7 ᠰᠠᠷ᠎ᠠ ᠶ᠋ᠢᠨ 19 ᠦ᠌ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠬᠤ ᠲᠥᠪ ᠦ᠋ᠨ ᠳᠤᠭᠤᠢᠯᠠᠩ ᠂ ᠱ᠋ᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠵᠢᠴᠢ ᠪᠠᠭ ᠤ᠋ᠨ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠤ᠋ᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ ᠃ ᠣᠷᠳᠤᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠡᠷᠬᠢᠯᠡᠵᠦ ᠣᠷᠳᠤᠰ ᠬᠣᠲᠠ ᠶ᠋ᠢᠨ ᠠᠷᠠᠳ ᠤ᠋ᠨᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠤ᠋ᠨ ᠭᠡᠰᠢᠭᠦᠨ ᠬᠤᠷᠠᠯ ᠳ᠋ᠤ᠌ ᠣᠷᠣᠯᠴᠠᠪᠠ᠃
ᠬᠤᠷᠠᠯ ᠨᠢ 《 ᠵᠧᠦ ᠴᠢᠶᠠᠩ ᠱᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠭᠦᠨᠵᠡᠭᠡᠢ ᠲᠤᠤᠱᠯᠠᠭᠤᠯᠵᠤ ᠂ ᠠᠷᠠᠳ ᠲᠦᠮᠡᠨ ᠦ᠌ ᠲᠥᠯᠥᠭᠡ ᠬᠠᠤᠯᠢ ᠪᠠᠷᠢᠬᠤ ᠶ᠋ᠢ ᠪᠠᠷᠢᠮᠲᠠᠯᠠᠬᠤ 》 ᠂ 《 ᠱ᠋ᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢᠨ ᠵᠢᠯᠣᠭᠣᠳᠤᠯᠭ᠎ᠠ ᠳᠣᠣᠷ᠎ᠠ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠬᠠᠤᠯᠢ ᠪᠠᠷ ᠵᠠᠰᠠᠬᠤ ᠵᠠᠮ ᠢ᠋ᠶ᠋ᠠᠷ ᠡᠷᠡᠯᠬᠡᠭᠯᠡᠨ ᠤᠷᠤᠭᠰᠢᠯᠠᠬᠤ 》 ᠵᠡᠷᠭᠡ ᠠᠭᠤᠯᠭ᠎ᠠ ᠶ᠋ᠢ ᠲᠥᠪᠯᠡᠷᠡᠭᠦᠯᠦᠨ ᠰᠤᠷᠤᠯᠴᠠᠨ᠎ᠠ ᠂ ᠤᠳᠤᠷᠢᠳᠬᠤ ᠪᠠᠭ ᠤ᠋ᠨ ᠭᠡᠰᠢᠭᠦᠨ ᠱᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠂ ᠳᠤᠭᠤᠢᠯᠠᠩ ᠤ᠋ᠨ ᠰᠤᠷᠭᠠᠨ ᠬᠥᠮᠦᠵᠢᠯ ᠢ᠋ ᠴᠡᠭᠴᠡᠯᠡᠬᠦ 《ᠡᠷᠭᠢᠵᠦ ᠬᠠᠷᠠᠬᠤ 》ᠠᠵᠢᠯ ᠤ᠋ᠨ ᠲᠣᠭᠣᠷᠢᠨ ᠳ᠋ᠤ᠌ ᠰᠤᠳᠤᠯᠤᠯᠲᠠ ᠬᠢᠵᠡᠢ ᠃
ᠬᠤᠷᠠᠯ ᠠ᠋ᠴᠠ ᠴᠢᠬᠤᠯᠠᠴᠢᠯᠠᠭᠰᠠᠨ ᠨᠢ ᠱᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠣᠳᠤᠮᠵᠢ ᠪᠣᠯᠭᠠᠨ ᠦᠨᠳᠦᠰᠦᠨ ᠵᠣᠷᠢᠭ ᠰᠠᠨᠠᠭ᠎ᠠ ᠶ᠋ᠢ ᠭᠦᠨᠵᠡᠭᠡᠢ ᠣᠢᠯᠠᠭᠠᠨ ᠡᠵᠡᠮᠰᠢᠵᠦ ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶ᠋ᠢ ᠪᠠᠳᠠᠷᠠᠭᠤᠯᠤᠨ ᠂ ᠱᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠲᠠᠯ᠎ᠠ ᠪᠠᠷ ᠬᠢ ᠤᠯᠤᠰ ᠲᠥᠷᠥ ᠶ᠋ᠢᠨ ᠤᠬᠠᠮᠰᠠᠷ ᠂ ᠦᠵᠡᠯ ᠰᠠᠨᠠᠭᠠᠨ ᠤ᠋ ᠤᠬᠠᠮᠰᠠᠷ ᠪᠠ ᠦᠢᠯᠡ ᠠᠵᠢᠯᠯᠠᠭ᠎ᠠ ᠶ᠋ ᠤ᠋ᠨ ᠤᠬᠠᠮᠰᠠᠷ ᠠ᠋ᠴᠠ ᠪᠠᠨ ᠰᠤᠷᠤᠯᠴᠠᠨ ᠰᠡᠳᠬᠢᠨ ᠰᠤᠷᠤᠯᠴᠠᠵᠤ ᠮᠡᠳᠡᠭᠳᠡᠬᠦ ᠪᠠ ᠦᠢᠯᠡ ᠠᠵᠢᠯᠯᠠᠭ᠎ᠠ ᠶ᠋ᠢ ᠨᠢᠭᠡᠳᠦᠭᠦᠯᠬᠦ ᠬᠡᠷᠡᠭᠲᠡᠢ ᠃
ᠨᠢᠭᠡ ᠳ᠋ᠦ᠍ ᠂ ᠦᠵᠡᠯ ᠰᠠᠨᠠᠭ᠎ᠠ ᠪᠠᠨ ᠨᠢᠭᠡᠳᠬᠡᠵᠦ ᠲᠠᠨᠢᠯᠲᠠ ᠪᠠᠨ ᠲᠥᠪᠯᠡᠷᠡᠭᠦᠯᠦᠨ ᠳ᠋ᠤ᠌ ᠱᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭᠠᠨ ᠤ᠋ ᠭᠦᠨᠵᠡᠭᠡᠢ ᠠᠭᠤᠯᠤᠭᠳᠠᠬᠤᠨ ᠢ᠋ ᠨᠠᠷᠢᠨ ᠬᠢᠨᠠᠮᠠᠭᠠᠢ ᠣᠢᠯᠠᠭᠠᠵᠤ ᠂ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶ᠋ᠢᠨ ᠣᠢᠯᠠᠭᠠᠬᠤ ᠴᠢᠳᠠᠪᠤᠷᠢ ᠂ ᠤᠯᠤᠰ ᠲᠥᠷᠥ ᠶ᠋ᠢᠨ ᠬᠡᠷᠡᠭᠵᠢᠭᠦᠯᠬᠦ ᠬᠦᠴᠦᠨ ᠂ ᠤᠯᠤᠰ ᠲᠥᠷᠥ ᠶ᠋ᠢᠨ ᠬᠡᠷᠡᠭᠵᠢᠭᠦᠯᠬᠦ ᠬᠦᠴᠦᠨ ᠦ᠌ ᠵᠢᠭᠠᠨ ᠵᠢᠯᠣᠭᠣᠳᠤᠯᠭ᠎ᠠ ᠨᠢ ᠥᠷᠭᠡᠨ ᠣᠯᠠᠨ ᠺᠠᠲᠠᠷ ᠴᠠᠭᠳᠠᠭ᠎ᠠ ᠶ᠋ᠢ ᠵᠢᠯᠣᠭᠣᠳᠤᠨ 《ᠳᠥᠷᠪᠡᠨ ᠤᠬᠠᠮᠰᠠᠷ》 ᠢ᠋ᠶ᠋ᠠᠨ ᠴᠢᠩᠭᠠᠳᠬᠠᠵᠤ ᠂ 《ᠳᠥᠷᠪᠡᠨ ᠢᠲᠡᠭᠡᠯ》 ᠢ᠋ᠶ᠋ᠡᠨ ᠪᠠᠲᠤᠳᠬᠠᠵᠤ ᠂ 《ᠬᠣᠶᠠᠷ ᠢ᠋ ᠬᠠᠮᠠᠭᠠᠯᠠᠬᠤ》 ᠶ᠋ᠢ ᠭᠦᠢᠴᠡᠳᠬᠡᠵᠦ ᠂ ᠦᠨᠡᠨᠴᠢ ᠰᠢᠳᠤᠷᠭᠤ ᠪᠠᠷ ᠤᠯᠤᠰ ᠲᠥᠷᠥ ᠶ᠋ᠢᠨ ᠰᠠᠭᠤᠷᠢ ᠶ᠋ᠢ ᠴᠣᠭᠴᠠᠯᠠᠨ᠎ᠠ ᠃
ᠬᠣᠶᠠᠷ ᠲᠤ᠌ ᠱ᠋ᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭᠠᠨ ᠤ᠋ ᠴᠢᠬᠤᠯᠠ ᠶᠡᠬᠡ ᠠᠴᠢ ᠬᠣᠯᠪᠣᠭᠳᠠᠯ ᠢ᠋ ᠤᠯᠠᠮ ᠨᠢᠭᠡ ᠠᠯᠬᠤᠮ ᠲᠠᠨᠢᠵᠤ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠂ ᠠᠷᠠᠳ ᠤ᠋ᠨ ᠲᠥᠯᠥᠭᠡ ᠬᠠᠤᠯᠢ ᠪᠠᠷᠢᠬᠤ ᠂ ᠱᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠪᠠ ᠬᠢᠨᠠᠨ ᠭᠦᠢᠴᠡᠳᠬᠡᠬᠦ ᠠᠵᠢᠯ ᠢ᠋ ᠨᠢᠭᠲᠠ ᠤᠶᠠᠯᠳᠤᠭᠤᠯᠵᠤ ᠂ ᠬᠠᠤᠯᠢ ᠬᠡᠷᠡᠭᠵᠢᠭᠦᠯᠦᠨ ᠬᠡᠷᠡᠭ ᠰᠢᠢᠳᠪᠦᠷᠢᠯᠡᠬᠦ ᠤᠯᠤᠰ ᠲᠥᠷᠥ ᠶ᠋ᠢᠨ ᠦᠷ᠎ᠡ ᠪᠦᠲᠦᠮᠵᠢ ᠂ ᠬᠠᠤᠯᠢ ᠴᠠᠭᠠᠵᠠ ᠶ᠋ᠢᠨ ᠦᠷ᠎ᠡ ᠪᠦᠲᠦᠮᠵᠢ ᠂ ᠨᠡᠢᠭᠡᠮ ᠦ᠋ᠨ ᠦᠷ᠎ᠡ ᠪᠦᠲᠦᠮᠵᠢ ᠶ᠋ᠢ ᠣᠷᠭᠠᠨᠢᠭ ᠢ᠋ᠶ᠋ᠠᠷ ᠨᠢᠭᠡᠳᠬᠡᠬᠦ ᠶ᠋ᠢ ᠦᠨᠡᠨ ᠬᠦ᠌ ᠪᠠᠲᠤᠯᠠᠬᠤ ᠬᠡᠷᠡᠭᠲᠡᠢ ᠃
ᠭᠤᠷᠪᠠ ᠳ᠋ᠤ᠌ ᠂ ᠳᠤᠭᠤᠢᠯᠠᠩ ᠦ᠌ ᠰᠤᠷᠭᠠᠨ ᠬᠥᠮᠦᠵᠢᠯ ᠢ᠋ ᠴᠡᠭᠴᠡᠯᠡᠬᠦ ᠰᠢᠭᠤᠳ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ ᠂ ᠬᠠᠷᠢᠭᠤ ᠲᠤᠰᠬᠠᠬᠤ ᠰᠠᠨᠠᠯ ᠤ᠋ᠨ ᠴᠡᠭᠴᠡᠯᠡᠨ ᠵᠠᠰᠠᠬᠤ ᠱᠠᠭᠠᠷᠳᠠᠯᠭ᠎ᠠ ᠶ᠋ᠢ ᠪᠥᠬᠥ ᠲᠠᠯ᠎ᠠ ᠪᠠᠷ ᠨᠠᠢᠳᠠᠪᠤᠷᠢᠵᠢᠭᠤᠯᠵᠤ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠦᠷ᠎ᠡ ᠪᠦᠲᠦᠮᠵᠢ ᠶ᠋ᠢ ᠪᠠᠲᠤᠳᠬᠠᠬᠤ ᠪᠠ ᠭᠦᠨᠵᠡᠭᠡᠢᠷᠡᠭᠦᠯᠵᠦ ᠂ ᠵᠤᠷᠪᠤᠰ ᠤ᠋ᠨ ᠵᠢᠯᠣᠭᠣᠳᠬᠤ ᠦᠢᠯᠡᠳᠦᠯ ᠢ᠋ ᠴᠢᠩᠭ᠋ᠠᠳᠬᠠᠨ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠳᠤᠭᠤᠢᠯᠠᠩ ᠤ᠋ᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠠᠬᠢᠭᠤᠯᠤᠨ ᠂ ᠰᠢᠭᠦᠬᠦ ᠬᠣᠷᠢᠶ᠎ᠠ ᠶ᠋ᠢᠨ ᠪᠠᠭ ᠤ᠋ᠨ ᠰᠢᠨ᠎ᠡ ᠳᠦᠷᠰᠦ ᠪᠠᠢᠳᠠᠯ ᠂ ᠰᠢᠨ᠎ᠡ ᠬᠡᠪ ᠪᠠᠢᠳᠠᠯ ᠂ ᠨᠠᠮ ᠪᠠ ᠠᠷᠠᠳ ᠲᠦᠮᠡᠨ ᠦ᠌ ᠰᠠᠨᠠᠭᠠᠨ ᠳ᠋ᠤ᠌ ᠨᠡᠢᠴᠡᠭᠰᠡᠨ ᠰᠢᠨ᠎ᠡ ᠠᠵᠢᠯ ᠤ᠋ᠨ ᠪᠦᠲᠦᠮᠵᠢ ᠪᠡᠷ ᠣᠷᠳᠣᠰ ᠤ᠋ᠨ ᠬᠠᠤᠯᠢ ᠪᠠᠷ ᠵᠠᠰᠠᠬᠤ ᠪᠠᠢᠭᠤᠯᠤᠯᠲᠠ ᠳ᠋ᠤ᠌ ᠬᠤᠪᠢ ᠨᠡᠮᠡᠷᠢ ᠦᠵᠡᠭᠦᠯᠦᠨ᠎ᠡ ᠃
ᠦᠨᠡᠯᠡᠬᠦ 0ᠦᠨᠡᠯᠡᠯᠲᠡ ᠲᠠᠢ