ᠶᠡᠷᠦᠩᠬᠡᠢ ᠱᠦᠵᠢ ᠰᠢ ᠵᠢᠨ ᠫᠢᠩ ᠦ᠋ᠨ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠪᠡᠯᠭᠡᠯᠡᠬᠦ ᠶᠡᠬᠡ ᠬᠤᠷᠠᠯ ᠳᠡᠭᠡᠷ᠎ᠡ ᠬᠡᠯᠡᠭᠰᠡᠨ ᠦᠭᠡ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶ᠋ᠢᠨ ᠲᠥᠯᠥᠭᠡ ᠶᠠᠷᠢᠶᠠᠨ ᠤ᠋ ᠭᠣᠣᠯ ᠠᠭᠤᠯᠭ᠎ᠠ ᠂ ᠭᠦᠨ ᠭᠦᠨᠵᠡᠭᠡᠢ ᠠᠭᠤᠯᠤᠭᠳᠠᠬᠤᠨ ᠭᠦᠨᠵᠡᠭᠡᠢ ᠤᠳᠬ᠎ᠠ ᠰᠠᠨᠠᠭ᠎ᠠ ᠶ᠋ᠢ ᠤᠯᠠᠮ ᠨᠢᠭᠡ ᠠᠯᠬᠤᠮ ᠪᠠᠲᠤᠳᠬᠠᠵᠤ ᠂ ᠬᠤᠪᠢᠰᠬᠠᠯᠲᠤ ᠤᠳᠤᠮ ᠢ᠋ᠶ᠋ᠠᠨ ᠪᠠᠳᠠᠷᠠᠭᠤᠯᠤᠨ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ ᠶ᠋ᠢ ᠪᠠᠳᠠᠷᠠᠭᠤᠯᠬᠤ ᠬᠡᠷᠡᠭᠲᠡᠢ᠃
ᠠᠷᠪᠠᠨ ᠭᠤᠷᠪᠠᠳᠤᠭᠠᠷ ᠨᠠᠮ ᠤ᠋ᠨ ᠡᠭᠦᠷ ᠤ᠋ᠨ ᠺᠠᠲᠡᠷ ᠲᠢᠶᠠᠨ ᠯᠧ ᠶᠡᠷᠦᠩᠬᠡᠢ ᠱᠦᠵᠢ ᠰᠢ ᠵᠢᠨ ᠫᠢᠩ ᠦ᠋ᠨ ᠶᠠᠷᠢᠶᠠᠨ ᠤ᠋ ᠵᠣᠷᠢᠭ ᠰᠠᠨᠠᠭ᠎ᠠ ᠶ᠋ᠢ ᠰᠤᠷᠤᠯᠴᠠᠬᠤ ᠪᠠᠷ ᠳᠠᠮᠵᠢᠨ ᠦᠵᠡᠯ ᠰᠠᠨᠠᠭᠠᠨ ᠤ᠋ ᠤᠬᠠᠮᠰᠠᠷ ᠂ ᠤᠯᠤᠰ ᠲᠥᠷᠥ ᠶ᠋ᠢᠨ ᠤᠬᠠᠮᠰᠠᠷ ᠪᠣᠯᠤᠨ ᠦᠢᠯᠡ ᠠᠵᠢᠯᠯᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ ᠂ ᠦᠨᠳᠦᠰᠦᠲᠡᠨ ᠦ᠌ ᠰᠡᠷᠭᠦᠨ ᠮᠠᠨᠳᠤᠯᠲᠠ ᠶ᠋ᠢ ᠪᠡᠶᠡᠯᠡᠭᠦᠯᠬᠦ ᠰᠦᠷ ᠳᠠᠯᠠᠢᠴᠠᠲᠠᠢ ᠬᠦᠴᠦᠨ ᠢ᠋ ᠤᠬᠠᠮᠰᠠᠷ ᠠ᠋ᠴᠠ ᠪᠠᠨ ᠨᠢᠭᠲᠠᠷᠠᠭᠤᠯᠪᠠ ᠃ ᠪᠢᠳᠡ ᠠᠵᠢᠯ ᠤ᠋ᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠬᠡᠷᠡᠭ ᠨᠢᠭᠡᠪᠦᠷᠢ ᠶ᠋ᠢ ᠰᠠᠢᠲᠤᠷ ᠰᠢᠢᠳᠪᠦᠷᠢᠯᠡᠵᠦ ᠂ ᠨᠠᠷᠢᠨ ᠵᠦᠢᠯ ᠡᠴᠡ ᠨᠢ ᠪᠣᠳᠣᠯᠬᠢᠯᠠᠵᠤ ᠂ ᠠᠷᠭ᠎ᠠ ᠰᠦᠪᠡᠭᠴᠢᠯᠡᠵᠦ ᠪᠠᠢᠭᠠᠳ ᠠᠷᠠᠳ ᠤ᠋ᠨ ᠰᠢᠭᠦᠬᠦ ᠬᠣᠷᠢᠶᠠᠨ ᠤ᠋ ᠦᠢᠯᠡᠰ ᠲᠦ᠍ ᠬᠤᠪᠢ ᠨᠡᠮᠡᠷᠢ ᠪᠡᠨ ᠦᠵᠡᠭᠦᠯᠬᠦ ᠬᠡᠷᠡᠭᠲᠡᠢ ᠃
ᠠᠷᠪᠠᠨ ᠳᠥᠷᠪᠡᠳᠦᠭᠡᠷ ᠨᠠᠮ ᠤ᠋ᠨ ᠡᠭᠦᠷ ᠤ᠋ᠨ ᠺᠠᠲᠠᠷ ᠳ᠋ᠡᠨᠢᠰ ᠂ ᠮᠠᠨ ᠤ᠋ ᠨᠠᠮ ᠪᠥᠬᠥ ᠤᠯᠤᠰ ᠤ᠋ᠨ ᠠᠷᠠᠳ ᠲᠦᠮᠡᠨ ᠢ᠋ ᠳᠠᠭᠠᠭᠤᠯᠤᠨ ᠂ ᠵᠠᠭᠤᠨ ᠵᠢᠯ ᠦ᠋ᠨ ᠭᠠᠰᠠᠯᠠᠩ ᠵᠣᠪᠠᠯᠠᠩ ᠢ᠋ ᠲᠤᠭᠤᠯᠤᠨ ᠂ ᠭᠡᠷᠡᠯ ᠰᠠᠴᠤᠷᠠᠩᠭ᠋ᠤᠢ ᠠᠮᠵᠢᠯᠲᠠ ᠪᠦᠲᠦᠭᠡᠯ ᠭᠠᠷᠭᠠᠬᠰᠠᠨ ᠡᠨᠡ ᠡᠳᠦᠷ ᠪᠣᠯᠲᠠᠯ᠎ᠠ ᠮᠠᠰᠢ ᠬᠢᠯᠪᠠᠷ ᠪᠤᠰᠤ ᠭᠡᠳᠡᠭ ᠢ᠋ ᠮᠡᠳᠡᠭᠦᠯᠦᠭᠰᠡᠨ ᠪᠠᠢᠨ᠎ᠠ ᠃ ᠨᠠᠮ ᠤ᠋ᠨ ᠰᠢᠯᠢᠳᠡᠭ ᠤᠯᠠᠮᠵᠢᠯᠠᠯ ᠢ᠋ ᠵᠠᠯᠭᠠᠮᠵᠢᠯᠠᠨ ᠪᠠᠳᠠᠷᠠᠭᠤᠯᠬᠤ ᠳ᠋ᠤ᠌ ᠲᠣᠬᠢᠶᠠᠯ ᠪᠣᠯᠭᠠᠨ 《 ᠪᠢ ᠣᠯᠠᠨ ᠲᠦᠮᠡᠨ ᠳ᠋ᠦ᠍ ᠪᠣᠳᠠᠲᠠᠢ ᠶᠠᠪᠤᠳᠠᠯ ᠬᠢᠬᠦ 》ᠦᠢᠯᠡᠳᠦᠯᠭᠡ ᠶ᠋ᠢᠨ ᠠᠵᠢᠯᠯᠠᠭ᠎ᠠ ᠶ᠋ᠢ ᠯᠠᠪᠳᠠᠭᠤᠨ ᠪᠠᠲᠤᠲᠠᠢ ᠥᠷᠨᠢᠭᠦᠯᠵᠦ ᠣᠯᠠᠨ ᠲᠦᠮᠡᠨ ᠳ᠋ᠦ᠍ ᠨᠠᠮ ᠤ᠋ᠨ ᠬᠠᠢᠷ᠎ᠠ ᠬᠠᠯᠠᠮᠵᠢ ᠶ᠋ᠢ ᠬᠦᠷᠲᠡᠭᠡᠪᠡ᠃
ᠠᠷᠪᠠᠨ ᠲᠠᠪᠤᠳᠤᠭᠠᠷ ᠨᠠᠮ ᠤ᠋ᠨ ᠡᠭᠦᠷ ᠦ᠋ᠨ ᠳᠡᠳ᠋ ᠱᠦᠵᠢ ᠳ᠋ᠤᠸᠠᠨ ᠰᠢᠶᠣᠤ ᠵᠢᠩ ᠵᠠᠭᠤᠨ ᠵᠢᠯ ᠦ᠋ᠨ ᠠᠶᠠᠨ ᠲᠡᠢᠨ ᠦ᠌ ᠵᠠᠮ ᠬᠥᠮᠦᠰ ᠦ᠋ᠨ ᠰᠡᠳᠬᠢᠯ ᠢ᠋ ᠳᠣᠭᠳᠣᠯᠤᠭᠤᠯᠤᠨ᠎ᠠ ᠭᠡᠵᠦ ᠢᠯᠡᠳᠬᠡᠪᠡ ᠃ ᠶᠡᠷᠦᠩᠬᠡᠢ ᠱᠦᠵᠢ ᠱᠢ ᠵᠢᠨ ᠫᠢᠩ ᠦ᠋ᠨ ᠴᠢᠬᠤᠯᠠ ᠶᠠᠷᠢᠶ᠎ᠠ ᠨᠢ ᠬᠦᠴᠦᠷᠬᠡᠭ ᠶᠡᠬᠡ ᠨᠥᠯᠥᠭᠡᠯᠡᠬᠦ ᠬᠦᠴᠦᠨ ᠪᠠ ᠤᠷᠢᠶᠠᠯᠠᠬᠤ ᠬᠦᠴᠦᠨ ᠲᠡᠢ ᠨᠠᠮ ᠤ᠋ᠨ ᠭᠡᠰᠢᠭᠦᠨ ᠺᠠᠲᠠᠷ ᠴᠠᠭᠳᠠᠭ᠎ᠠ ᠬᠤᠪᠢ ᠳᠠᠬᠢᠨ ᠣᠮᠣᠭᠰᠢᠨ ᠪᠠᠬᠠᠳᠤᠵᠤ ᠂ ᠠᠬᠠᠮᠠᠳ ᠨᠥᠬᠥᠳ ᠪᠠ ᠳᠡᠷᠭᠡᠳᠡᠬᠢ ᠲᠡᠷᠢᠭᠦᠨ ᠦ᠌ ᠨᠡᠢᠲᠡᠯᠢᠭ ᠵᠢᠱᠢᠶᠡᠴᠢ ᠪᠡᠷ ᠳᠠᠭᠤᠷᠢᠶᠠᠯ ᠪᠣᠯᠭᠠᠨ ᠲᠡᠦᠬᠡ ᠶ᠋ᠢᠨ ᠰᠠᠢᠨ ᠵᠠᠯᠭᠠᠮᠵᠢᠯᠠᠭᠴᠢ ᠪᠠ ᠰᠢᠨ᠎ᠡ ᠴᠠᠭ ᠦᠶ᠎ᠡ ᠶ᠋ᠢᠨ ᠪᠦᠲᠦᠭᠡᠨ ᠪᠠᠢᠭᠤᠯᠤᠭᠴᠢ ᠪᠣᠯᠵᠤ ᠠᠷᠠᠳ ᠤ᠋ᠨ ᠬᠠᠤᠯᠢ ᠴᠠᠭᠠᠵᠠ ᠶ᠋ᠢᠨ ᠵᠥᠪᠯᠡᠯ ᠦ᠋ᠨ ᠠᠵᠢᠯ ᠤ᠋ᠨ ᠪᠠᠢᠷᠢ ᠶ᠋ᠢ ᠪᠠᠲᠤ ᠰᠠᠬᠢᠵᠤ ᠂ ᠳᠡᠭᠡᠳᠦ ᠪᠠᠷᠢᠮᠵᠢᠶ᠎ᠠ ᠪᠠᠷ ᠵᠠᠷᠭᠤ ᠶ᠋ᠢᠨ ᠦᠢᠯᠡᠴᠢᠯᠡᠭᠡ ᠬᠠᠩᠭᠠᠬᠤ ᠵᠠᠷᠭᠤ ᠶ᠋ᠢᠨ ᠦᠢᠯᠡᠴᠢᠯᠡᠭᠡᠨ ᠦ᠌ ᠬᠢᠷᠢ ᠲᠦᠪᠰᠢᠨ ᠢ᠋ᠶ᠋ᠡᠨ ᠳᠡᠭᠡᠭᠰᠢᠯᠡᠭᠦᠯᠬᠦ ᠬᠡᠷᠡᠭᠲᠡᠢ ᠃
ᠠᠷᠪᠠᠨ ᠵᠢᠷᠭᠤᠳᠤᠭᠠᠷ ᠨᠠᠮ ᠤ᠋ᠨ ᠡᠭᠦᠷ ᠤ᠋ᠨ ᠺᠠᠲᠡᠷ ᠹᠠᠨ ᠹᠦ ᠴᠢᠶᠠᠩ ᠶᠡᠷᠦᠩᠬᠡᠢ ᠱᠦᠵᠢ ᠶ᠋ᠢᠨ ᠶᠠᠷᠢᠶ᠎ᠠ ᠶ᠋ᠢ ᠰᠤᠷᠤᠯᠴᠠᠯᠭ᠎ᠠ ᠪᠠᠷ ᠺᠠᠲᠠᠷ ᠴᠠᠭᠳᠠᠭ᠎ᠠ ᠨᠠᠷ ᠨᠠᠮ ᠤ᠋ᠨ ᠵᠠᠭᠤᠨ ᠵᠢᠯ ᠦ᠋ᠨ ᠲᠡᠮᠡᠴᠡᠯ ᠦ᠋ᠨ ᠲᠡᠦᠬᠡᠨ ᠶᠠᠪᠤᠴᠠ ᠳ᠋ᠤ᠌ ᠣᠯᠤᠭᠰᠠᠨ ᠠᠭᠤᠤ ᠶᠡᠬᠡ ᠠᠮᠵᠢᠯᠲᠠ ᠶ᠋ᠢ ᠲᠠᠨᠢᠵᠤ ᠂ ᠠᠷᠠᠳ ᠲᠦᠮᠡᠨ ᠦ᠌ ᠰᠢᠨ᠎ᠡ ᠠᠶᠠᠨ ᠵᠠᠮ ᠳ᠋ᠤ᠌ ᠲᠠᠪᠰᠢᠨ ᠣᠷᠣᠬᠤ ᠰᠢᠨ᠎ᠡ ᠴᠠᠭ ᠦᠶ᠎ᠡ ᠶ᠋ᠢᠨ ᠲᠡᠮᠡᠴᠡᠯ ᠦ᠋ᠨ ᠵᠣᠷᠢᠭ ᠢ᠋ ᠬᠥᠪᠴᠢᠯᠡᠭᠰᠡᠨ ᠪᠠᠢᠨ᠎ᠠ ᠃ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠬᠠᠤᠯᠢ ᠴᠠᠭᠠᠵᠠ ᠶ᠋ᠢᠨ ᠠᠵᠢᠯ ᠤ᠋ᠨ ᠪᠣᠳᠠᠲᠤ ᠪᠠᠢᠳᠠᠯ ᠲᠠᠢ ᠨᠢᠭᠲᠠ ᠤᠶᠠᠯᠳᠤᠭᠤᠯᠤᠨ ᠠᠷᠠᠳ ᠤ᠋ᠨ ᠲᠥᠯᠥᠭᠡ ᠬᠠᠤᠯᠢ ᠪᠠᠷᠢᠬᠤ ᠵᠣᠷᠢᠯᠲᠠ ᠶ᠋ᠢ ᠦᠢᠯᠡᠳᠦᠯᠭᠡᠵᠢᠭᠦᠯᠵᠦ ᠠᠷᠠᠳ ᠣᠯᠠᠨ ᠤ᠋ ᠬᠦᠷᠲᠡᠮᠵᠢ ᠶ᠋ᠢᠨ ᠲᠥᠷᠥᠭᠳᠡᠯ ᠂ ᠵᠣᠯ ᠵᠢᠷᠭᠠᠯ ᠤ᠋ᠨ ᠲᠥᠷᠥᠭᠳᠡᠯ ᠂ ᠠᠮᠤᠷ ᠲᠦᠪᠰᠢᠨ ᠦ᠌ ᠲᠥᠷᠥᠭᠳᠡᠯ ᠢ᠋ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃
ᠠᠵᠢᠯ ᠠ᠋ᠴᠠ ᠪᠠᠨ ᠠᠮᠠᠷᠠᠭᠰᠠᠨ ᠠᠬᠠᠮᠠᠳ ᠨᠠᠮ ᠤ᠋ᠨ ᠭᠡᠰᠢᠭᠦᠨ ᠰᠢ ᠵᠢᠨ ᠫᠢᠩ ᠶᠡᠷᠦᠩᠬᠡᠢ ᠱᠦᠵᠢ ᠶ᠋ᠢᠨ ᠶᠠᠷᠢᠶ᠎ᠠ ᠶ᠋ᠢ ᠰᠣᠨᠣᠰᠤᠭᠠᠳ ᠮᠠᠰᠢ ᠶᠡᠬᠡ ᠪᠠᠶᠠᠷᠯᠠᠵᠤ ᠪᠠᠢᠭ᠎ᠠ ᠪᠠᠨ ᠢᠯᠡᠷᠬᠡᠢᠯᠡᠪᠡ ᠡᠪ ᠬᠠᠮᠲᠤ ᠨᠠᠮ ᠪᠠᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠢᠬᠤ ᠦᠭᠡᠢ ᠡᠪ ᠬᠠᠮᠲᠤ ᠨᠠᠮ ᠪᠠᠢᠬᠤ ᠦᠭᠡᠢ ᠪᠣᠯ ᠣᠳᠣ ᠶ᠋ᠢᠨ ᠰᠢᠭ ᠡᠢᠮᠦ ᠵᠣᠯ ᠵᠢᠷᠭᠠᠯ ᠲᠠᠢ ᠥᠲᠡᠯᠦᠭᠡ ᠨᠠᠰᠤᠨ ᠤ᠋ ᠠᠮᠢᠳᠤᠷᠠᠯ ᠪᠠᠢᠬᠤ ᠦᠭᠡᠢ ᠳᠤᠮᠳᠠᠳᠤ ᠶ᠋ᠢᠨ ᠦᠨᠳᠦᠰᠦᠲᠡᠨ ᠦ᠌ ᠠᠭᠤᠤ ᠶᠡᠬᠡ ᠰᠡᠷᠭᠦᠨ ᠮᠠᠨᠳᠤᠯᠲᠠ ᠶ᠋ᠢᠨ ᠰᠢᠨ᠎ᠡ ᠠᠶᠠᠨ ᠳ᠋ᠤ᠌ ᠨᠠᠮ ᠤ᠋ᠨ ᠢ᠋ᠶ᠋ᠠᠨ ᠠᠴᠢ ᠶ᠋ᠢ ᠬᠠᠷᠢᠭᠤᠯᠵᠤ ᠂ ᠨᠠᠮ ᠤ᠋ᠨ ᠦᠭᠡ ᠶ᠋ᠢ ᠰᠣᠨᠣᠰᠴᠤ ᠂ ᠨᠠᠮ ᠢ᠋ᠶ᠋ᠠᠨ ᠳᠠᠭᠠᠵᠤ ᠡᠪ ᠬᠠᠮᠲᠤ ᠨᠠᠮ ᠤ᠋ᠨ ᠭᠡᠰᠢᠭᠦᠨ ᠦ᠌ ᠲᠡᠷᠢᠭᠦᠨ ᠦ᠌ ᠴᠢᠨᠠᠷ ᠢ᠋ ᠡᠭᠦᠷᠢᠳᠡ ᠪᠠᠲᠤᠯᠠᠵᠤ ᠂ ᠨᠠᠮ ᠪᠠ ᠬᠠᠤᠯᠢ ᠴᠠᠭᠠᠵᠠ ᠶ᠋ᠢᠨ ᠰᠢᠭᠦᠨ ᠲᠠᠰᠤᠯᠬᠤ ᠦᠢᠯᠡᠰ ᠲᠦ᠍ ᠦᠯᠡᠳᠡᠪᠦᠷᠢ ᠢᠯᠴᠢ ᠶ᠋ᠢ ᠨᠢ ᠦᠷᠭᠦᠯᠵᠢᠯᠡᠨ ᠪᠠᠳᠠᠷᠠᠭᠤᠯᠵᠤ ᠂ ᠭᠡᠷᠡᠯ ᠭᠢᠯᠪᠠᠭ᠎ᠠ ᠨᠡᠮᠡᠷᠢᠯᠡᠬᠦ ᠶ᠋ᠢ ᠪᠢᠳᠡ ᠨᠡᠩ ᠬᠦᠰᠡᠵᠦ ᠪᠠᠢᠨ᠎ᠠ ᠃
ᠦᠨᠡᠯᠡᠬᠦ 0ᠦᠨᠡᠯᠡᠯᠲᠡ᠎ᠲᠠᠢ