ᠺᠠᠲᠡᠷ ᠴᠠᠭᠳᠠᠭ᠎ᠠ ᠶ᠋ᠢᠨ ᠠᠵᠢᠯ ᠠᠮᠢᠳᠤᠷᠠᠯ ᠤ᠋ᠨ ᠳᠠᠷᠤᠭᠠᠰᠤ ᠶ᠋ᠢ ᠤᠯᠠᠮ ᠨᠢᠭᠡ ᠠᠯᠬᠤᠮ ᠬᠥᠩᠭᠡᠷᠡᠭᠦᠯᠬᠦ ᠶ᠋ᠢᠨ ᠲᠥᠯᠥᠭᠡ ᠺᠠᠲᠡᠷ ᠴᠠᠭᠳᠠᠭ᠎ᠠ ᠶ᠋ᠢᠨ ᠪᠡᠶ᠎ᠡ ᠰᠡᠳᠬᠢᠯ ᠦ᠋ᠨ ᠡᠷᠡᠭᠦᠯ ᠮᠡᠨᠳᠦ ᠶ᠋ᠢ ᠬᠠᠯᠠᠮᠵᠢᠯᠠᠨ ᠬᠠᠷᠠᠭᠠᠯᠵᠠᠬᠤ ᠶ᠋ᠢᠨ ᠲᠥᠯᠥᠭᠡ ᠂ ᠰᠢᠭᠦᠬᠦ ᠬᠣᠷᠢᠶᠠᠨ ᠤ᠋ ᠡᠩᠨᠡᠭᠡ ᠶ᠋ᠢᠨ ᠠᠮᠢᠵᠢᠷᠠᠯ ᠤ᠋ᠨ ᠬᠦᠴᠦᠨ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠬᠥᠭᠵᠢᠭᠦᠯᠬᠦ ᠤ᠋ᠨ ᠲᠥᠯᠦᠭᠡ ᠣᠢᠷ᠎ᠠ ᠶ᠋ᠢᠨ ᠦᠶᠡᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠢ᠋ᠢᠨ ᠰᠢᠭᠦᠬᠦ ᠬᠣᠷᠢᠶ᠎ᠠ ᠤᠯᠤᠰ ᠤ᠋ᠨ ᠬᠣᠶᠠᠳᠤᠭᠠᠷ ᠳᠡᠰ ᠦ᠋ᠨ ᠰᠡᠳᠬᠢᠴᠡ ᠶ᠋ᠢᠨ ᠵᠥᠪᠯᠡᠭᠴᠢ ᠂ ᠤᠯᠤᠰ ᠤ᠋ᠨ ᠪᠦᠯᠬᠦᠮ ᠦ᠋ᠨ ᠬᠠᠪᠰᠤᠷᠤᠨ ᠵᠢᠯᠣᠭᠣᠳᠬᠤ ᠵᠥᠪᠯᠡᠭᠴᠢ᠂ ᠡᠨᠧᠷᠭᠢ ᠶ᠋ᠢᠨ ᠰᠡᠳᠬᠢᠴᠡ ᠵᠦᠢ ᠶ᠋ᠢᠨ ᠤᠬᠠᠭᠠᠨ ᠤ᠋ ᠵᠥᠪᠯᠡᠭᠴᠢ ᠰᠠᠴᠤᠷᠠ ᠪᠠᠭᠰᠢ ᠶ᠋ᠢ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ 50 ᠭᠠᠷᠤᠢ ᠺᠠᠲᠡᠷ ᠴᠠᠭᠳᠠᠭ᠎ᠠ ᠤᠷᠢᠵᠤ《ᠳᠡᠭᠡᠭᠰᠢᠯᠡᠭᠦᠯᠬᠦ》 ᠭᠡᠵᠡᠢ ᠃
ᠴᠠᠭᠳᠠᠭ᠎ᠠ ᠶ᠋ᠢᠨ ᠤᠷᠲᠤ ᠬᠤᠭᠤᠴᠠᠭ᠎ᠠ ᠪᠠᠷ ᠳᠠᠷᠤᠭᠠᠰᠤ ᠶᠡᠬᠡᠲᠡᠢ ᠂ ᠥᠨᠳᠥᠷ ᠡᠷᠴᠢᠮ ᠲᠡᠢᠠᠵᠢᠯᠯᠠᠵᠤ ᠪᠠᠢᠭ᠎ᠠ ᠪᠣᠳᠠᠲᠤ ᠪᠠᠢᠳᠠᠯ ᠲᠠᠢ ᠤᠶᠠᠯᠳᠤᠭᠤᠯᠵᠤ ᠂ ᠰᠠᠴᠤᠷᠠ ᠪᠠᠭᠰᠢ ᠦᠰᠦᠭ ᠪᠢᠴᠢᠭ᠌ ᠢ᠋ᠶ᠋ᠡᠷ ᠲᠠᠢᠯᠪᠤᠷᠢᠯᠠᠬᠤ ᠂ ᠭᠡᠷᠡᠯ ᠵᠢᠷᠤᠭ ᠲᠠᠨᠢᠯᠴᠠᠭᠤᠯᠬᠤ ᠂ ᠰᠡᠳᠬᠢᠴᠡ ᠶ᠋ᠢᠨ ᠡᠷᠡᠭᠦᠯ ᠴᠢᠭᠢᠷᠠᠭ ᠤ᠋ᠨ ᠪᠠᠢᠴᠠᠭᠠᠯᠲᠠ ᠬᠢᠬᠦ ᠂ ᠰᠡᠳᠬᠢᠴᠡ ᠶ᠋ᠢᠨ ᠵᠢᠯᠣᠭᠣᠳᠤᠯᠭ᠎ᠠ ᠬᠢᠬᠦ ᠂ ᠲᠤᠬᠠᠢ ᠶ᠋ᠢᠨ ᠲᠠᠯᠠᠪᠠᠢ ᠳ᠋ᠤ᠌ ᠰᠣᠯᠢᠯᠴᠠᠭ᠎ᠠ ᠬᠢᠬᠦ ᠵᠡᠷᠭᠡ ᠲᠠᠯ᠎ᠠ ᠪᠠᠷ ᠬᠡᠷᠬᠢᠨ ᠨᠡᠩ ᠰᠠᠢᠨ ᠤᠷᠮ᠎ᠠ ᠰᠡᠳᠬᠢᠯᠭᠡ ᠢ᠋ᠢᠨ ᠬᠠᠮᠢᠶᠠᠷᠤᠯᠲᠠ ᠬᠢᠵᠦ ᠢᠳᠡᠪᠬᠢ ᠪᠤᠰᠤᠳ ᠬᠥᠮᠦᠰ ᠲᠡᠢ ᠨᠡᠪᠲᠡᠷᠡᠯᠴᠡᠬᠦ ᠵᠡᠷᠭᠡ ᠠᠭᠤᠯᠭ᠎ᠠ ᠶ᠋ᠢ ᠨᠠᠷᠢᠨ ᠨᠢᠮᠪᠠᠢ ᠲᠠᠢᠯᠪᠤᠷᠢᠯᠠᠨ ᠂ ᠺᠠᠲᠡᠷ ᠴᠠᠭᠳᠠᠭ᠎ᠠ ᠶ᠋ᠢ ᠬᠠᠪᠰᠤᠷᠤᠨ ᠪᠡᠶ᠎ᠡ ᠪᠡᠨ ᠲᠠᠢᠳᠭᠤᠷᠠᠭᠤᠯᠪᠠ᠃
ᠨᠡᠢᠲᠡ ᠦ᠋ᠨ ᠬᠠᠪᠰᠤᠷᠤᠨ ᠵᠢᠯᠣᠭᠣᠳᠤᠯᠭ᠎ᠠ ᠳ᠋ᠤ᠌ ᠣᠷᠣᠯᠴᠠᠭᠰᠠᠨ ᠺᠠᠲᠡᠷ ᠴᠠᠭᠳᠠᠭ᠎ᠠ ᠨᠠᠷ ᠲᠤᠰ ᠤᠳᠠᠭᠠᠨ ᠤ᠋ ᠠᠵᠢᠯᠯᠠᠭ᠎ᠠ ᠨᠢ ᠳᠠᠷᠤᠯᠲᠠ ᠶ᠋ᠢ ᠪᠠᠳᠠᠷᠠᠭᠤᠯᠬᠤ ᠳ᠋ᠤ᠌ ᠳᠣᠲᠣᠭᠠᠳᠤ ᠰᠡᠳᠬᠢᠯ ᠦ᠋ᠨ ᠵᠣᠪᠠᠨᠢᠯ ᠢ᠋ ᠠᠷᠢᠯᠭᠠᠬᠤ ᠂ ᠳᠣᠲᠣᠭᠠᠳᠤ ᠰᠡᠳᠬᠢᠯ ᠦ᠋ᠨ ᠬᠥᠳᠡᠯᠭᠡᠭᠴᠢ ᠬᠦᠴᠦᠨ ᠣᠯᠭᠤᠭᠰᠠᠨ ᠪᠠ ᠬᠦᠴᠦᠲᠡᠢ ᠵᠢᠯᠣᠭᠣᠳᠤᠯᠭ᠎ᠠ ᠬᠠᠩᠭᠠᠭᠰᠠᠨ ᠪᠠᠢᠨ᠎ᠠ ᠃ ᠠᠮᠢᠳᠤᠷᠠᠯ ᠪᠤᠶᠤ ᠠᠵᠢᠯ ᠨᠢ ᠰᠠᠨᠠᠭᠠᠨ ᠳ᠋ᠤ᠌ ᠬᠦᠷᠬᠦ ᠦᠭᠡᠢ ᠦᠶ᠎ᠡ ᠳ᠋ᠦ᠍ ᠥᠪᠡᠷ ᠢ᠋ ᠪᠠᠨ ᠪᠠᠶᠠᠰᠤᠩᠭᠤᠢ ᠣᠪᠣᠷ ᠢ᠋ᠢᠠᠷ ᠴᠠᠭ ᠲᠤᠬᠠᠢ ᠳ᠋ᠤᠨᠢ ᠲᠣᠬᠢᠷᠠᠭᠤᠯᠵᠤ ᠪᠠᠶᠠᠷ ᠬᠥᠷ ᠲᠡᠢ ᠠᠮᠢᠳᠤᠷᠠᠯ ᠢ᠋ ᠡᠳᠡᠯᠡᠪᠡᠯ ᠵᠣᠬᠢᠨ᠎ᠠ ᠃
ᠣᠢᠷ᠎ᠠ ᠤ᠋ᠨ ᠵᠢᠯ ᠦ᠋ᠳ ᠲᠦ᠍ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠠᠷᠠᠳ ᠢ᠋ᠢᠨ ᠰᠢᠭᠦᠬᠦ ᠬᠣᠷᠢᠶ᠎ᠠ 《ᠴᠠᠭᠳᠠᠭ᠎ᠠ ᠶ᠋ᠢ ᠴᠢᠩᠭ᠎ᠠ ᠵᠠᠰᠠᠬᠤ 》ᠪᠠ 《ᠴᠠᠭᠳᠠᠭ᠎ᠠ ᠶ᠋ᠢᠨ ᠬᠠᠷᠠᠭᠠᠯᠵᠠᠯ ᠢ᠋ ᠰᠠᠢᠵᠢᠷᠠᠭᠤᠯᠬᠤ》 ᠶ᠋ᠢ ᠣᠷᠭᠠᠨᠢᠭ ᠢ᠋ᠶ᠋ᠠᠷ ᠤᠶᠠᠯᠳᠤᠭᠤᠯᠵᠤ ᠂ ᠺᠠᠲᠡᠷ ᠴᠠᠭᠳᠠᠭ᠎ᠠ ᠶ᠋ᠢᠨ ᠪᠡᠶ᠎ᠡ ᠰᠡᠳᠬᠢᠯ ᠦ᠋ᠨ ᠡᠷᠡᠭᠦᠯ ᠮᠡᠨᠳᠦ ᠶ᠋ᠢ ᠬᠠᠯᠠᠮᠵᠢᠯᠠᠨ ᠰᠢᠭᠦᠬᠦ ᠬᠣᠷᠢᠶ᠎ᠠ ᠶ᠋ᠢᠨ ᠡᠩᠨᠡᠭᠡᠨ ᠦ᠌ ᠪᠠᠢᠭᠤᠯᠤᠯᠲᠠ ᠶ᠋ᠢᠨ ᠨᠢᠭᠡᠨ ᠴᠢᠬᠤᠯᠠ ᠠᠭᠤᠯᠭ᠎ᠠ ᠪᠣᠯᠭᠠᠵᠤ ᠂ ᠺᠠᠲᠡᠷ ᠴᠠᠭᠳᠠᠭ᠎ᠠ ᠶ᠋ᠢᠨ ᠶᠡᠷᠦᠩᠬᠡᠢ ᠬᠥᠮᠦᠨ ᠦ᠌ ᠲᠣᠭ᠎ᠠ ᠶ᠋ᠢᠨ 30% ᠤ᠋ ᠪᠦᠷᠬᠦᠯᠲᠡ ᠶ᠋ᠢᠨ ᠨᠣᠷᠮ᠎ᠠ ᠶᠣᠰᠣᠭᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠡᠳᠬᠢᠴᠡ ᠶ᠋ᠢᠨ ᠪᠦᠯᠬᠦᠮ ᠨᠡᠢᠲᠡ ᠪᠡᠷ ᠬᠠᠪᠰᠤᠷᠤᠨ ᠵᠢᠯᠣᠭᠣᠳᠬᠤ ᠂ ᠨᠢᠭᠡ ᠨᠢᠭᠡ ᠪᠡᠷ ᠬᠠᠪᠰᠤᠷᠤᠨ ᠵᠢᠯᠣᠭᠣᠳᠬᠤ ᠵᠡᠷᠭᠡ ᠠᠵᠢᠯᠯᠠᠭ᠎ᠠ ᠶ᠋ᠢ ᠢᠳᠡᠪᠬᠢᠲᠡᠢ ᠥᠷᠨᠢᠭᠦᠯᠦᠭᠰᠡᠨ ᠪᠠᠢᠨ᠎ᠠ ᠃
ᠦᠨᠡᠯᠡᠬᠦ 0ᠦᠨᠡᠯᠡᠯᠲᠡ ᠲᠠᠢ