ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠪᠠᠢᠴᠠᠭᠠᠨ ᠰᠤᠳᠤᠯᠬᠤ ᠳᠤᠭᠤᠢᠯᠠᠩ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠳᠤᠭᠤᠢᠯᠠᠩ ᠤ᠋ᠨ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠪᠣᠯᠤᠨ ᠰᠣᠶᠣᠯ ᠤ᠋ᠨ ᠪᠠᠢᠭᠤᠯᠤᠯᠲᠠ ᠶ᠋ᠢ ᠪᠠᠢᠴᠠᠭᠠᠨ ᠰᠤᠳᠤᠯᠪᠠ
2021.08.13 ᠲᠣᠰ ᠥᠷᠲᠡᠭᠡᠨ᠎ᠦ ᠨᠠᠢᠷᠠᠭᠤᠯᠤᠭᠴᠢ

      7 ᠰᠠᠷ᠎ᠠ ᠶ᠋ᠢᠨ 22 ᠤ᠋ ᠡᠳᠦᠷ ᠂ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠪᠠᠢᠴᠠᠭᠠᠨ ᠰᠤᠳᠤᠯᠬᠤ ᠳᠤᠭᠤᠢᠯᠠᠩ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠪᠣᠯᠤᠨ ᠰᠣᠶᠣᠯ ᠤ᠋ᠨ ᠪᠠᠢᠭᠤᠯᠤᠯᠲᠠ ᠶ᠋ᠢᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠪᠡ ᠃

 

 

     ᠪᠠᠢᠴᠠᠭᠠᠨ ᠰᠤᠳᠤᠯᠬᠤ ᠳᠤᠭᠤᠢᠯᠠᠩ ᠤᠷᠢᠳ ᠬᠣᠵᠢᠳ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠤᠭᠤᠢᠯᠠᠩ  ᠤ᠋ᠨ ᠰᠤᠷᠭᠠᠨ ᠬᠥᠮᠦᠵᠢᠯ ᠦ᠋ᠨ ᠴᠡᠭᠴᠡᠯᠡᠨ ᠵᠠᠰᠠᠬᠤ ᠦᠵᠡᠭᠦᠯᠦᠯᠭᠡ ᠶ᠋ᠢᠨ ᠲᠣᠭᠣᠷᠢᠭ ᠂ ᠬᠠᠤᠯᠢ ᠶ᠋ᠢᠨ ᠲᠤᠰᠢᠶᠠᠯᠲᠠᠨ ᠤ᠋ ᠬᠡᠷᠡᠮ ᠂ ᠨᠠᠮ ᠤ᠋ᠨ ᠪᠠᠢᠭᠤᠯᠤᠯᠲᠠ ᠶ᠋ᠢᠨ ᠴᠢᠬᠡᠴᠢ ᠵᠠᠰᠠᠭ ᠤ᠋ᠨ ᠬᠥᠮᠦᠵᠢᠯ ᠦ᠋ᠨ ᠰᠠᠭᠤᠷᠢᠨ ᠭᠠᠵᠠᠷ ᠂ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠨᠣᠮ ᠤ᠋ᠨ ᠰᠠᠩ ᠂ ᠵᠠᠭᠤᠴᠢ ᠶ᠋ᠢᠨ ᠲᠥᠪ ᠂ ᠮᠡᠳᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠲᠥᠪ ᠂ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠨ ᠵᠠᠰᠠᠬᠤ ᠠᠯᠪᠠᠨ ᠭᠡᠷ ᠵᠡᠷᠭᠡ ᠭᠠᠵᠠᠷ ᠲᠠᠯᠠᠪᠤᠷ ᠢ᠋ ᠲᠣᠭᠣᠷᠢᠨ ᠦᠵᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠣᠶᠣᠯ ᠤ᠋ᠨ ᠪᠠᠢᠭᠤᠯᠤᠯᠲᠠ ᠂ ᠮᠡᠳᠡᠭᠡ ᠵᠠᠩᠭᠢᠵᠢᠯᠲᠠ ᠶ᠋ᠢᠨ ᠪᠠᠢᠭᠤᠯᠤᠯᠲᠠ ᠂ ᠳᠤᠭᠤᠢᠯᠠᠩ ᠤ᠋ᠨ ᠰᠤᠷᠭᠠᠨ ᠬᠥᠮᠦᠵᠢᠯ ᠦ᠋ᠨ ᠴᠡᠭᠴᠡᠯᠡᠯᠲᠡ ᠵᠡᠷᠭᠡ ᠡᠯ᠎ᠡ ᠵᠦᠢᠯ ᠦ᠋ᠨ ᠠᠵᠢᠯ ᠢ᠋ ᠨᠠᠷᠢᠨ ᠣᠢᠯᠠᠭᠠᠪᠠ ᠃

      ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠢ᠋ ᠦᠷᠭᠦᠯᠵᠢᠯᠡᠨ ᠭᠦᠨᠵᠡᠭᠡᠢ ᠥᠷᠨᠢᠭᠦᠯᠵᠦ ᠂ ᠰᠣᠶᠣᠯ ᠤ᠋ᠨ ᠪᠠᠢᠭᠤᠯᠤᠯᠲᠠ ᠪᠠᠷ ᠳᠠᠮᠵᠢᠨ ᠰᠣᠶᠣᠯ ᠢᠷᠭᠡᠨᠰᠢᠯ ᠦ᠋ᠨ ᠬᠠᠯᠠᠮᠵᠢᠯᠠᠯ ᠢ᠋ ᠴᠢᠩᠭᠠᠳᠬᠠᠵᠤ ᠂ ᠢᠳᠡᠪᠬᠢᠲᠡᠢ ᠲᠠᠪᠰᠢᠯᠲᠠ ᠲᠠᠢ ᠂ ᠰᠤᠷᠤᠯᠴᠠᠯᠭ᠎ᠠ ᠶ᠋ᠢ ᠡᠷᠬᠢᠮᠯᠡᠵᠦ ᠂ ᠢᠯᠡ ᠲᠣᠳᠣ ᠣᠨᠴᠠᠯᠢᠭ ᠪᠦᠬᠦᠢ ᠰᠣᠶᠣᠯ ᠤ᠋ᠨ ᠠᠭᠤᠷ ᠠᠮᠢᠰᠬᠤᠯ ᠢ᠋ ᠪᠣᠢ ᠪᠣᠯᠭᠠᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠪᠣᠳᠠᠲᠤ ᠦᠷ᠎ᠡ ᠪᠦᠲᠦᠮᠵᠢ ᠶ᠋ᠢ ᠰᠢᠭᠦᠬᠦ ᠬᠣᠷᠢᠶᠠᠨ ᠤ᠋ ᠠᠵᠢᠯ ᠢ᠋ ᠰᠠᠢᠲᠤᠷ ᠬᠢᠬᠦ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶ᠋ᠢ ᠭᠦᠢᠴᠡᠳ ᠨᠤᠲᠠᠯᠠᠵᠠᠢ

     ᠳᠠᠷᠠᠭᠠᠴᠢ ᠶ᠋ᠢᠨ ᠠᠯᠬᠤᠮ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠤᠷᠰᠢᠯᠭ᠎ᠠ ᠪᠠ ᠠᠷᠭ᠎ᠠ ᠪᠠᠷᠢᠯ ᠢ᠋ᠶ᠋ᠠᠨ ᠨᠠᠷᠢᠨ ᠬᠢᠨᠠᠮᠠᠭᠠᠢ ᠳ᠋ᠦᠩᠨᠡᠵᠦ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠦᠷ᠎ᠡ ᠪᠦᠲᠦᠭᠡᠯ ᠢ᠋ᠶ᠋ᠡᠨ ᠲᠠᠰᠤᠷᠠᠯᠲᠠ ᠦᠭᠡᠢ ᠭᠦᠨᠵᠡᠭᠡᠢᠷᠡᠭᠦᠯᠦᠨ ᠪᠡᠬᠢᠵᠢᠭᠦᠯᠵᠦ ᠂ ᠰᠣᠶᠣᠯ ᠤ᠋ᠨ ᠰᠠᠭᠤᠷᠢᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢ ᠴᠢᠩᠭᠠᠳᠬᠠᠵᠤ ᠂ ᠰᠣᠶᠣᠯ ᠤ᠋ᠨ ᠪᠦᠲᠦᠭᠡᠨ ᠪᠠᠢᠭᠤᠯᠤᠯᠲᠠ ᠶ᠋ᠢ ᠡᠩᠨᠡᠭᠡ ᠶ᠋ᠢᠨ ᠨᠢᠭᠲᠠᠷᠠᠯ ᠤ᠋ᠨ ᠬᠦᠴᠦᠨ ᠪᠠ ᠲᠥᠪᠯᠡᠷᠡᠩᠭᠦᠢ ᠬᠦᠴᠦᠨ ᠢ᠋ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠭᠠᠨ ᠂ ᠥᠪᠡᠷᠮᠢᠴᠡ ᠣᠨᠴᠠᠯᠢᠭ ᠲᠠᠢ ᠰᠢᠭᠦᠬᠦ ᠬᠣᠷᠢᠶᠠᠨ ᠤ᠋ ᠰᠣᠶᠣᠯ ᠤ᠋ᠨ ᠨᠡᠷᠡᠲᠦ ᠲᠡᠮᠳᠡᠭ ᠢ᠋ ᠡᠭᠦᠳᠴᠦ ᠂ ᠪᠦᠬᠦ ᠬᠣᠷᠢᠶᠠᠨ ᠤ᠋ ᠡᠯ᠎ᠡ ᠲᠥᠷᠥᠯ ᠦ᠋ᠨ ᠠᠵᠢᠯ ᠢ᠋ ᠳᠠᠬᠢᠨ ᠰᠢᠨ᠎ᠡ ᠳᠡᠭᠲᠡᠷ ᠲᠦ᠍ ᠭᠠᠷᠭᠠᠬᠤ ᠶ᠋ᠢ ᠲᠦᠯᠬᠢᠨ ᠠᠬᠢᠭᠤᠯᠤᠨ᠎ᠠ ᠃
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )