ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠦᠬᠦ ᠺᠠᠲᠠᠷ ᠴᠠᠭᠳᠠᠭ᠎ᠠ ᠶ᠋ᠢ ᠵᠣᠬᠢᠶᠠᠨ ᠪᠠᠢᠭᠤᠯᠵᠤ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠪᠡᠯᠭᠡᠯᠡᠬᠦ ᠶᠡᠬᠡ ᠬᠤᠷᠠᠯ ᠢ᠋ ᠲᠥᠪᠯᠡᠷᠡᠭᠦᠯᠦᠨ ᠬᠦᠯᠢᠶᠡᠨ ᠠᠪᠴᠤ ᠦᠵᠡᠪᠡ
2021.07.19 ᠲᠣᠰ ᠥᠷᠲᠡᠭᠡᠨ ᠦ ᠨᠠᠢᠷᠠᠭᠤᠯᠤᠭᠴᠢ

     100 ᠵᠢᠯ ᠦ᠋ᠨ ᠡᠮᠦᠨ᠎ᠡ ᠨᠢᠭᠡᠨ ᠵᠢᠵᠢᠭ ᠤᠯᠠᠭᠠᠨ ᠣᠩᠭᠣᠴᠠᠨ ᠤ᠋ ᠨᠢᠭᠡᠨ ᠠᠭᠤᠤ ᠶᠡᠬᠡ ᠲᠥᠷᠥ ᠶ᠋ᠢᠨ ᠨᠠᠮ ᠮᠡᠨᠳᠦᠯᠡᠵᠡᠢ ᠃

     100 ᠵᠢᠯ ᠦ᠋ᠨ ᠳᠠᠷᠠᠭ᠎ᠠ ᠲᠢᠶᠠᠨ ᠠᠨ ᠮᠸᠨ ᠠᠭᠤᠳᠠᠮ ᠲᠠᠯᠠᠪᠠᠢ ᠳ᠋ᠤ᠌ ᠤᠯᠤᠰ ᠤ᠋ᠨ ᠪᠠᠶᠠᠷ ᠢ᠋ ᠨᠢᠭᠡ ᠤᠳᠠᠭ᠎ᠠ ᠪᠠᠶᠠᠷᠯᠠᠨ ᠤᠭᠲᠤᠪᠠ᠃

     ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶᠠᠨ ᠤ᠋ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠪᠡᠯᠭᠡᠯᠡᠬᠦ ᠶᠡᠬᠡ ᠬᠤᠷᠠᠯ ᠪᠡᠭᠡᠵᠢᠩ ᠦ᠋ᠨ ᠲᠢᠶᠠᠨ ᠠᠨ ᠮᠸᠨ ᠠᠭᠤᠳᠠᠮ ᠲᠠᠯᠠᠪᠠᠢ ᠳ᠋ᠤ᠌ ᠦᠪᠡᠳᠡᠭᠰᠢ ᠶᠡᠬᠡᠪᠡᠷ ᠬᠤᠷᠠᠯᠳᠤᠪᠠ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠺᠠᠲᠠᠷ ᠴᠠᠭᠳᠠᠭ᠎ᠠ ᠶ᠋ᠢ ᠵᠣᠬᠢᠶᠠᠨ ᠪᠠᠢᠭᠤᠯᠵᠤ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠪᠡᠯᠭᠡᠯᠡᠬᠦ ᠶᠡᠬᠡ ᠬᠤᠷᠠᠯ ᠤ᠋ᠨ ᠰᠢᠭᠤᠳ ᠨᠡᠪᠲᠡᠷᠡᠭᠦᠯᠭᠡ ᠶ᠋ᠢᠨ ᠶᠡᠷᠦᠩᠬᠡᠢ ᠱᠦᠵᠢ ᠱ᠋ᠢ ᠵᠢᠨ ᠫᠢᠩ ᠦ᠋ᠨ ᠨᠡᠢᠲᠡᠯᠡᠭᠰᠡᠨ ᠴᠢᠬᠤᠯᠠ ᠶᠠᠷᠢᠶ᠎ᠠ ᠶ᠋ᠢ ᠰᠣᠨᠣᠰᠤᠯ᠎ᠠ᠃

 

 

     ᠶᠡᠷᠦᠩᠬᠡᠢ ᠱᠦᠵᠢ ᠰᠢ ᠵᠢᠨ ᠫᠢᠩ ᠨᠠᠮ ᠪᠠ ᠠᠷᠠᠳ ᠲᠦᠮᠡᠨ ᠢ᠋ ᠲᠥᠯᠥᠭᠡᠯᠡᠨ ᠲᠥᠪ ᠴᠢᠩᠭ᠎ᠠ ᠪᠠᠷ ᠲᠤᠩᠬᠠᠭᠯᠠᠨ ᠪᠥᠬᠥ ᠨᠠᠮ ᠪᠥᠬᠥ ᠤᠯᠤᠰ ᠤ᠋ᠨ ᠡᠯ᠎ᠡ ᠦᠨᠳᠦᠰᠦᠲᠡᠨ ᠦ᠌ ᠠᠷᠠᠳ ᠲᠦᠮᠡᠨ ᠦ᠌ ᠦᠷᠭᠦᠯᠵᠢᠯᠡᠨ ᠲᠡᠮᠡᠴᠡᠬᠦ ᠪᠡᠷ ᠳᠠᠮᠵᠢᠨ ᠪᠢᠳᠡ ᠨᠢᠭᠡᠳᠦᠭᠡᠷ ᠵᠠᠭᠤᠨ ᠵᠢᠯ ᠦ᠋ᠨ ᠲᠡᠮᠡᠴᠡᠬᠦ ᠬᠠᠷᠠᠯᠲᠠ ᠪᠠᠨ ᠪᠡᠶᠡᠯᠡᠭᠦᠯᠵᠦ ᠂ ᠳᠤᠮᠳᠠᠳᠤ ᠶ᠋ᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠢᠭᠡᠮ ᠢ᠋ ᠪᠥᠬᠥ ᠲᠠᠯ᠎ᠠ ᠪᠠᠷ ᠪᠠᠢᠭᠤᠯᠤᠨ ᠪᠦᠲᠦᠭᠡᠭᠰᠡᠨ ᠲᠡᠦᠬᠡᠲᠦ ᠴᠢᠨᠠᠷᠲᠠᠢ ᠲᠤᠢᠯ ᠤ᠋ᠨ ᠶᠠᠳᠠᠭᠤ ᠬᠦᠴᠢᠷᠳᠡᠯᠲᠡᠢ ᠠᠰᠠᠭᠤᠳᠠᠯ ᠢ᠋ ᠰᠢᠢᠳᠪᠦᠷᠢᠯᠡᠪᠡ ᠃ ᠡᠨᠡ ᠪᠣᠯ ᠳᠤᠮᠳᠠᠳᠤ ᠶ᠋ᠢᠨ ᠦᠨᠳᠦᠰᠦᠲᠡᠨ ᠦ᠌ ᠠᠭᠤᠤ ᠶᠡᠬᠡ ᠢᠷᠠᠭᠤ ᠠᠯᠳᠠᠷ ︕ᠡᠨᠡ ᠪᠣᠯ ᠳᠤᠮᠳᠠᠳᠤ ᠤᠯᠤᠰ ᠤ᠋ᠨ ᠠᠷᠠᠳ ᠲᠦᠮᠡᠨ ᠦ᠌ ᠠᠭᠤᠤ ᠶᠡᠬᠡ ᠢᠷᠠᠭᠤ ᠠᠯᠳᠠᠷ︕ ᠡᠨᠡ ᠪᠣᠯ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠠᠭᠤᠤ ᠶᠡᠬᠡ ᠢᠷᠠᠭᠤ ᠠᠯᠳᠠᠷ︕

     ᠵᠠᠭᠤᠨ ᠵᠢᠯ ᠪᠣᠯ ᠶᠠᠭ ᠰᠠᠢᠬᠠᠨ ᠥᠩᠭᠡ ᠦᠵᠡᠮᠵᠢ ᠵᠠᠭᠤᠨ ᠵᠢᠯ ᠦ᠋ᠨ ᠡᠬᠢᠨ ᠦ᠌ ᠪᠣᠳᠣᠯ ᠰᠠᠨᠠᠭ᠎ᠠ ᠨᠢ ᠥᠨᠢ ᠤᠳᠠᠭᠠᠨ ᠶᠤᠮ᠃ ᠶᠡᠷᠦᠩᠬᠡᠢ ᠱᠦᠵᠢ ᠰᠢ ᠵᠢᠨ ᠫᠢᠩ ᠦ᠋ᠨ ᠶᠠᠷᠢᠶ᠎ᠠ ᠨᠢ ᠠᠯᠤᠰ ᠤ᠋ᠨ ᠬᠠᠷᠠᠯᠲᠠ ᠲᠠᠢ ᠂ ᠠᠯᠤᠰ ᠬᠣᠯᠠ ᠶ᠋ᠢᠨ ᠪᠣᠳᠣᠯᠭ᠎ᠠ ᠲᠠᠢ ᠂ ᠬᠥᠮᠦᠨ ᠦ᠌ ᠰᠡᠳᠬᠢᠯ ᠢ᠋ ᠬᠥᠭᠵᠢᠭᠡᠵᠡᠢ ᠃ ᠰᠠᠢᠨ ᠰᠠᠢᠬᠠᠨ ᠦᠭᠡ ᠦᠷᠭᠦᠯᠵᠢᠯᠡᠭᠰᠡᠨ  ᠺᠠᠲᠠᠷ ᠴᠠᠭᠳᠠᠭ᠎ᠠ ᠨᠠᠷ ᠨᠢ ᠮᠡᠳᠡᠭᠳᠡᠮ᠎ᠡ ᠨᠥᠯᠦᠭᠡᠨ ᠳ᠋ᠦ᠍ ᠭᠦᠨ ᠠᠪᠲᠠᠭᠳᠠᠵᠠᠢ ᠃ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶ᠋ᠢᠨ ᠶᠡᠷᠦᠩᠬᠡᠢ ᠱᠦᠵᠢ ᠶ᠋ᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ ᠂ ᠤᠯᠤᠰ ᠲᠥᠷᠥ ᠶ᠋ᠢᠨ ᠦᠨᠡᠨᠴᠢ ᠰᠢᠳᠤᠷᠭᠤ ᠂ ᠬᠠᠤᠯᠢ ᠴᠠᠭᠠᠵᠠ ᠶ᠋ᠢᠨ ᠤᠭ ᠰᠠᠨᠠᠭ᠎ᠠ ᠶ᠋ᠢ ᠪᠠᠲᠤ ᠰᠠᠬᠢᠵᠤ ᠂ ᠠᠷᠠᠳ ᠤ᠋ᠨ ᠲᠥᠯᠥᠭᠡ ᠬᠠᠤᠯᠢ ᠴᠠᠭᠠᠵᠠ ᠶ᠋ᠢᠨ ᠲᠥᠪ ᠭᠣᠣᠯᠴᠢ ᠶ᠋ᠢ ᠨᠡᠩ ᠰᠠᠢᠨ ᠠᠬᠢᠭᠤᠯᠬᠤ ᠪᠠᠷ ᠬᠦᠴᠦᠯᠡᠨ ᠴᠢᠷᠮᠠᠢᠨ᠎ᠠ ᠭᠡᠵᠦ ᠢᠯᠡᠷᠬᠡᠢᠯᠡᠯ᠎ᠡ ᠃

     ᠵᠠᠭᠤᠨ ᠵᠢᠯ ᠦ᠋ᠨ ᠴᠢᠷᠮᠠᠢᠯᠭ᠎ᠠ ᠰᠢᠨ᠎ᠡ ᠠᠶᠠᠨ ᠢ᠋ ᠡᠬᠢᠯᠡᠭᠦᠯᠦᠨ᠎ᠡ ᠃ ᠳᠠᠷᠠᠭᠠᠴᠢ ᠶ᠋ᠢᠨ ᠠᠯᠬᠤᠮ ᠳ᠋ᠤ᠌ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠦᠢᠯᠡᠰ ᠪᠣᠰᠬᠠᠬᠤ ᠬᠦᠴᠢᠷ ᠪᠡᠷᠬᠡ ᠂ ᠤᠯᠠᠭᠠᠨ ᠥᠩᠭᠡ ᠶ᠋ᠢᠨ ᠤᠳᠤᠮ ᠢ᠋ ᠦᠷᠭᠦᠯᠵᠢᠯᠡᠨ ᠪᠠᠲᠤ ᠴᠡᠭᠡᠵᠢᠯᠡᠵᠦ ᠂ ᠡᠭᠦᠷᠢᠳᠡ ᠨᠠᠮ ᠢ᠋ᠶ᠋ᠠᠨ ᠳᠠᠭᠠᠵᠤ ᠶᠠᠪᠤᠬᠤ ᠢᠲᠡᠭᠡᠯ ᠵᠣᠷᠢᠭ ᠨᠢ ᠱᠣᠣ ᠬᠤᠸᠠ ᠶ᠋ᠢ ᠬᠥᠰᠡᠷᠳᠡᠭᠦᠯᠬᠦ ᠥᠬᠡᠢ ᠂ ᠡᠷᠴᠢ ᠵᠣᠷᠢᠭ ᠢ᠋ᠶ᠋ᠠᠨ ᠬᠥᠪᠴᠢᠯᠡᠨ ᠡᠷᠡᠯᠬᠡᠭᠯᠡᠨ ᠲᠡᠮᠡᠴᠡᠵᠦ ᠂ ᠦᠨᠡᠨᠴᠢ ᠰᠢᠳᠤᠷᠭᠤ ᠪᠠᠷ ᠡᠭᠦᠷᠭᠡ ᠡᠭᠦᠷᠭᠡᠯᠡᠵᠦ ᠂ ᠠᠷᠠᠳ ᠤ᠋ᠨ ᠬᠠᠤᠯᠢ ᠴᠠᠭᠠᠵᠠ ᠶ᠋ᠢᠨ ᠦᠢᠯᠡᠰ ᠦ᠋ᠨ ᠬᠥᠭᠵᠢᠯᠲᠡ ᠶ᠋ᠢᠨ ᠰᠢᠨ᠎ᠡ ᠬᠠᠭᠤᠳᠠᠰᠤ ᠶ᠋ᠢ ᠲᠠᠰᠤᠷᠠᠯᠲᠠ ᠥᠬᠡᠢ ᠪᠢᠴᠢᠭᠯᠡᠵᠦ ᠂ ᠣᠷᠳᠣᠰ ᠬᠣᠲᠠ ᠶ᠋ᠢᠨ ᠠᠵᠤ ᠠᠬᠤᠢ ᠨᠡᠢᠭᠡᠮ ᠦ᠋ᠨ ᠥᠨᠳᠥᠷ ᠴᠢᠨᠠᠷ ᠴᠢᠨᠰᠠᠭᠠᠲᠤ ᠬᠥᠭᠵᠢᠯᠲᠡ ᠳ᠋ᠦ᠍ ᠨᠡᠩ ᠢᠯᠡᠭᠦᠦ ᠬᠦᠴᠦ ᠬᠠᠩᠭᠠᠬᠤ ᠪᠣᠯᠤᠨ᠎ᠠ︕

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )