ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠳᠤᠭᠤᠢᠯᠠᠩ ᠤ᠋ᠨ ᠳᠤᠮᠳᠠᠳᠤ ᠤᠯᠤᠰ ᠤ᠋ᠨ ᠦᠨᠳᠦᠰᠦᠲᠡᠨ ᠦ᠌ ᠬᠠᠮᠲᠤ ᠶ᠋ᠢᠨ ᠦᠵᠡᠯ ᠤᠬᠠᠮᠰᠠᠷ ᠢ᠋ ᠪᠠᠲᠤ ᠴᠣᠭᠴᠠᠯᠠᠬᠤ ᠲᠤᠰᠬᠠᠢ ᠰᠡᠳᠦᠪᠲᠦ ᠰᠤᠷᠤᠯᠴᠠᠯᠭ᠎ᠠ ᠵᠢᠴᠢ 2021 ᠣᠨ ᠤ᠋ ᠨᠠᠢ᠍ᠮᠠᠳᠤᠭᠠᠷ ᠤᠳᠠᠭᠠᠨ ᠤ᠋ ᠰᠤᠷᠤᠯᠴᠠᠯᠭ᠎ᠠ ᠶ᠋ᠢᠨ ᠬᠤᠷᠠᠯ ᠬᠤᠷᠠᠯᠳᠤᠪᠠ
2021.07.19 ᠲᠣᠰ ᠥᠷᠲᠡᠭᠡᠨ ᠦ ᠨᠠᠢᠷᠠᠭᠤᠯᠤᠭᠴᠢ

     6 ᠰᠠᠷ᠎ᠠ ᠶ᠋ᠢᠨ 30 ᠤ᠋ ᠡᠳᠦᠷ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ ᠤ᠋ᠨ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠪᠠᠲᠤ ᠴᠣᠭᠴᠠᠯᠠᠬᠤ ᠲᠤᠰᠬᠠᠢ ᠰᠡᠳᠦᠪᠲᠦ ᠰᠤᠷᠤᠯᠴᠠᠯᠭ᠎ᠠ ᠵᠢᠴᠢ 2011 ᠣᠨ ᠤ᠋ ᠨᠠᠢ᠍ᠮᠠᠳᠤᠭᠠᠷ ᠤᠳᠠᠭᠠᠨ ᠤ ᠬᠠᠮᠲᠤ ᠶ᠋ᠢᠨ ᠰᠤᠷᠤᠯᠴᠠᠯᠭ᠎ᠠ ᠶ᠋ᠢᠨ ᠬᠤᠷᠠᠯ ᠬᠤᠷᠠᠯᠳᠤᠭᠤᠯᠪᠠ ᠃  ᠣᠷᠳᠤᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ  ᠰᠦ ᠯᠢ ᠵᠢᠶᠦ᠋ᠨ ᠬᠤᠷᠠᠯ ᠡᠷᠬᠢᠯᠡᠵᠦ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠤ᠋ᠨ ᠪᠦᠷᠢᠯᠳᠦᠬᠦᠨ ᠬᠤᠷᠠᠯ ᠳ᠋ᠤ᠌ ᠣᠷᠣᠯᠴᠠᠵᠠᠢ ᠃
 ᠬᠤᠷᠠᠯ ᠳᠡᠭᠡᠷ᠎ᠡ 《 ᠰᠢ ᠵᠢᠨ ᠫᠢᠩ ᠥᠪᠡᠷ ᠦ᠋ᠨ ᠠᠮᠢ ᠨᠠᠰᠤ ᠪᠠᠨ ᠨᠠᠨᠳᠢᠩᠨᠠᠬᠤ ᠲᠠᠢ ᠠᠳᠠᠯᠢ ᠪᠠᠷ ᠦᠨᠳᠦᠰᠦᠲᠡᠨ ᠦ᠌ ᠪᠦᠯᠬᠦᠮᠳᠡᠯ ᠢ᠋ ᠨᠠᠨᠳᠢᠩᠨᠠᠬᠤ 》᠂《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠨᠳᠦᠰᠦᠲᠡᠨ ᠦ᠌ ᠪᠦᠯᠬᠦᠮᠳᠡᠯ ᠢ᠋ ᠠᠬᠢᠭᠤᠯᠬᠤ ᠳᠦᠷᠢᠮ》᠂《ᠣᠷᠳᠣᠰ ᠬᠣᠲᠠ ᠶ᠋ᠢᠨ ᠲᠡᠷᠢᠭᠦᠨ ᠵᠡᠷᠭᠡ ᠶ᠋ᠢᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠪᠣᠢ ᠪᠣᠯᠭᠠᠬᠤ ᠠᠵᠢᠯᠯᠠᠭᠠᠨ ᠤ᠋ ᠲᠥᠰᠦᠯ》᠂《ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠠᠵᠢᠯ ᠤ᠋ᠨ ᠳᠦᠷᠢᠮ》ᠵᠡᠷᠭᠡ ᠠᠭᠤᠯᠭ᠎ᠠ ᠶ᠋ᠢ ᠲᠥᠪᠯᠡᠷᠡᠭᠦᠯᠦᠨ ᠰᠤᠷᠤᠯᠴᠠᠵᠠᠢ᠃

 

 

 

     ᠬᠤᠷᠠᠯ ᠠ᠋ᠴᠠ ᠴᠢᠬᠤᠯᠠᠴᠢᠯᠠᠭᠰᠠᠨ ᠨᠢ ᠂ ᠰᠢᠨ᠎ᠡ ᠴᠠᠭ ᠦᠶ᠎ᠡ ᠶ᠋ᠢᠨ ᠦᠨᠳᠦᠰᠦᠲᠡᠨ ᠦ᠌ ᠠᠵᠢᠯ ᠢ᠋ ᠰᠠᠢᠲᠤᠷ ᠬᠢᠬᠦ ᠳ᠋ᠦ᠍ ᠡᠷᠬᠡᠪᠰᠢ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠭᠡᠬᠦ ᠭᠣᠣᠯ ᠱᠤᠭᠤᠮ ᠢ᠋ ᠪᠠᠲᠤ ᠡᠵᠡᠮᠳᠡᠬᠦ ᠬᠡᠷᠡᠭᠲᠡᠢ ᠃ ᠡᠯ᠎ᠡ ᠦᠨᠳᠦᠰᠦᠲᠡᠨ ᠦ᠌ ᠪᠦᠷᠢᠯᠳᠦᠬᠦᠨ ᠦ᠌ ᠳᠤᠮᠳᠠᠳᠤ ᠶ᠋ᠢᠨ ᠦᠨᠳᠦᠰᠦᠲᠡᠨ ᠦ᠌ ᠡᠨᠡᠬᠦ ᠬᠠᠮᠲᠤ ᠶ᠋ᠢᠨ ᠪᠡᠶ᠎ᠡ ᠶ᠋ᠢᠨ ᠭᠠᠷᠤᠯ ᠤ᠋ᠨ ᠲᠤᠬᠠᠢ ᠲᠠᠨᠢᠯᠲᠠ ᠶ᠋ᠢ ᠲᠠᠰᠤᠷᠠᠯᠲᠠ ᠦᠭᠡᠢ ᠨᠡᠮᠡᠭᠳᠡᠭᠦᠯᠦᠨ ᠂ ᠠᠯᠤᠰ ᠬᠡᠳᠦ ᠶ᠋ᠢᠨ ᠠᠷᠭ᠎ᠠ ᠪᠣᠳᠣᠯᠭ᠎ᠠ ᠶ᠋ᠢ ᠢᠯᠡᠭᠦᠦ ᠰᠦᠪᠡᠭᠴᠢᠯᠡᠵᠦ ᠂ ᠡᠬᠡ ᠮᠥᠩᠭᠥ ᠪᠡᠨ ᠪᠠᠲᠤᠯᠠᠬᠤ ᠠᠵᠢᠯᠯᠠᠭ᠎ᠠ ᠶ᠋ᠢ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠴᠢᠩᠭᠠᠳᠬᠠᠵᠤ ᠂ ᠳᠤᠮᠳᠠᠳᠤ ᠶ᠋ᠢᠨ ᠦᠨᠳᠦᠰᠦᠲᠡᠨ ᠦ᠌ ᠲᠤᠬᠠᠢ ᠬᠠᠮᠲᠤ ᠶ᠋ᠢᠨ ᠲᠠᠨᠢᠯᠲᠠ ᠶ᠋ᠢ ᠵᠤᠵᠠᠭᠠᠨ ᠪᠣᠯᠭᠠᠬᠤ ᠬᠡᠷᠡᠭᠲᠡᠢ ᠃

     ᠨᠢᠭᠡ ᠳ᠋ᠦ᠍᠂ ᠨᠠᠮ ᠤ᠋ᠨ ᠪᠠᠢᠭᠤᠯᠤᠯᠲᠠ ᠪᠠᠷ ᠦᠨᠳᠦᠰᠦᠲᠡᠨ ᠦ᠌ ᠪᠦᠯᠬᠦᠮᠳᠡᠯ ᠲᠠᠪᠰᠢᠯᠲᠠ ᠶ᠋ᠢ ᠬᠥᠲᠥᠯᠦᠨ ᠳᠠᠭᠠᠭᠤᠯᠬᠤ ᠶ᠋ᠢ ᠪᠠᠷᠢᠮᠲᠠᠯᠠᠬᠤ ᠬᠡᠷᠡᠭᠲᠡᠢ ᠃ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠪᠡᠬᠢ ᠪᠣᠢ ᠪᠣᠯᠭᠠᠬᠤ ᠳ᠋ᠤ᠌ ᠡᠷᠬᠡᠪᠰᠢ ᠲᠡᠦᠬᠡ ᠳ᠋ᠦ᠍ ᠭᠦᠨ ᠬᠠᠳᠠᠩᠰᠢᠭᠤᠯᠵᠤ ᠂ ᠡᠯ᠎ᠡ ᠦᠨᠳᠦᠰᠦᠲᠡᠨ ᠦ᠌ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶ᠋ᠢ ᠴᠢᠩᠭᠠᠳᠬᠠᠵᠤ ᠂ ᠦᠨᠳᠦᠰᠦᠲᠡᠨ ᠦ᠌ ᠪᠦᠯᠬᠦᠮᠳᠡᠯ ᠲᠠᠪᠰᠢᠯᠲᠠ ᠶ᠋ᠢᠨ ᠬᠥᠮᠦᠵᠢᠯ ᠢ᠋ ᠭᠦᠨᠵᠡᠭᠡᠢᠷᠡᠭᠦᠯᠵᠦ ᠂ ᠠᠭᠤᠤ ᠶᠡᠬᠡ ᠡᠬᠡ ᠤᠯᠤᠰ ᠂ ᠳᠤᠮᠳᠠᠳᠤ ᠶ᠋ᠢᠨ ᠦᠨᠳᠦᠰᠦᠲᠡᠨ ᠂ ᠳᠤᠮᠳᠠᠳᠤ ᠶ᠋ᠢᠨ ᠰᠣᠶᠣᠯ ᠂ ᠳᠤᠮᠳᠠᠳᠤ ᠤᠯᠤᠰ ᠤ᠋ᠨ ᠡᠪ ᠬᠠᠮᠲᠤ ᠨᠠᠮ ᠂ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠲᠤᠬᠠᠢ ᠲᠠᠨᠢᠯᠲᠠ ᠪᠠᠨ ᠬᠠᠮᠲᠤᠪᠠᠷ ᠪᠦᠯᠬᠦᠮᠳᠡᠨ ᠲᠡᠮᠡᠴᠡᠬᠦ ᠳᠤᠮᠳᠠ ᠬᠠᠮᠲᠤᠪᠠᠷ ᠪᠡᠶᠡᠯᠡᠭᠦᠯᠦᠨ᠎ᠡ ᠃

     ᠬᠣᠶᠠᠷ ᠲᠤ᠌᠂ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠡᠯ᠎ᠡ ᠵᠦᠢᠯ ᠦ᠋ᠨ ᠠᠵᠢᠯ ᠢ᠋ ᠢᠳᠡᠪᠬᠢᠲᠡᠢ ᠠᠬᠢᠭᠤᠯᠬᠤ ᠬᠡᠷᠡᠭᠲᠡᠢ ᠃ ᠡᠵᠡᠩᠨᠡᠯᠲᠡ ᠶ᠋ᠢᠨ ᠣᠷᠴᠢᠨ ᠲᠣᠭᠣᠷᠢᠨ ᠤ᠋ ᠲᠥᠷᠥ ᠶ᠋ᠢᠨ ᠪᠣᠳᠣᠯᠭ᠎ᠠ ᠶ᠋ᠢ ᠰᠢᠯᠢᠳᠡᠭᠵᠢᠭᠦᠯᠵᠦ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠴᠢᠳᠠᠪᠤᠷᠢ ᠪᠣᠯᠤᠨ ᠬᠢᠷᠢ ᠲᠦᠪᠰᠢᠨ ᠢ᠋ ᠲᠠᠰᠤᠷᠠᠯᠲᠠ ᠥᠬᠡᠢ ᠳᠡᠭᠡᠭᠰᠢᠯᠡᠭᠦᠯᠦᠨ᠎ᠡ ᠃ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶᠢᠭ ᠢ᠋ᠶ᠋ᠠᠷ ᠬᠥᠭᠵᠢᠯᠲᠡ ᠶ᠋ᠢ ᠠᠬᠢᠭᠤᠯᠬᠤ ᠶ᠋ᠢ ᠪᠠᠷᠢᠮᠲᠠᠯᠠᠵᠤ ᠂ ᠦᠢᠯᠡᠴᠢᠯᠡᠭᠡᠨ ᠦ᠌ ᠦᠵᠡᠯ ᠤᠬᠠᠮᠰᠠᠷ ᠂ ᠬᠠᠤᠯᠢ ᠪᠠᠷ ᠵᠠᠰᠠᠬᠤ ᠦᠵᠡᠯ ᠤᠬᠠᠮᠰᠠᠷ ᠂ ᠵᠠᠬ᠎ᠠ ᠳᠡᠯᠭᠡᠭᠦᠷ ᠦ᠋ᠨ ᠦᠵᠡᠯ ᠤᠬᠠᠮᠰᠠᠷ ᠂ ᠦᠨᠡᠨᠴᠢ ᠢᠲᠡᠭᠡᠮᠵᠢ ᠶ᠋ᠢᠨ ᠦᠵᠡᠯ ᠤᠬᠠᠮᠰᠠᠷ ᠢ᠋ ᠤᠯᠠᠮ ᠨᠢᠭᠡ ᠠᠯᠬᠤᠮ ᠴᠢᠩᠭᠠᠳᠬᠠᠨ ᠂ ᠢᠲᠡᠭᠡᠮᠵᠢᠲᠡᠢ ᠪᠠᠢᠬᠤ ᠪᠠ ᠠᠮᠠᠯᠠᠯᠲᠠ ᠪᠠᠨ ᠪᠡᠶᠡᠯᠡᠭᠦᠯᠬᠦ ᠰᠠᠢᠨ ᠰᠠᠢᠬᠠᠨ ᠬᠡᠪ ᠰᠤᠷᠲᠠᠯ ᠢ᠋ ᠪᠣᠢ ᠪᠣᠯᠭᠠᠵᠤ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠳ᠋ᠦ᠍ ᠪᠠᠲᠤ ᠴᠢᠩᠭ᠎ᠠ ᠬᠠᠤᠯᠢ ᠴᠠᠭᠠᠵᠠ ᠶ᠋ᠢᠨ ᠪᠠᠲᠤᠯᠠᠭ᠎ᠠ ᠬᠠᠩᠭᠠᠨ᠎ᠠ ᠃

     ᠭᠤᠷᠪᠠ ᠳ᠋ᠤ᠌᠂ 《ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠠᠵᠢᠯ ᠤ᠋ᠨ ᠳᠦᠷᠢᠮ 》  ᠢ᠋ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ ᠃ ᠰᠢᠨ᠎ᠡ ᠴᠠᠭ ᠦᠶ᠎ᠡ ᠶ᠋ᠢᠨ ᠨᠠᠮ ᠤ᠋ᠨ ᠪᠠᠢᠭᠤᠯᠤᠯᠲᠠ ᠶ᠋ᠢᠨ ᠶᠡᠷᠦᠩᠬᠡᠢ ᠱᠠᠭᠠᠷᠳᠠᠯᠭ᠎ᠠ ᠪᠠ ᠰᠢᠨ᠎ᠡ ᠴᠠᠭ ᠦᠶ᠎ᠡ ᠶ᠋ᠢᠨ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠱᠤᠭᠤᠮ ᠢ᠋ ᠪᠠᠲᠤ ᠡᠵᠡᠮᠰᠢᠵᠦ ᠂ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠯᠤᠭ᠎ᠠ ᠤᠶᠠᠯᠳᠤᠭᠤᠯᠵᠤ ᠂ ᠵᠣᠷᠢᠭ ᠰᠠᠨᠠᠭᠠᠨ ᠤ᠋ ᠮᠥᠨ ᠴᠢᠨᠠᠷ ᠢ᠋ ᠭᠦᠨᠵᠡᠭᠡᠢ ᠣᠢᠯᠠᠭᠠᠵᠤ ᠠᠵᠢᠯ ᠤ᠋ᠨ ᠱᠠᠭᠠᠷᠳᠠᠯᠭ᠎ᠠ ᠶ᠋ᠢ ᠵᠥᠪ ᠣᠨᠣᠪᠴᠢᠲᠠᠢ ᠡᠵᠡᠮᠳᠡᠵᠦ ᠂ ᠤᠬᠠᠭᠤᠯᠤᠨ ᠲᠠᠢᠯᠪᠤᠷᠢᠯᠠᠬᠤ ᠪᠠ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢ ᠦᠨᠡᠨᠬᠦ ᠨᠠᠮ ᠤ᠋ᠨ ᠤᠳᠤᠷᠢᠳᠤᠯᠭ᠎ᠠ ᠶ᠋ᠢ ᠲᠤᠬᠠᠢᠯᠠᠭᠰᠠᠨ ᠠᠵᠢᠯ ᠤ᠋ᠨ ᠡᠯ᠎ᠡ ᠲᠠᠯ᠎ᠠ ᠳ᠋ᠤ᠌ ᠪᠦᠲᠦᠮᠵᠢᠲᠡᠢ ᠨᠠᠢᠳᠠᠪᠤᠷᠢᠵᠢᠭᠤᠯᠬᠤ ᠬᠡᠷᠡᠭᠲᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )