠭ ᠵᠢᠴᠢ ᠨᠡᠢᠭᠡᠮ ᠦ᠋ᠨ ᠡᠯ᠎ᠡ ᠵᠦᠢᠯ ᠦ᠋ᠨ ᠡᠬᠢ ᠪᠠᠶᠠᠯᠢᠭ ᠤ᠋ᠨ ᠡᠶᠡᠳᠡᠭᠦᠯᠬᠦ ᠠᠵᠢᠯ ᠤ᠋ᠨ ᠲᠣᠭᠲᠠᠴᠠ ᠶ᠋ᠢᠨ ᠲᠠᠯ᠎ᠠ ᠪᠠᠷ ᠰᠢᠨ᠎ᠡ ᠶ᠋ᠢ ᠡᠭᠦᠳᠴᠦ ᠵᠢᠭᠤᠷᠠᠯᠳᠤᠭᠠᠨ ᠢ᠋ ᠡᠭᠦᠰᠦᠯᠲᠡ ᠶ᠋ᠢᠨ ᠦᠶ᠎ᠡ ᠳ᠋ᠦ᠍ᠨᠢ ᠰᠢᠢᠳᠪᠦᠷᠢᠯᠡᠬᠦ ᠬᠡᠷᠡᠭᠲᠡᠢ ᠃ ᠭᠤᠷᠪᠠ ᠳ᠋ᠤ᠌᠂ ᠤᠭ ᠰᠠᠨᠠᠭ᠎ᠠ ᠪᠠᠨ ᠰᠠᠬᠢᠵᠤ ᠂ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠵᠤ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠦᠷ᠎ᠡ ᠪᠦᠲᠦᠭᠡᠯ ᠢ᠋ ᠠᠵᠢᠯ ᠤ᠋ᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠃ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠪᠡᠷ ᠪᠣᠳᠠᠲᠠᠢ ᠳᠦᠷᠢᠮ ᠪᠣᠯᠭᠠᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠦᠷ᠎ᠡ ᠪᠦᠲᠦᠮᠵᠢ ᠶ᠋ᠢ ᠠᠷᠠᠳ ᠲᠤ᠌ ᠦᠢᠯᠡᠴᠢᠯᠡᠬᠦ ᠣᠨᠣᠯᠵᠢᠬᠤᠨ ᠪᠠ ᠡᠩᠨᠡᠭᠡᠨ ᠦ᠌ ᠪᠠᠢᠭᠤᠯᠤᠯᠲᠠ ᠳᠤᠮᠳᠠ ᠂《 ᠭᠤᠷᠪᠠᠨ ᠲᠣᠭᠲᠠᠭᠠᠯ 》 ᠤ᠋ᠨ ᠱᠠᠭᠠᠷᠳᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠵᠤ ᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢᠨ ᠡᠯ᠎ᠡ ᠵᠦᠢᠯ ᠦ᠋ᠨ ᠲᠣᠭᠲᠠᠭᠠᠯ ᠢ᠋ ᠴᠠᠭ ᠢᠮᠠᠭᠲᠠ ᠵᠢᠷᠤᠮᠯᠠᠵᠤ ᠂ ᠠᠷᠢᠭᠤᠨ ᠴᠢᠬᠡᠴᠢ ᠪᠥᠭᠡᠳ ᠪᠣᠳᠠᠲᠠᠢ ᠶ᠋ᠢ ᠡᠷᠬᠢᠮᠯᠡᠭᠰᠡᠨ ᠵᠢᠱ᠌ᠢᠶᠡᠴᠢ ᠪᠣᠯᠬᠤ ᠳᠡᠭᠡᠷ᠎ᠡ ᠴᠠᠭ ᠢᠮᠠᠭᠲᠠ ᠢᠯᠡᠷᠡᠬᠦ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )