7 ᠰᠠᠷ᠎ᠠ ᠶ᠋ᠢᠨ 20 ᠤ᠋ ᠦᠳᠡ ᠶ᠋ᠢᠨ ᠬᠣᠢᠨ᠎ᠠ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠯᠢᠦ ᠶᠢᠩ ᠵᠢᠶᠧ ᠨᠠᠷ ᠣᠷᠳᠣᠰ ᠬᠣᠲᠠ ᠶ᠋ᠢᠨ ᠠᠷᠠᠳ ᠤ᠋ᠨᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠳᠤᠭᠤᠢᠯᠠᠩ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠢ᠋ ᠲᠣᠭᠣᠷᠢᠨ ᠪᠠᠢᠴᠠᠭᠠᠵᠠᠢ ᠃ ᠣᠷᠳᠣᠰ ᠬᠣᠲᠠ ᠶ᠋ᠢᠨᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠪᠠᠢᠷᠢ ᠶ᠋ᠢᠨ ᠭᠡᠰᠢᠭᠦᠨ ᠂ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠂ ᠳᠤᠭᠤᠢᠯᠠᠩ ᠤ᠋ᠨ ᠰᠤᠷᠭᠠᠨ ᠬᠥᠮᠦᠵᠢᠯ ᠢ᠋ ᠴᠡᠭᠴᠡᠯᠡᠨ ᠵᠠᠰᠠᠬᠤ ᠤᠳᠤᠷᠢᠳᠬᠤ ᠳᠤᠭᠤᠢᠯᠠᠩ ᠤ᠋ᠨ ᠠᠯᠪᠠᠨ ᠭᠡᠷ ᠦ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠵᠠᠢ ᠃
ᠬᠤᠷᠠᠯ ᠳᠡᠭᠡᠷ᠎ᠡ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠳᠤᠭᠤᠢᠯᠠᠩ ᠤ᠋ᠨ ᠰᠤᠷᠭᠠᠨ ᠬᠥᠮᠦᠵᠢᠯ ᠦ᠋ᠨ ᠴᠡᠭᠴᠡᠯᠡᠯᠲᠡ ᠂ ᠲᠥᠪ ᠦ᠋ᠨ ᠬᠢᠨᠠᠨ ᠵᠢᠯᠣᠭᠣᠳᠬᠤ ᠳᠤᠭᠤᠢᠯᠠᠩ ᠤ᠋ᠨ ᠲᠤᠰᠬᠠᠭᠰᠠᠨ ᠰᠠᠨᠠᠯ ᠢ᠋ ᠦᠨᠳᠦᠰᠦᠯᠡᠨ ᠴᠡᠭᠴᠡᠯᠡᠨ ᠥᠭᠡᠷᠡᠴᠢᠯᠡᠵᠤ ᠵᠢᠴᠢ 《ᠡᠷᠭᠢᠨ ᠬᠠᠷᠠᠬᠤ》 ᠠᠵᠢᠯ ᠤ᠋ᠨ ᠠᠬᠢᠴᠠ ᠶ᠋ᠢᠨ ᠪᠠᠢᠳᠠᠯ ᠤ᠋ᠨ ᠲᠤᠬᠠᠢ ᠬᠠᠷᠢᠭᠤ ᠮᠡᠳᠡᠭᠦᠯᠦᠯᠲᠡ ᠬᠢᠵᠦ ᠂ ᠬᠤᠷᠠᠯ ᠳ᠋ᠤ᠌ ᠣᠷᠣᠯᠴᠠᠭᠰᠠᠨ ᠬᠥᠮᠦᠰ ᠦ᠋ᠨ ᠳᠤᠭᠤᠢᠯᠠᠩ ᠤ᠋ᠨ ᠰᠤᠷᠭᠠᠨ ᠬᠥᠮᠦᠵᠢᠯ ᠢ᠋ ᠴᠡᠭᠴᠡᠯᠡᠬᠦ ᠡᠯ᠎ᠡ ᠲᠥᠷᠥᠯ ᠦ᠋ᠨ ᠠᠵᠢᠯ ᠳ᠋ᠤ᠌ ᠰᠣᠯᠢᠯᠴᠠᠭ᠎ᠠ ᠬᠢᠵᠡᠢ ᠃
ᠯᠢᠦ ᠶᠢᠩ ᠵᠢᠶᠧ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠳᠤᠭᠤᠢᠯᠠᠩ ᠤ᠋ᠨ ᠰᠤᠷᠭᠠᠨ ᠬᠥᠮᠦᠵᠢᠯ ᠢ᠋ ᠴᠡᠭᠴᠡᠯᠡᠬᠦ ᠡᠯ᠎ᠡ ᠲᠥᠷᠥᠯ ᠦ᠋ᠨ ᠠᠵᠢᠯ ᠤ᠋ᠨ ᠦᠷ᠎ᠡ ᠪᠦᠲᠦᠮᠵᠢ ᠶ᠋ᠢ ᠨᠤᠲᠠᠯᠠᠪᠠ ᠃ ᠲᠡᠷᠡ ᠴᠢᠬᠤᠯᠠᠴᠢᠯᠠᠭᠰᠠᠨ ᠨᠢ ᠂ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠶ᠋ᠢ ᠲᠡᠷᠢᠭᠦᠨ ᠪᠠᠢᠷᠢᠨ ᠳ᠋ᠤ᠌ ᠲᠠᠯᠪᠢᠵᠤ ᠂ ᠶᠡᠷᠦᠩᠬᠡᠢ ᠱᠦᠵᠢ ᠱᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠳᠤᠭᠤᠢᠯᠠᠩ ᠤ᠋ᠨ ᠪᠠᠢᠭᠤᠯᠤᠯᠲᠠ ᠶ᠋ᠢ ᠴᠢᠩᠭ᠋ᠠᠳᠬᠠᠬᠤ ᠲᠤᠬᠠᠢ ᠴᠢᠬᠤᠯᠠ ᠵᠢᠭᠠᠪᠤᠷᠢ ᠪᠣᠯᠤᠨ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠢᠮᠠᠭᠲᠠ ᠪᠠᠷᠢᠮᠲᠠᠯᠠᠨ ᠂ ᠨᠠᠮ ᠢ᠋ ᠪᠥᠬᠥ ᠲᠠᠯ᠎ᠠ ᠪᠠᠷ ᠴᠢᠩᠭ᠎ᠠ ᠬᠠᠮᠢᠶᠠᠷᠬᠤ ᠂ ᠴᠠᠭᠳᠠᠭ᠎ᠠ ᠶ᠋ᠢ ᠵᠠᠰᠠᠬᠤ ᠴᠢᠭᠯᠡᠯᠲᠡ ᠶ᠋ᠢ ᠭᠤᠢᠪᠢᠰᠢ ᠦᠭᠡᠢ ᠪᠠᠷᠢᠮᠲᠠᠯᠠᠬᠤ ᠂ ᠪᠠᠷᠢᠮᠵᠢᠶ᠎ᠠ ᠶ᠋ᠢ ᠤᠳᠠᠭᠠᠨ ᠬᠤᠭᠤᠴᠠᠭ᠎ᠠ ᠪᠠᠷ ᠪᠠᠷᠢᠮᠲᠠᠯᠠᠵᠤ᠂ ᠦᠷᠭᠦᠯᠵᠢᠯᠡᠨ ᠬᠦᠴᠦ ᠪᠡᠨ ᠬᠡᠷᠡᠭᠯᠡᠬᠦ ᠬᠡᠷᠡᠭᠲᠡᠢ ᠃
ᠳᠠᠷᠠᠭᠠᠴᠢ ᠶ᠋ᠢᠨ ᠠᠯᠬᠤᠮ ᠳ᠋ᠤ᠌ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠢᠮᠠᠭᠲᠠ ᠨᠠᠮ ᠪᠠ ᠠᠷᠠᠳ ᠲᠦᠮᠡᠨ ᠳ᠋ᠦ᠍ ᠳᠡᠭᠡᠳᠦ ᠬᠡᠮᠵᠢᠶ᠎ᠡ ᠪᠡᠷ ᠬᠠᠷᠢᠭᠤᠴᠠᠬᠤ ᠤᠯᠤᠰ ᠲᠥᠷᠥ ᠶ᠋ᠢᠨ ᠡᠭᠦᠷᠭᠡ ᠪᠠ ᠤᠯᠤᠰ ᠲᠥᠷᠥ ᠶ᠋ᠢᠨ ᠤᠬᠠᠮᠰᠠᠷ ᠠ᠋ᠴᠠ ᠪᠠᠨ ᠲᠥᠪ ᠬᠣᠷᠢᠶᠠᠨ ᠤ᠋ ᠬᠢᠨᠠᠨ ᠵᠢᠯᠣᠭᠣᠳᠬᠤ ᠳᠤᠭᠤᠢᠯᠠᠩ ᠂ ᠥᠪᠡᠷᠲᠡᠭᠡᠨ ᠵᠠᠰᠠᠬᠤ ᠣᠷᠣᠨ ᠤ᠋ ᠵᠢᠯᠣᠭᠣᠳᠬᠤ ᠳᠤᠭᠤᠢᠯᠠᠩ ᠤ᠋ᠨ ᠲᠤᠰᠬᠠᠭᠰᠠᠨ ᠰᠠᠨᠠᠯ ᠶᠣᠰᠣᠭᠠᠷ ᠴᠡᠭᠴᠡᠯᠡᠨ ᠥᠭᠡᠷᠡᠴᠢᠯᠡᠵᠦ ᠂ᠬᠠᠷᠢᠯᠴᠠᠨ ᠰᠡᠳᠬᠢᠵᠦ ᠂ ᠨᠢᠭᠡ ᠶ᠋ᠢ ᠳᠤᠷᠠᠳᠴᠤ ᠭᠤᠷᠪᠠ ᠶ᠋ᠢ ᠡᠰᠡᠷᠭᠦᠴᠡᠬᠦ ᠂ ᠦᠷᠭᠦᠯᠵᠢᠯᠡᠨ ᠪᠡᠷᠬᠡ ᠰᠡᠳᠦᠪ ᠢ᠋ ᠬᠦᠴᠦᠯᠡᠨ ᠰᠢᠢᠳᠪᠦᠷᠢᠯᠡᠨ᠎ᠡ᠃
ᠦᠨᠡᠯᠡᠬᠦ 0ᠦᠨᠡᠯᠡᠯᠲᠡ᠎ᠲᠠᠢ