ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠪᠠᠳᠤᠭᠠᠷ ᠂ ᠠᠷᠪᠠᠨ ᠨᠢᠭᠡᠳᠦᠭᠡᠷ ᠂ ᠠᠷᠪᠠᠨ ᠬᠣᠶᠠᠳᠤᠭᠠᠷ ᠨᠠᠮ ᠤ᠋ᠨ ᠡᠭᠦᠷ ᠦ᠋ᠨ ᠬᠠᠮᠲᠤᠷᠠᠨ 《 ᠨᠠᠮ ᠤ᠋ᠨ ᠲᠡᠦᠬᠡ ᠶ᠋ᠢ ᠰᠤᠷᠤᠯᠴᠠᠵᠤ ᠂ ᠨᠠᠮ ᠤ᠋ᠨ ᠰᠦᠭ ᠰᠦᠨᠡᠰᠦ ᠶ᠋ᠢ ᠴᠣᠭᠴᠠᠯᠠᠬᠤ 》 ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ  ᠥᠷᠨᠢᠭᠦᠯᠵᠡᠢ
2021.07.19 ᠲᠣᠰ ᠥᠷᠲᠡᠭᠡᠨ᠎ᠦ ᠨᠠᠢᠷᠠᠭᠤᠯᠤᠭᠴᠢ

     ᠡᠪ ᠬᠠᠮᠲᠤ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠳᠤᠷᠠᠰᠬᠠᠬᠤ ᠶ᠋ᠢᠨ ᠲᠥᠯᠥᠭᠡ ᠨᠠᠮ ᠤ᠋ᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶ᠋ᠢ ᠳᠠᠬᠢᠨ ᠰᠠᠨᠠᠭᠠᠯᠵᠠᠵᠤ ᠨᠠᠮ ᠤ᠋ᠨ ᠠᠭᠤᠤ ᠶᠡᠬᠡ ᠦᠷ᠎ᠡ ᠪᠦᠲᠦᠮᠵᠢ ᠶ᠋ᠢ ᠮᠠᠭᠲᠠᠨ ᠳᠠᠭᠤᠯᠠᠶ᠎ᠠ᠃ ᠣᠢᠷ᠎ᠠ ᠶᠢᠨ ᠡᠳᠦᠷ ᠲᠤ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠪᠠᠳᠤᠭᠠᠷ ᠂ ᠠᠷᠪᠠᠨ ᠨᠢᠭᠡᠳᠦᠭᠡᠷ ᠂ ᠠᠷᠪᠠᠨ ᠬᠣᠶᠠᠳᠤᠭᠠᠷ ᠨᠠᠮ ᠤ᠋ᠨ ᠡᠭᠦᠷ ᠬᠣᠯᠪᠣᠭᠠᠯᠠᠵᠤ 《ᠨᠠᠮ ᠤ᠋ᠨ ᠲᠡᠦᠬᠡ ᠶ᠋ᠢ ᠰᠤᠷᠤᠯᠴᠠᠵᠤ ᠂ ᠨᠠᠮ ᠤ᠋ᠨ ᠰᠦᠭ ᠰᠦᠨᠡᠰᠦ ᠶ᠋ᠢ ᠱᠤᠭᠤᠬᠤ》ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠥᠷᠨᠢᠭᠦᠯᠵᠦ ᠂ ᠪᠦᠬᠦ ᠨᠠᠮ ᠤ᠋ᠨ ᠭᠡᠰᠢᠭᠦᠨ ᠵᠢᠴᠢ ᠨᠠᠮ ᠳ᠋ᠤ᠌ ᠣᠷᠣᠭᠰᠠᠨ ᠢᠳᠡᠪᠬᠢᠲᠡᠨ ᠨᠠᠷ ᠢ᠋ ᠵᠣᠬᠢᠶᠠᠨ ᠪᠠᠢᠭᠤᠯᠵᠤ ᠂ ᠣᠷᠳᠣᠰ ᠬᠣᠲᠠ ᠶ᠋ᠢᠨ ᠤᠯᠠᠭᠠᠨᠮᠥ᠋ᠴᠢᠷ ᠡᠴᠡ ᠥᠷᠨᠢᠭᠦᠯᠦᠭᠰᠡᠨ 《ᠬᠤᠪᠢᠰᠬᠠᠯ ᠤ᠋ᠨ ᠵᠠᠭᠤᠨ ᠵᠢᠯ ᠦ᠋ᠨ ᠭᠡᠷᠡᠯ ᠰᠠᠴᠤᠷᠠᠩᠭᠤᠢ ᠲᠡᠦᠬᠡᠨ ᠶᠠᠪᠤᠴᠠ》 ᠳ᠋ᠤ᠌ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠪᠡᠯᠭᠡᠯᠡᠬᠦ ᠭᠣᠣᠯ ᠰᠡᠳᠦᠪᠲᠦ ᠺᠢᠨᠣ᠋ ᠦᠵᠡᠪᠡ ᠃

 

 

     ᠵᠠᠭᠤᠨ ᠬᠣᠷᠢᠶᠠᠨ ᠤ᠋ ᠶᠡᠬᠡ ᠲᠡᠢᠨ ᠪᠣᠯ ᠶᠠᠫᠣᠨ ᠢ᠋ ᠡᠰᠡᠷᠭᠦᠴᠡᠬᠦ ᠲᠡᠢᠨ ᠦ᠌ ᠳᠤᠮᠳᠠ ᠨᠠᠢ᠍ᠮᠠᠳᠤᠭᠠᠷ ᠵᠠᠮ ᠤ᠋ᠨ ᠴᠡᠷᠢᠭ ᠦ᠋ᠨ ᠤᠮᠠᠷᠠᠲᠤ ᠣᠷᠣᠨ ᠳ᠋ᠤ᠌ ᠶᠠᠪᠤᠭᠤᠯᠤᠭᠰᠠᠨ ᠨᠢᠭᠡ ᠤᠳᠠᠭᠠᠨ ᠤ᠋ ᠬᠡᠪᠴᠢᠶ᠎ᠡ ᠪᠡᠷ ᠬᠠᠮᠤᠭ ᠤ᠋ᠨ ᠶᠡᠬᠡ᠂ ᠦᠷᠭᠦᠯᠵᠢᠯᠡᠭᠰᠡᠨ ᠴᠠᠭ ᠢ᠋ᠶ᠋ᠠᠷ ᠬᠠᠮᠤᠭ ᠤ᠋ᠨ ᠤᠷᠲᠤ ᠪᠠᠢᠯᠳᠤᠬᠤ ᠪᠣᠳᠣᠯᠭ᠎ᠠ ᠶ᠋ᠢᠨ ᠴᠢᠨᠠᠷᠲᠠᠢ ᠳᠠᠭᠠᠷᠢᠯᠲᠠ ᠶ᠋ᠢᠨ ᠳᠠᠢᠯᠠᠯᠳᠤᠭᠠᠨ ᠪᠣᠯᠤᠨ᠎ᠠ᠃ ᠡᠨᠡ ᠤᠳᠠᠭ᠎ᠠ ᠶ᠋ᠢᠨ ᠳᠠᠢᠯᠠᠯᠳᠤᠭᠠᠨ ᠳ᠋ᠤ᠌ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠤᠳᠤᠷᠢᠳᠤᠭᠰᠠᠨ ᠤᠮᠠᠷᠠᠲᠤ ᠣᠷᠣᠨ ᠤ᠋ ᠳᠠᠢᠰᠤᠨ ᠤ᠋ ᠠᠷᠤ ᠲᠠᠯ᠎ᠠ ᠳ᠋ᠤ᠌ ᠶᠠᠫᠣᠨ ᠢ᠋ ᠡᠰᠡᠷᠭᠦᠴᠡᠬᠦ ᠴᠡᠷᠢᠭ ᠠᠷᠠᠳ ᠰᠡᠳᠬᠢᠯ ᠨᠢᠭᠡᠳᠦᠨ ᠬᠦᠴᠦ ᠬᠠᠮᠲᠤᠷᠠᠨ ᠶᠠᠫᠣᠨ ᠤ᠋ ᠲᠦᠷᠢᠮᠡᠬᠡᠢᠯᠡᠭᠴᠢᠳ ᠦ᠋ᠨ ᠬᠣᠢᠨ᠎ᠠ ᠡᠮᠦᠨ᠎ᠡ ᠬᠣᠢᠨᠠᠬᠢ ᠨᠢ ᠵᠠᠯᠭᠠᠮᠵᠢᠯᠠᠨ ᠪᠠᠢᠯᠳᠤᠵᠤ᠂ ᠳᠤᠮᠳᠠᠳᠤ ᠶ᠋ᠢᠨ ᠦᠨᠳᠦᠰᠦᠲᠡᠨ ᠦ᠌ ᠨᠤᠭᠤᠷᠠᠰᠢ ᠦᠭᠡᠢ ᠳᠠᠢᠴᠢᠨ ᠵᠣᠷᠢᠭ ᠰᠠᠨᠠᠭ᠎ᠠ ᠶ᠋ᠢ ᠭᠦᠢᠴᠡᠳ ᠢᠯᠡᠷᠡᠭᠦᠯᠦᠭᠰᠡᠨ ᠪᠠᠢᠨ᠎ᠠ᠃ ᠵᠠᠭᠤᠨ ᠬᠣᠷᠢᠶ᠎ᠠ ᠶ᠋ᠢᠨ ᠶᠡᠬᠡ ᠲᠡᠢᠨ ᠨᠢ ᠶᠠᠫᠣᠨ ᠴᠡᠷᠢᠭ ᠦ᠋ᠨ ᠤᠮᠠᠷᠠᠲᠤ ᠣᠷᠣᠨ ᠳ᠋ᠠᠬᠢ ᠭᠣᠣᠯ ᠪᠣᠯᠬᠤ ᠵᠠᠮ ᠬᠠᠷᠢᠯᠴᠠᠭᠠᠨ ᠤ᠋ ᠱᠤᠭᠤᠮ ᠢ᠋ ᠬᠦᠨᠳᠦ ᠨᠣᠴᠢᠲᠠᠢ ᠡᠪᠳᠡᠭᠡᠳ ᠶᠠᠫᠣᠨ ᠤ᠋ ᠴᠡᠷᠢᠭ ᠲᠦ᠍ ᠡᠵᠡᠯᠡᠭᠳᠡᠭᠰᠡᠨ ᠬᠡᠰᠡᠭ ᠣᠷᠣᠨ ᠢ᠋ ᠬᠣᠷᠢᠶᠠᠨ ᠠᠪᠴᠤ᠂ ᠳᠤᠮᠳᠠᠳᠤ ᠶ᠋ᠢ ᠲᠦᠷᠢᠮᠡᠬᠡᠢᠯᠡᠭᠰᠡᠨ ᠶᠠᠫᠣᠨ ᠴᠡᠷᠢᠭ ᠲᠦ᠍ ᠬᠦᠴᠦᠲᠡᠢ ᠴᠣᠬᠢᠯᠲᠠ ᠥᠭᠪᠡ᠃ ᠵᠠᠭᠤᠨ ᠬᠣᠷᠢᠶ᠎ᠠ ᠶ᠋ᠢᠨ ᠶᠡᠬᠡ ᠲᠡᠢᠨ ᠨᠢ ᠶᠠᠫᠣᠨ ᠢ᠋ ᠡᠰᠡᠷᠭᠦᠴᠡᠬᠦ ᠲᠡᠢᠨ ᠬᠢᠬᠦ ᠶ᠋ᠢ ᠪᠠᠷᠢᠮᠲᠠᠯᠠᠵᠤ᠂ ᠲᠤᠬᠠᠢ ᠶ᠋ᠢᠨ ᠦᠶ᠎ᠡ ᠶ᠋ᠢᠨ ᠭᠣᠮᠢᠨᠳᠠᠩ ᠤ᠋ᠨ ᠪᠤᠷᠤᠩᠬᠤᠢᠯᠠᠨ ᠪᠦᠯᠦᠭᠲᠡᠨ ᠢ᠋ ᠲᠡᠰᠪᠦᠷᠢᠯᠡᠨ ᠪᠠᠭᠤᠵᠤ ᠥᠭᠬᠦ ᠪᠠ ᠨᠢᠭᠤᠴᠠ ᠪᠠᠷ ᠴᠣᠬᠢᠯᠲᠠ ᠥᠭᠬᠦ᠂ ᠴᠠᠭ ᠤ᠋ᠨ ᠪᠠᠢᠳᠠᠯ ᠢ᠋ ᠲᠡᠮᠡᠴᠡᠨ ᠣᠯᠬᠤ ᠶᠠᠪᠤᠳᠠᠯ ᠳ᠋ᠤ᠌ ᠢᠳᠡᠪᠬᠢᠲᠡᠢ ᠦᠢᠯᠡᠳᠦᠯ ᠦᠵᠡᠭᠦᠯᠵᠦ᠂ ᠪᠦᠬᠦ ᠤᠯᠤᠰ ᠤ᠋ᠨ ᠠᠷᠠᠳ ᠲᠦᠮᠡᠨ ᠦ᠌ ᠶᠠᠫᠣᠨ ᠢ᠋ ᠡᠰᠡᠷᠭᠦᠴᠡᠬᠦ ᠲᠡᠢᠨ ᠢᠯᠠᠯᠲᠠ ᠣᠯᠬᠤ ᠢᠲᠡᠭᠡᠯ ᠢ᠋ ᠤᠯᠠᠮ ᠨᠢᠭᠡ ᠠᠯᠬᠤᠮ ᠵᠣᠷᠢᠭᠵᠢᠭᠤᠯᠪᠠ᠃ ᠲᠡᠷᠡ ᠨᠢ ᠳᠤᠮᠳᠠᠳᠤ ᠤᠯᠤᠰ ᠤ᠋ᠨ ᠶᠠᠫᠣᠨ ᠢ᠋ ᠡᠰᠡᠷᠭᠦᠴᠡᠬᠦ ᠲᠡᠢᠨ ᠦ᠌ ᠲᠡᠦᠬᠡᠨ ᠳᠡᠭᠡᠷ᠎ᠡ ᠭᠡᠷᠡᠯ ᠰᠠᠴᠤᠷᠠᠩᠭᠤᠢ ᠬᠠᠭᠤᠳᠠᠰᠤ ᠶ᠋ᠢ ᠪᠢᠴᠢᠭᠯᠡᠵᠡᠢ᠃

     ᠲᠤᠰ ᠤᠳᠠᠭᠠᠨ ᠤ᠋ ᠺᠢᠨᠣ᠋ ᠦᠵᠡᠬᠦ ᠠᠵᠢᠯᠯᠠᠭ᠎ᠠ ᠪᠠᠷ ᠳᠠᠮᠵᠢᠨ ᠂  ᠣᠨ ᠵᠢᠯ ᠤᠳ ᠤᠨ ᠡᠷᠭᠢᠴᠡᠭᠦᠯᠦᠯ ᠂ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢ᠋ ᠮᠥᠷᠥᠭᠡᠳᠦᠨ ᠰᠠᠨᠠᠭᠠᠯᠵᠠᠨ ᠂ ᠪᠠᠭᠠᠲᠤᠷᠴᠤᠳ ᠲᠤ᠌ ᠭᠤᠷᠪᠠᠨ ᠨᠠᠮ ᠤ᠋ᠨ ᠡᠭᠦᠷ ᠦ᠋ᠨ ᠪᠦᠬᠦ ᠨᠠᠮ ᠤ᠋ᠨ ᠭᠡᠰᠢᠭᠦᠨ ᠦ᠌ ᠡᠬᠡ ᠣᠷᠣᠨᠴᠢ ᠬᠠᠯᠠᠭᠤᠨ ᠰᠡᠳᠬᠢᠯᠭᠡ ᠶ᠋ᠢ ᠤᠯᠠᠮ ᠨᠢᠭᠡ ᠠᠯᠬᠤᠮ ᠬᠥᠭᠵᠢᠭᠡᠵᠦ ᠂ ᠨᠠᠮ ᠤ᠋ᠨ ᠭᠡᠰᠢᠭᠦᠨ ᠺᠠᠲᠠᠷ ᠴᠠᠭᠳᠠᠭ᠎ᠠ ᠨᠠᠷ ᠲᠤᠰ ᠤᠳᠠᠭᠠᠨ ᠤ᠋ ᠺᠢᠨᠣ᠋ ᠦᠵᠡᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ ᠂ ᠡᠭᠦᠷᠭᠡ ᠬᠠᠷᠢᠭᠤᠴᠠᠯᠭ᠎ᠠ ᠪᠠᠨ ᠰᠠᠢᠲᠤᠷ ᠭᠦᠢᠴᠡᠳᠬᠡᠵᠦ ᠂ ᠳᠡᠭᠡᠳᠦ ᠬᠡᠮᠵᠢᠶᠡᠨ ᠦ᠌ ᠠᠵᠢᠯ ᠤ᠋ᠨ ᠬᠠᠷᠢᠭᠤᠴᠠᠯᠭᠠᠲᠤ ᠰᠡᠳᠬᠢᠯᠭᠡ ᠪᠠ ᠯᠠᠪᠳᠠᠭᠤᠨ ᠪᠠᠲᠤᠲᠠᠢ ᠠᠵᠢᠯ ᠤ᠋ᠨ ᠣᠪᠣᠷ ᠰᠤᠷᠲᠠᠯ ᠤ᠋ᠨ ᠲᠤᠬᠠᠢ ᠲᠠᠢᠯᠪᠤᠷᠢᠯᠠᠯᠲᠠ ᠬᠢᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )