ᠥᠪᠡᠷᠲᠡᠭᠡᠨ ᠵᠠᠰᠠᠬᠤ ᠣᠷᠣᠨ ᠤ᠋ ᠶᠢᠰᠦᠳᠦᠭᠡᠷ ᠬᠢᠨᠠᠨ ᠵᠢᠯᠣᠭᠣᠳᠬᠤ ᠠᠵᠢᠯ ᠤ᠋ᠨ ᠳᠤᠭᠤᠢᠯᠠᠩ ᠣᠷᠳᠣᠰ ᠬᠣᠲᠠ ᠠᠷᠠᠳ ᠤ᠋ᠨ  ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠳᠤᠭᠤᠢᠯᠠᠩ   ᠤᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ 《 ᠡᠷᠭᠢᠨ ᠬᠠᠷᠠᠬᠤ 》 ᠠᠵᠢᠯ ᠢ᠋ ᠬᠢᠨᠠᠨ ᠵᠢᠯᠣᠭᠣᠳᠴᠤ ᠪᠠᠢᠴᠠᠭᠠᠪᠠ
2021.08.11 ᠲᠣᠰ ᠥᠷᠲᠡᠭᠡᠨ ᠦ ᠨᠠᠢᠷᠠᠭᠤᠯᠤᠭᠴᠢ

     7  ᠳ᠋ᠤᠭᠠᠷ ᠰᠠᠷ᠎ᠠ ᠶ᠋ᠢᠨ 16  ᠤ᠋ ᠡᠳᠦᠷ ᠥᠪᠡᠷᠲᠡᠭᠡᠨ ᠵᠠᠰᠠᠬᠤ ᠣᠷᠣᠨ ᠤ᠋ ᠶᠢᠰᠦᠳᠦᠭᠡᠷ ᠬᠢᠨᠠᠨ ᠵᠢᠯᠣᠭᠣᠳᠬᠤ ᠳᠤᠭᠤᠢᠯᠠᠩ ᠤ᠋ᠨ  ᠭᠡᠰᠢᠭᠦᠨ᠂ ᠥᠪᠥᠷ ᠮᠣᠩᠭᠣᠯ ᠤ᠋ᠨ ᠠᠭᠠᠷ ᠤ᠋ᠨ ᠠᠶᠠᠯᠠᠯ ᠤ᠋ᠨ ᠠᠯᠤᠰ ᠰᠠᠷᠠᠯ ᠤ᠋ᠨ ᠬᠡᠮᠵᠢᠨ ᠵᠢᠷᠤᠬᠤ ᠬᠦᠷᠢᠶᠡᠯᠡᠩ ᠦ᠋ᠨ ᠳᠡᠳ᠋ ᠬᠤᠷᠢᠶᠠᠨ ᠳᠠᠷᠤᠭ᠎ᠠ ᠲᠢᠶᠠᠨ ᠰᠢᠦᠢ  ᠪᠦᠯᠦᠭ ᠬᠥᠮᠦᠰ ᠣᠷᠳᠣᠰ ᠬᠣᠲᠠ ᠶ᠋ᠢᠨ ᠠᠷᠠᠳ  ᠢ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠢᠨᠠᠨ ᠵᠢᠯᠣᠭᠣᠳᠤᠯᠠᠳᠠ ᠶ᠋ᠢᠨ ᠪᠠᠢᠴᠠᠭᠠᠬᠤ ᠳᠤᠭᠤᠢᠯᠠᠩ ᠤᠨ ᠰᠤᠷᠭᠠᠨ ᠬᠥᠮᠦᠵᠢᠯ ᠢ᠋  ᠬᠢᠨᠠᠨ ᠵᠠᠯᠠᠷᠠᠭᠤᠯᠬᠤ ᠬᠠᠷᠢᠭᠤ   ᠮᠡᠳᠡᠭᠦᠯᠬᠦ  ᠠᠵᠢᠯ ᠤ᠋ᠨ ᠰᠠᠨᠠᠯ ᠢ᠋ ᠬᠢᠨᠠᠨ  ᠵᠠᠰᠠᠬᠤ᠂ 《ᠡᠷᠭᠢᠵᠦ ᠬᠠᠷᠠᠬᠤ》ᠠᠵᠢᠯ ᠳ᠋ᠤ᠌ ᠣᠷᠣᠯᠴᠠᠪᠠ ᠃

 

 

      ᠬᠢᠨᠠᠨ ᠵᠢᠯᠣᠭᠣᠳᠬᠤ ᠠᠵᠢᠯ ᠤ᠋ᠨ ᠳᠤᠭᠤᠢᠯᠠᠩ ᠤ᠋ᠨ ᠬᠢᠨ ᠬᠠᠷᠢᠭᠤ ᠮᠡᠳᠡᠭᠦᠯᠦᠯᠲᠡ ᠰᠣᠨᠣᠰᠬᠤ ᠂ ᠶᠠᠷᠢᠶ᠎ᠠ ᠰᠣᠯᠢᠯᠴᠠᠭ᠎ᠠ ᠬᠢᠬᠦ ᠂ ᠡᠬᠡ ᠳᠠᠩᠰᠠ ᠶ᠋ᠢᠨ ᠮᠠᠲ᠋ᠧᠷᠢᠶᠠᠯ ᠢ᠋ ᠪᠠᠢᠴᠠᠭᠠᠨ ᠦᠵᠡᠬᠦ ᠵᠡᠷᠭᠡ ᠠᠷᠭ᠎ᠠ ᠮᠠᠶᠢᠭ ᠢ᠋ᠶ᠋ᠠᠷ ᠳᠠᠮᠵᠢᠨ ᠰᠤᠷᠭᠠᠨ ᠬᠥᠮᠦᠵᠢᠯ ᠦ᠋ᠨ ᠦᠷ᠎ᠡ ᠪᠦᠲᠦᠮᠵᠢ ᠂ ᠬᠡᠷᠡᠭ ᠦ᠋ᠨ ᠰᠦᠪᠡᠭᠴᠢ ᠶ᠋ᠢ ᠰᠢᠢᠳᠪᠦᠷᠢᠯᠡᠬᠦ ᠂ ᠬᠡᠮ ᠠᠷᠬᠠᠭ ᠢ᠋ ᠴᠡᠭᠴᠡᠯᠡᠨ ᠵᠠᠰᠠᠬᠤ ᠂ ᠬᠢᠨᠠᠨ ᠵᠢᠯᠣᠭᠣᠳᠬᠤ ᠰᠠᠨᠠᠯ ᠳ᠋ᠤ᠌   ᠥᠭᠡᠷᠡᠴᠢᠯᠡᠯᠲᠡ ᠬᠢᠵᠦ᠂ ᠳᠦᠷᠢᠮ ᠲᠣᠭᠲᠠᠯ  ᠤ᠋ᠨ ᠪᠠᠢᠭᠤᠯᠤᠯᠲᠠ ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠪᠡᠷ ᠭᠣᠣᠯᠯᠠᠨ ᠬᠢᠨᠠᠨ ᠵᠢᠯᠣᠭᠣᠳᠬᠤ ᠠᠵᠢᠯ ᠢ᠋ ᠥᠷᠨᠢᠭᠦᠯᠪᠡ ᠃

     ᠬᠢᠨᠠᠨ ᠵᠢᠯᠣᠭᠣᠳᠬᠤ ᠳᠤᠭᠤᠢᠯᠠᠩ ᠨᠢ ᠤᠯᠤᠰ ᠲᠥᠷᠥ ᠬᠠᠤᠯᠢ ᠴᠠᠭᠠᠵᠠ ᠶ᠋ᠢᠨ ᠳᠤᠭᠤᠢᠯᠠᠩ ᠶ᠋ᠢᠨ ᠰᠤᠷᠭᠠᠨ ᠬᠥᠮᠦᠵᠢᠯ ᠦ᠋ᠨ ᠥᠷᠡᠴᠢᠯᠡᠯᠳᠡ ᠶ᠋ᠢ ᠴᠠᠭ ᠢᠮᠠᠭᠲᠠ ᠨᠢᠭᠡ ᠵᠦᠢᠯ ᠦ᠋ᠨ ᠴᠢᠬᠤᠯᠠ ᠤᠯᠤᠰ ᠲᠥᠷᠥ ᠶ᠋ᠢᠨ ᠡᠭᠦᠷᠭᠡ ᠬᠠᠷᠢᠭᠤᠴᠠᠯᠭ᠎ᠠ ᠪᠣᠯᠭᠠᠵᠤ ᠂ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶᠣᠰᠣᠭᠠᠷ ᠬᠦᠴᠦᠯᠡᠴᠡ ᠪᠡᠨ ᠬᠤᠪᠢᠷᠠᠭᠠᠬᠤ ᠦᠭᠡᠢ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ 《ᠡᠷᠭᠢᠵᠦ ᠬᠠᠷᠠᠬᠤ》 ᠡᠯ᠎ᠡ ᠵᠦᠢᠯ ᠦ᠋ᠨ ᠡᠭᠦᠷᠭᠡ ᠶ᠋ᠢ ᠴᠢᠩᠭ᠎ᠠ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃ ᠲᠥᠪ ᠦ᠋ᠨ ᠬᠢᠨᠠᠨ ᠵᠢᠯᠣᠭᠣᠳᠬᠤ ᠳᠤᠭᠤᠢᠯᠠᠩ ᠤ᠋ᠨ ᠲᠤᠰᠬᠠᠭᠰᠠᠨ ᠰᠠᠨᠠᠯ ᠢ᠋ ᠬᠦᠯᠢᠶᠡᠨ  ᠠᠪᠴᠤ ᠠᠵᠢᠯ ᠤ᠋ᠨ ᠬᠦᠴᠦᠯᠡᠴᠡ ᠶ᠋ᠢ ᠴᠢᠩᠭ᠋ᠠᠳᠬᠠᠨ᠎ᠠ ᠃ ᠱᠤᠭᠤᠮᠠᠨ ᠵᠢᠯᠣᠭᠣᠳᠬᠤᠤ  ᠶ᠋ᠢᠨ ᠦᠢᠯᠡᠳᠦᠯ ᠢ᠋ ᠴᠢᠩᠭᠠᠳᠬᠠᠵᠤ᠂ᠠᠵᠢᠯ ᠤ᠋ᠨ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠪᠣᠳᠠᠲᠤ ᠦᠷ᠎ᠡ ᠪᠦᠲᠦᠮᠵᠢ ᠶ᠋ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ ᠃  ᠠᠯᠪᠠ  ᠬᠠᠰᠢᠬᠤ  ᠪᠠᠢᠳᠠᠯ ᠢ᠋ ᠲᠡᠪᠴᠢᠵᠦ ᠂ ᠡᠷᠴᠢ ᠵᠣᠷᠢᠭ ᠢ᠋ᠶ᠋ᠠᠨ ᠬᠥᠪᠴᠢᠯᠡᠵᠦ᠂ ᠰᠤᠷᠭᠠᠨ ᠬᠥᠮᠦᠵᠢᠯ ᠦ᠋ᠨ ᠵᠠᠯᠠᠷᠠᠭᠤᠯᠤᠯᠲᠠ ᠶ᠋ᠢᠨ ᠦᠷ᠎ᠡ ᠪᠦᠲᠦᠮᠵᠢ ᠶ᠋ᠢ ᠲᠠᠰᠤᠷᠠᠯᠲᠠ ᠥᠬᠡᠢ ᠪᠡᠬᠢᠵᠢᠭᠦᠯᠦᠨ   ᠳᠡᠭᠡᠭᠰᠢᠯᠡᠭᠦᠯᠦᠨ᠎ᠡ᠃
      ᠳᠠᠷᠠᠭᠠᠴᠢ ᠶ᠋ᠢᠨ ᠠᠯᠬᠤᠮ ᠳ᠋ᠤ᠌ ᠪᠦᠬᠦ ᠬᠣᠲᠠ ᠶ᠋ᠢᠨ ᠰᠢᠭᠦᠬᠦ ᠬᠣᠷᠢᠶ᠎ᠠ ᠦᠷᠭᠦᠯᠵᠢᠯᠡᠨ ᠪᠦᠬᠦ ᠬᠦᠴᠦᠨ ᠢ᠋ᠶ᠋ᠡᠷ ᠢ᠋ᠶ᠋ᠡᠨ ᠲᠥᠪ ᠦ᠋ᠨ ᠳᠥᠷᠪᠡᠳᠦᠭᠡᠷ ᠬᠢᠨᠠᠨ ᠵᠢᠯᠣᠭᠣᠳᠬᠤ ᠳᠤᠭᠤᠢᠯᠠᠩ ᠂ ᠥᠪᠡᠷᠲᠡᠭᠡᠨ ᠵᠠᠰᠠᠬᠤ ᠣᠷᠣᠨ ᠤ᠋ ᠶᠢᠰᠦᠳᠦᠭᠡᠷ ᠵᠢᠭᠠᠨ ᠵᠢᠯᠣᠭᠣᠳᠬᠤ ᠳᠤᠭᠤᠢᠯᠠᠩ ᠤ᠋ᠨ ᠲᠤᠰᠬᠠᠭᠰᠠᠨ ᠰᠠᠨᠠᠯ ᠶᠣᠰᠣᠭᠠᠷ ᠵᠠᠯᠠᠷᠠᠭᠤᠯᠤᠯᠵᠤ ᠥᠭᠡᠷᠡᠴᠢᠯᠡᠵᠦ《ᠡᠷᠭᠢᠵᠦ ᠬᠠᠷᠠᠬᠤ》 ᠶ᠋ᠢ ᠭᠦᠨᠵᠡᠭᠡᠢᠷᠡᠭᠦᠯᠬᠦ ᠡᠯ᠎ᠡ ᠵᠦᠢᠯ ᠦ᠋ᠨ ᠠᠷᠭ᠎ᠠ ᠬᠡᠮᠵᠢᠶ᠎ᠡ ᠶ᠋ᠢ ᠪᠠᠷᠢᠮᠲᠠᠯᠠᠨ ᠬᠡᠷᠡᠭᠵᠢᠭᠦᠯᠵᠦ ᠵᠠᠰᠠᠨ ᠰᠠᠢᠵᠢᠷᠠᠭᠤᠯᠬᠤ ᠬᠦᠴᠦᠨ ᠴᠢᠳᠠᠯ ᠢ᠋ᠶ᠋ᠠᠨ ᠨᠡᠮᠡᠭᠳᠡᠭᠦᠯᠵᠦ ᠂ ᠣᠷᠣᠰᠢᠵᠤ ᠪᠠᠢᠭ᠎ᠠ ᠠᠰᠠᠭᠤᠳᠠᠯ ᠢ᠋ ᠵᠠᠰᠠᠨ ᠵᠠᠯᠠᠷᠠᠭᠤᠯᠤᠬᠤ ᠪᠠ ᠳᠣᠪᠣᠢᠮ᠎ᠠ ᠠᠰᠠᠭᠤᠳᠠᠯ ᠢ᠋ ᠭᠡᠳᠡᠷᠭᠦ ᠭᠠᠷᠭᠠᠬᠤ ᠴᠠᠭ ᠂ ᠠᠬᠢᠴᠠ ᠶ᠋ᠢ ᠲᠦᠷᠭᠡᠳᠬᠡᠬᠦ ᠬᠡᠷᠡᠭᠲᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )