ᠣᠷᠳᠣᠰ ᠬᠣᠲᠠ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠰᠢᠰᠲ᠋ᠧᠮ ᠦ᠋ᠨ ᠨᠢᠭᠡ ᠶ᠋ᠢ ᠭᠠᠷᠭᠠᠵᠤ ᠭᠤᠷᠪᠠ ᠶ᠋ᠢ ᠡᠰᠡᠷᠭᠦᠴᠡᠬᠦ ᠂ ᠬᠡᠷᠡᠭ ᠢ᠋ᠶ᠋ᠡᠷ ᠥᠭᠡᠷᠡᠴᠢᠯᠡᠨ ᠰᠡᠷᠡᠮᠵᠢᠯᠡᠭᠦᠯᠦᠯ ᠦ᠋ᠨ ᠬᠥᠮᠦᠵᠢᠯ ᠦ᠋ᠨ ᠶᠡᠬᠡ ᠬᠤᠷᠠᠯ ᠬᠤᠷᠠᠯᠳᠤᠪᠠ
2021.08.12 ᠲᠣᠰ ᠥᠷᠲᠡᠭᠡᠨ᠎ᠦ ᠨᠠᠢᠷᠠᠭᠤᠯᠤᠭᠴᠢ

     ᠶᠡᠷᠦᠩᠬᠡᠢ ᠱᠦᠵᠢ ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠳᠤᠭᠤᠢᠯᠠᠩ ᠤ᠋ᠨ ᠪᠠᠢᠭᠤᠯᠤᠯᠲᠠ ᠶ᠋ᠢᠨ ᠲᠤᠬᠠᠢ ᠴᠢᠬᠤᠯᠠ ᠵᠢᠭᠠᠪᠤᠷᠢ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶ᠋ᠢᠨ ᠲᠥᠯᠥᠭᠡ ᠂ ᠲᠥᠪ ᠦ᠋ᠨ ᠳᠥᠷᠪᠡᠳᠦᠭᠡᠷ ᠬᠢᠨᠠᠨ ᠵᠢᠯᠣᠭᠣᠳᠬᠤ ᠳᠤᠭᠤᠢᠯᠠᠩ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶᠠᠨ ᠤ᠋ 《 ᠬᠡᠷᠡᠭ ᠢ᠋ᠶ᠋ᠡᠷ ᠥᠭᠡᠷᠡᠴᠢᠯᠡᠯᠲᠡ ᠶ᠋ᠢ ᠠᠬᠢᠭᠤᠯᠬᠤ 》 ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶᠣᠰᠣᠭᠠᠷ ᠂ ᠬᠠᠤᠯᠢ ᠰᠠᠬᠢᠯᠭ᠎ᠠ ᠶ᠋ᠢ ᠵᠥᠷᠢᠴᠡᠭᠰᠡᠨ ᠬᠡᠷᠡᠭ ᠡᠴᠡ ᠪᠣᠯᠤᠭᠰᠠᠨ ᠰᠤᠷᠭᠠᠮᠵᠢ ᠶ᠋ᠢ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠬᠠᠤᠯᠢ ᠴᠠᠭᠠᠵᠠ ᠶ᠋ᠢᠨ ᠴᠢᠳᠠᠪᠤᠷᠢ ᠪᠠ ᠣᠪᠣᠷ ᠰᠤᠷᠲᠠᠯ ᠤ᠋ᠨ ᠪᠠᠢᠭᠤᠯᠤᠯᠲᠠ ᠶ᠋ᠢᠨ ᠠᠬᠢᠭᠤᠯᠤᠯᠲᠠ ᠶ᠋ᠢᠨ ᠡᠩᠨᠡᠭᠡ ᠶ᠋ᠢᠨ ᠬᠥᠮᠦᠵᠢᠯ ᠢ᠋ ᠲᠠᠰᠤᠷᠠᠯᠲᠠ ᠥᠬᠡᠢ ᠭᠦᠨᠵᠡᠭᠡᠢᠷᠡᠭᠦᠯᠵᠡᠢ ᠃  ᠣᠷᠳᠤᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠬᠣᠷᠢᠶᠠᠨ ᠳᠡᠳ᠋ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠪᠡ ᠃ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋  ᠭᠡᠰᠢᠭᠦᠨ ᠨᠠᠷ ᠪᠣᠯᠤᠨ ᠪᠦᠬᠦ  ᠺᠠᠲᠠᠷ ᠴᠠᠭᠳᠠᠭ᠎ᠠ ᠨᠠᠷ ᠭᠣᠣᠯ ᠬᠤᠷᠠᠯ ᠤ᠋ᠨ ᠲᠠᠯᠠᠪᠠᠢ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ  ᠭᠡᠰᠢᠭᠦᠨ ᠵᠢᠴᠢ ᠪᠦᠬᠦ ᠺᠠᠲᠠᠷ ᠴᠠᠭᠳᠠᠭ᠎ᠠ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠣᠷᠣᠯᠴᠠᠵᠠᠢ ᠃

 

  

   ᠬᠤᠷᠠᠯ ᠳᠡᠭᠡᠷ᠎ᠡ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠤ᠋ᠨ  ᠭᠡᠰᠢᠭᠦᠨ ᠂ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠪᠠᠢ ᠯᠠᠨ ᠵᠣ᠌ ᠭᠤᠷᠪᠠᠨ ᠨᠡᠢᠲᠡᠯᠢᠭ ᠬᠡᠷᠡᠭ ᠦ᠋ᠨ ᠵᠢᠱ᠌ᠢᠶ᠎ᠡ ᠶ᠋ᠢ ᠨᠡᠢᠲᠡᠯᠡᠵᠡᠢ ᠃

     ᠬᠤᠷᠠᠯ ᠠ᠋ᠴᠠ ᠵᠢᠭᠠᠵᠤ ᠭᠠᠷᠭᠠᠭᠰᠠᠨ ᠨᠢ ᠂  ᠪᠥᠬᠥ ᠬᠣᠲᠠ ᠶ᠋ᠢᠨ ᠰᠢᠭᠦᠬᠦ ᠬᠣᠷᠢᠶ᠎ᠠ ᠬᠡᠷᠡᠭ ᠦ᠋ᠨ ᠰᠤᠷᠭᠠᠮᠵᠢ ᠶ᠋ᠢ ᠭᠦᠨᠵᠡᠭᠡᠢ ᠰᠢᠩᠭᠡᠭᠡᠨ ᠠᠪᠴᠤ ᠂ ᠬᠡᠷᠡᠭ ᠢ᠋ᠶ᠋ᠡᠷ ᠥᠭᠡᠷᠡᠴᠢᠯᠡᠯᠲᠡ ᠶ᠋ᠢ ᠠᠬᠢᠭᠤᠯᠵᠤ ᠂ ᠨᠢᠭᠡ ᠡᠴᠡ ᠵᠦᠢᠴᠢᠯᠡᠵᠦ ᠨᠥᠭᠦᠭᠡ ᠶ᠋ᠢ ᠡᠷᠭᠢᠴᠡᠭᠦᠯᠦᠨ ᠂ ᠥᠪᠡᠷ ᠦ᠋ᠨ ᠠᠵᠢᠯ ᠤ᠋ᠨ ᠳᠤᠮᠳᠠ ᠣᠷᠣᠰᠢᠵᠤ ᠪᠠᠢᠭ᠎ᠠ ᠬᠦᠷᠦᠯᠴᠡᠬᠦ ᠥᠬᠡᠢ ᠲᠠᠯ᠎ᠠ ᠪᠠᠨ ᠭᠦᠨᠵᠡᠭᠡᠢ ᠪᠠᠢᠴᠠᠭᠠᠨ ᠡᠷᠢᠵᠦ ᠂ ᠬᠤᠪᠢ ᠬᠥᠮᠦᠨ ᠦ᠌ ᠬᠠᠤᠯᠢ ᠴᠠᠭᠠᠵᠠ ᠶ᠋ᠢᠨ ᠲᠤᠬᠠᠢᠯᠠᠭᠰᠠᠨ ᠠᠵᠢᠯ ᠤ᠋ᠨ ᠴᠢᠳᠠᠪᠤᠷᠢ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠬᠠᠤᠯᠢ ᠴᠠᠭᠠᠵᠠ ᠶ᠋ᠢᠨ ᠠᠷᠠᠳ ᠤ᠋ᠨ ᠲᠥᠯᠥᠭᠡ ᠦᠢᠯᠡᠴᠢᠯᠡᠬᠦ ᠤᠬᠠᠮᠰᠠᠷ ᠢ᠋ ᠲᠠᠰᠤᠷᠠᠯᠲᠠ ᠦᠭᠡᠢ ᠭᠦᠨᠵᠡᠭᠡᠢᠷᠡᠭᠦᠯᠦᠨ ᠂ ᠦᠨᠡᠨ ᠬᠦ᠌ ᠠᠳᠬᠤᠵᠤ ᠂ ᠦᠨᠡᠨ ᠬᠦ᠌ ᠥᠭᠡᠷᠡᠴᠢᠯᠡᠬᠦ ᠡᠷᠴᠢ ᠵᠣᠷᠢᠭ ᠂ ᠢᠴᠢᠭᠦᠷᠢ ᠭᠤᠲᠤᠮᠰᠢᠭ ᠢ᠋ ᠮᠡᠳᠡᠵᠦ᠂ ᠠᠵᠢᠯ ᠤ᠋ᠨ ᠦᠷ᠎ᠡ ᠪᠦᠲᠦᠮᠵᠢ ᠰᠠᠢᠲᠠᠢ ᠪᠠᠢᠬᠤ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃

     ᠰᠦ᠍ ᠯᠢ ᠵᠦᠩ ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ ᠤᠯᠤᠰ ᠲᠥᠷᠥ ᠶ᠋ᠢ ᠡᠷᠬᠢᠮᠯᠡᠬᠦ ᠶᠠᠪᠤᠳᠠᠯ ᠢ᠋ ᠨᠢᠭᠡᠳᠦᠭᠡᠷ ᠱᠠᠭᠠᠷᠳᠠᠯᠭ᠎ᠠ ᠪᠣᠯᠭᠠᠵᠤ ᠂ ᠦᠨᠡᠨᠴᠢ ᠰᠢᠳᠤᠷᠭᠤ ᠶ᠋ᠢ ᠡᠷᠬᠢᠮᠯᠡᠬᠦ ᠶᠠᠪᠤᠳᠠᠯ ᠢ᠋ ᠨᠢᠭᠡᠳᠦᠭᠡᠷ ᠪᠠᠷᠢᠮᠵᠢᠶ᠎ᠠ ᠪᠣᠯᠭᠠᠵᠤ ᠂ ᠦᠵᠡᠯ ᠰᠠᠨᠠᠭ᠎ᠠ ᠲᠠᠨᠢᠯᠲᠠ ᠪᠠᠨ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶ᠎ᠠ ᠪᠠ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠤᠯᠤᠰ ᠲᠥᠷᠥ ᠶ᠋ᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠯᠤᠰ ᠲᠥᠷᠥ ᠶ᠋ᠢᠨ ᠦᠨᠡᠨᠴᠢ ᠰᠢᠳᠤᠷᠭᠤ ᠪᠠᠷ ᠴᠣᠭ ᠰᠦᠯᠳᠡ ᠪᠡᠨ ᠪᠠᠳᠠᠷᠠᠭᠤᠯᠵᠤ ᠂ ᠡᠭᠦᠷᠢᠳᠡ ᠨᠠᠮ ᠳ᠋ᠠᠭᠠᠨ ᠦᠨᠡᠨᠴᠢ ᠂ ᠤᠯᠤᠰ ᠣᠷᠣᠨ ᠳ᠋ᠠᠭᠠᠨ ᠦᠨᠡᠨᠴᠢ ᠂ ᠠᠷᠠᠳ ᠲᠦᠮᠡᠨ ᠳ᠋ᠡᠭᠡᠨ ᠦᠨᠡᠨᠴᠢ ᠂ ᠬᠠᠤᠯᠢ ᠴᠠᠭᠠᠵᠠ ᠳ᠋ᠤ᠌ ᠦᠨᠡᠨᠴᠢ ᠰᠢᠳᠤᠷᠭᠤ ᠪᠠᠢᠬᠤ ᠶ᠋ᠢ ᠪᠠᠲᠤᠯᠠᠬᠤ ᠬᠡᠷᠡᠭᠲᠡᠢ ᠃

     ᠬᠣᠶᠠᠷ ᠲᠤ᠌ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠣᠢᠯᠠᠭᠠᠭᠳᠠᠬᠤᠨ ᠢ᠋ ᠤᠯᠠᠮ ᠴᠢᠨᠠᠭᠰᠢᠳᠠ ᠭᠦᠨᠵᠡᠭᠡᠢᠷᠡᠭᠦᠯᠬᠦ ᠬᠡᠷᠡᠭᠳᠠᠢ ᠃ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠢᠮᠠᠭᠲᠠ ᠪᠠᠷᠢᠮᠲᠠᠯᠠᠵᠤ ᠂ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠦᠷ᠎ᠡ ᠪᠦᠲᠦᠭᠡᠯ ᠢ᠋ ᠠᠷᠠᠳ ᠤ᠋ᠨ ᠲᠥᠯᠥᠭᠡ ᠬᠠᠤᠯᠢ ᠪᠠᠷᠢᠬᠤ ᠦᠢᠯᠡᠳᠦᠯᠭᠡ ᠪᠣᠯᠭᠠᠨ ᠬᠤᠪᠢᠷᠠᠭᠤᠯᠵᠤ ᠂ 《ᠪᠢ ᠣᠯᠠᠨ ᠲᠦᠮᠡᠨ ᠳ᠋ᠦ᠍ ᠪᠣᠳᠠᠲᠤ ᠶᠠᠪᠤᠳᠠᠯ ᠬᠢᠵᠦ ᠥᠭᠬᠦ》 ᠦᠢᠯᠡᠳᠦᠯᠭᠡ ᠶ᠋ᠢᠨ ᠠᠵᠢᠯᠯᠠᠭ᠎ᠠ ᠶ᠋ᠢ ᠭᠦᠨᠵᠡᠭᠡᠢ ᠥᠷᠨᠢᠭᠦᠯᠵᠦ ᠂ ᠪᠦᠬᠦ ᠴᠠᠭᠳᠠᠭ᠎ᠠ ᠶ᠋ᠢᠨ 《 ᠤᠯᠤᠰ ᠲᠥᠷᠥ ᠶ᠋ᠢ ᠡᠷᠬᠢᠮᠯᠡᠵᠦ 》 ᠂ 《ᠶᠡᠬᠡ ᠠᠢᠯᠴᠢᠯᠠᠨ ᠰᠤᠷᠪᠤᠯᠵᠢᠯᠠᠬᠤ 》 ᠂ 《ᠳᠠᠬᠢᠨ ᠥᠪᠡᠰᠦᠪᠡᠨ ᠪᠠᠢᠴᠠᠭᠠᠬᠤ 》 ᠂ 《ᠬᠦᠴᠦᠷᠬᠡᠭ ᠦᠢᠯᠡᠴᠢᠯᠡᠬᠦ》 ᠳᠥᠷᠪᠡᠨ ᠠᠵᠢᠯᠯᠠᠭ᠎ᠠ ᠶ᠋ᠢ ᠢᠳᠡᠪᠬᠢᠲᠡᠢ ᠥᠷᠨᠢᠭᠦᠯᠦᠨ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠂ ᠠᠷᠠᠳ ᠲᠦᠮᠡᠨ ᠳ᠋ᠦ᠍ ᠪᠣᠳᠠᠲᠤ ᠶᠠᠪᠤᠳᠠᠯ  ᠪᠦᠲᠦᠭᠡᠨ᠎ᠡ ᠃

     ᠭᠤᠷᠪᠠ ᠳ᠋ᠤ᠌ ᠂ ᠬᠠᠤᠯᠢ ᠴᠠᠭᠠᠵᠠ ᠶ᠋ᠢᠨ ᠲᠤᠬᠠᠢᠯᠠᠭᠰᠠᠨ ᠠᠵᠢᠯ ᠤ᠋ᠨ ᠴᠢᠳᠠᠪᠤᠷᠢ ᠶ᠋ᠢ ᠤᠯᠠᠮ ᠳᠡᠭᠡᠭᠰᠢᠯᠡᠭᠦᠯᠦᠨ᠎ᠡ ᠃ ᠬᠠᠤᠯᠢ ᠪᠠᠷᠢᠬᠤ ᠴᠢᠳᠠᠪᠤᠷᠢ ᠶ᠋ᠢᠨ ᠪᠠᠢᠭᠤᠯᠤᠯᠲᠠ ᠶ᠋ᠢ ᠲᠠᠰᠤᠷᠠᠯᠲᠠ ᠦᠭᠡᠢ ᠴᠢᠩᠭᠠᠳᠬᠠᠵᠤ ᠂ ᠬᠠᠤᠯᠢ ᠶ᠋ᠢᠨ ᠲᠤᠰᠢᠶᠠᠯᠲᠠᠨ ᠤ᠋ ᠨᠠᠷᠢᠨ ᠨᠢᠭᠲᠠ ᠠ᠋ᠴᠠ ᠨᠢᠭᠲᠠ ᠪᠠᠢᠬᠤ ᠰᠤᠷᠤᠯᠴᠠᠬᠤ ᠣᠪᠣᠷ ᠢ᠋ ᠪᠣᠢᠵᠢᠭᠤᠯᠬᠤ ᠬᠡᠷᠡᠭᠲᠡᠢ ᠃

     ᠳᠥᠷᠪᠡ ᠳ᠋ᠦ᠍ ᠨᠠᠮ ᠢ᠋ ᠬᠠᠮᠢᠶᠠᠷᠴᠤ ᠨᠠᠮ ᠢ᠋ ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠤᠯᠠᠮ ᠴᠢᠨᠠᠭᠰᠢᠳᠠ ᠨᠠᠢᠳᠠᠪᠤᠷᠢᠵᠢᠭᠤᠯᠬᠤ ᠬᠡᠷᠡᠭᠲᠡᠢ ᠃ ᠡᠯ᠎ᠡ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠳ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠡᠷᠡᠰ ᠨᠠᠢᠳᠠᠪᠤᠷᠢᠵᠢᠭᠤᠯᠵᠤ ᠨᠢᠭᠡᠳᠦᠭᠡᠷ ᠭᠠᠷ 《 ᠨᠢᠭᠡᠳᠦᠭᠡᠷ ᠬᠠᠷᠢᠭᠤᠴᠠᠯᠭᠠᠲᠠᠨ 》  ᠤ᠋ ᠡᠭᠦᠷᠭᠡ ᠬᠠᠷᠢᠭᠤᠴᠠᠯᠭ᠎ᠠ ᠶ᠋ᠢ ᠡᠷᠡᠰ ᠡᠭᠦᠷᠭᠡᠯᠡᠨ ᠬᠤᠪᠢᠳᠠᠨ ᠬᠠᠮᠢᠶᠠᠷᠬᠤ ᠬᠣᠷᠢᠶ᠎ᠠ ᠶ᠋ᠢᠨ ᠤᠳᠤᠷᠢᠳᠤᠯᠭ᠎ᠠ 《 ᠨᠢᠭᠡ ᠠᠵᠢᠯ ᠤ᠋ᠨ ᠪᠠᠢᠷᠢ ᠳ᠋ᠤ᠌ ᠬᠣᠶᠠᠷ ᠬᠠᠷᠢᠭᠤᠴᠠᠯᠭ᠎ᠠ ᠲᠠᠢ 》 ᠪᠠᠢᠬᠤ ᠱᠠᠭᠠᠷᠳᠠᠯᠭ᠎ᠠ ᠶ᠋ᠢ ᠦᠨᠡᠨᠬᠦ ᠰᠠᠢᠲᠤᠷ ᠭᠦᠢᠴᠡᠳᠬᠡᠬᠦ ᠬᠡᠷᠡᠭᠲᠡᠢ ᠃ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠣᠰᠣᠲᠠᠢ ᠪᠠᠢᠲᠠᠯ᠎ᠠ ᠦᠯᠦ ᠭᠦᠢᠴᠡᠳᠬᠡᠭᠰᠡᠨ ᠪᠤᠶᠤ ᠭᠦᠢᠴᠡᠳᠬᠡᠬᠦ ᠬᠣᠢᠷᠭᠣᠰᠢᠭᠰᠠᠨ ᠪᠠᠢᠪᠠᠯ ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠵᠣᠬᠢᠴᠠᠩᠭᠤᠢ ᠤᠳᠤᠷᠢᠳᠤᠯᠭ᠎ᠠ ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ ᠃

     ᠲᠠᠪᠤ ᠳ᠋ᠤ᠌ ᠬᠢᠨᠠᠯᠲᠠ ᠬᠠᠮᠢᠶᠠᠷᠤᠯᠲᠠ ᠶ᠋ᠢᠨ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ ᠃ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠵᠤ ᠬᠠᠮᠢᠶᠠᠷᠬᠤ ᠶ᠋ᠢ ᠲᠠᠰᠤᠷᠠᠯᠲᠠ ᠦᠭᠡᠢ ᠴᠢᠩᠭᠠᠳᠬᠠᠵᠤ ᠰᠢᠭᠦᠨ ᠲᠠᠰᠤᠯᠬᠤ ᠭᠦᠢᠴᠡᠳᠬᠡᠬᠦ ᠠᠵᠢᠯ ᠳ᠋ᠤ᠌ 《 ᠪᠦᠬᠦ ᠶᠠᠪᠤᠴᠠ ᠂ ᠪᠦᠬᠦ ᠠᠵᠢᠯᠲᠠᠨ 》 ᠳ᠋ᠤ᠌ ᠬᠢᠨᠠᠯᠲᠠ ᠲᠠᠯᠪᠢᠵᠤ ᠬᠠᠮᠢᠶᠠᠷᠬᠤ ᠶ᠋ᠢ ᠳᠦᠷᠢᠮᠵᠢᠭᠦᠯᠪᠡ ᠃ ᠬᠢᠨᠠᠯᠲᠠ ᠲᠠᠯᠪᠢᠵᠤ ᠬᠠᠮᠢᠶᠠᠷᠬᠤ ᠶ᠋ᠢ ᠠᠭᠤᠵᠢᠮ ᠰᠤᠯᠠ ᠪᠠᠢᠯᠭᠠᠬᠤ ᠠᠰᠠᠭᠤᠳᠠᠯ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠵᠦ ᠲᠥᠪ ᠰᠤᠷᠲᠠᠯ ᠢ᠋ ᠴᠡᠭᠴᠡᠯᠡᠵᠦ ᠰᠠᠬᠢᠯᠭ᠎ᠠ ᠪᠠᠲᠤ ᠶ᠋ᠢ ᠴᠢᠩᠳᠠᠯᠠᠬᠤ ᠤᠷᠲᠤ ᠬᠤᠭᠤᠴᠠᠭᠠᠨ ᠤ᠋ ᠪᠦᠲᠦᠮᠵᠢᠲᠡᠢ ᠲᠣᠭᠲᠠᠴᠠ ᠶ᠋ᠢ ᠬᠡᠷᠡᠭᠵᠢᠭᠦᠯᠵᠦ ᠨᠠᠢᠳᠠᠪᠤᠷᠢᠵᠢᠭᠤᠯᠬᠤ ᠶ᠋ᠢ ᠴᠢᠩᠭᠠᠳᠬᠠᠬᠤ 《 ᠳᠦᠷᠢᠮ ᠢ᠋ᠶ᠋ᠡᠷ ᠬᠥᠮᠦᠨ ᠢ᠋ ᠬᠠᠮᠢᠶᠠᠷᠴᠤ ᠬᠡᠷᠡᠭ ᠶᠠᠪᠤᠳᠠᠯ ᠢ᠋ ᠬᠠᠮᠢᠶᠠᠷᠬᠤ 》 ᠰᠠᠢᠨ ᠰᠠᠢᠬᠠᠨ ᠠᠵᠢᠯ ᠤ᠋ᠨ ᠪᠠᠢᠳᠠᠯ ᠢ᠋ ᠴᠢᠷᠮᠠᠢᠨ ᠪᠦᠷᠢᠯᠳᠦᠭᠦᠯᠬᠦ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )