7 ᠰᠠᠷ᠎ᠠ ᠶ᠋ᠢᠨ 23 ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠬᠤ ᠲᠥᠪ ᠦ᠋ᠨ ᠳᠤᠭᠤᠢᠯᠠᠩ ᠤ᠋ᠨ《ᠤᠯᠤᠰ ᠲᠥᠷᠥ ᠶ᠋ᠢᠨ ᠠᠮᠢ ᠠᠬᠤᠢ ᠶ᠋ᠢ ᠴᠡᠪᠡᠷᠯᠡᠬᠦ》ᠲᠤᠰᠬᠠᠢ ᠰᠡᠳᠦᠪᠲᠦ ᠰᠤᠷᠤᠯᠴᠠᠵᠤ ᠵᠠᠳᠠᠯᠤᠯᠲᠠ ᠬᠢᠪᠡ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠡᠷ ᠦ᠋ᠨ ᠤᠳᠤᠷᠢᠳᠬᠤ ᠪᠠᠭ ᠤ᠋ᠨ ᠭᠡᠰᠢᠭᠦᠨ ᠬᠤᠷᠠᠯ ᠳ᠋ᠤ᠌ ᠣᠷᠣᠯᠴᠠᠵᠠᠢ ᠃
ᠬᠤᠷᠠᠯ ᠨᠢ 《 ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠳᠦᠷᠢᠮ 》 ᠂ 《 ᠰᠢᠨ᠎ᠡ ᠪᠠᠢᠳᠠᠯ ᠳᠣᠣᠷᠠᠬᠢ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠤ᠋ᠨ ᠲᠤᠬᠠᠢ ᠪᠠᠷᠢᠮᠵᠢᠶ᠎ᠠ ᠨᠤᠭᠤᠳ 》 ᠂ 《 ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ 》ᠵᠡᠷᠭᠡ ᠠᠭᠤᠯᠭ᠎ᠠ ᠶ᠋ᠢ ᠲᠥᠪᠯᠡᠷᠡᠭᠦᠯᠦᠨ ᠰᠤᠷᠤᠯᠴᠠᠵᠤ ᠂ ᠤᠳᠤᠷᠢᠳᠬᠤ ᠪᠠᠭ ᠤ᠋ᠨ ᠭᠡᠰᠢᠭᠦᠨ ᠨᠠᠷ ᠤᠯᠤᠰ ᠲᠥᠷᠥ ᠶ᠋ᠢᠨ ᠮᠠᠭᠤ ᠨᠥᠯᠥᠭᠡ ᠶ᠋ᠢ ᠠᠷᠢᠯᠭᠠᠵᠤ ᠂ ᠤᠯᠤᠰ ᠲᠥᠷᠥ ᠶ᠋ᠢᠨ ᠠᠮᠢ ᠠᠬᠤᠢ ᠶ᠋ᠢ ᠴᠡᠪᠡᠷᠰᠢᠭᠦᠯᠬᠦ ᠲᠣᠭᠣᠷᠢᠨ ᠳ᠋ᠤ᠌ ᠵᠠᠳᠠᠯᠤᠯᠲᠠ ᠬᠢᠪᠡ ᠃
ᠬᠤᠷᠠᠯ ᠠ᠋ᠴᠠ ᠂ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠭᠦᠨᠵᠡᠭᠡᠢ ᠥᠷᠨᠢᠭᠦᠯᠬᠦ ᠴᠢᠬᠤᠯᠠ ᠠᠷᠭ᠎ᠠ ᠠᠪᠴᠠᠯ ᠮᠥᠨ ᠃ ᠡᠩᠨᠡᠭᠡᠨ ᠦ᠌ ᠬᠥᠮᠦᠵᠢᠯ ᠴᠡᠭᠴᠡᠯᠡᠯᠲᠡ ᠶ᠋ᠢᠨ ᠲᠥᠪ ᠴᠢᠩᠭ᠎ᠠ ᠴᠢᠨᠠᠷ ᠂ ᠦᠷᠭᠦᠯᠵᠢᠯᠡᠭᠰᠡᠨ ᠴᠢᠨᠠᠷ ᠲᠠᠢ ᠴᠠᠭ ᠢᠮᠠᠭᠲᠠ ᠬᠤᠷᠴᠠ ᠰᠡᠷᠭᠡᠭ ᠤᠯᠤᠰ ᠲᠥᠷᠥ ᠶ᠋ᠢᠨ ᠲᠠᠷᠢᠬᠢ ᠲᠣᠯᠣᠭᠠᠢ ᠶ᠋ᠢ ᠭᠦᠨᠵᠡᠭᠡᠢ ᠲᠠᠨᠢᠵᠤ ᠂ ᠵᠠᠩ ᠮᠢᠨ ᠂ ᠳ᠋ᠦᠩ ᠪᠢᠩ ᠬᠤᠢ ᠂ ᠸᠠᠩ ᠭᠤᠸᠠᠩ ᠶᠢᠨ ᠵᠡᠷᠭᠡ ᠬᠥᠮᠦᠨ ᠦ᠌ ᠰᠠᠬᠢᠯᠭ᠎ᠠ ᠪᠠᠲᠤ ᠬᠠᠤᠯᠢ ᠴᠠᠭᠠᠵᠠ ᠠ᠋ᠴᠠ ᠵᠥᠷᠢᠴᠡᠭᠰᠡᠨ ᠨᠡᠢᠲᠡᠯᠢᠭ ᠬᠡᠷᠡᠭ ᠦ᠋ᠨ ᠬᠠᠷᠠᠰᠠᠯᠲᠤ ᠰᠤᠷᠭᠠᠮᠵᠢ ᠨᠢ ᠲᠠᠰᠤᠷᠠᠯᠲᠠ ᠦᠭᠡᠢ ᠴᠢᠩᠭᠠᠳᠬᠠᠨ ᠂ ᠢᠯᠵᠢᠷᠡᠯ ᠢ᠋ ᠡᠰᠡᠷᠭᠦᠴᠡᠨ ᠬᠤᠪᠢᠷᠠᠬᠤ ᠠ᠋ᠴᠠ ᠰᠡᠷᠭᠡᠢᠯᠡᠬᠦ ᠦᠵᠡᠯ ᠰᠠᠨᠠᠭᠠᠨ ᠤ᠋ ᠱᠤᠭᠤᠮ ᠢ᠋ ᠴᠢᠩᠭ᠎ᠠ ᠰᠠᠬᠢᠵᠤ ᠂ ᠠᠷᠢᠭᠤᠨ ᠴᠢᠬᠡᠴᠢ ᠶ᠋ᠢ ᠡᠷᠬᠢᠮᠯᠡᠬᠦ 《ᠬᠣᠷᠢᠭ᠎ᠠ ᠱᠤᠭᠤᠮ》 ᠢ᠋ ᠪᠠᠲᠤ ᠰᠠᠬᠢᠬᠤ ᠬᠡᠷᠡᠭᠲᠡᠢ ᠃ ᠬᠠᠷᠢᠭᠤᠴᠠᠯᠭ᠎ᠠ ᠶ᠋ᠢ ᠨᠠᠢᠳᠠᠪᠤᠷᠢᠵᠢᠭᠤᠯᠬᠤ ᠶ᠋ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠤᠳᠤᠷᠢᠳᠬᠤ ᠺᠠᠲᠠᠷ ᠨᠠᠮ ᠤ᠋ᠨ ᠰᠠᠬᠢᠯᠭ᠎ᠠ ᠪᠠᠲᠤ ᠬᠠᠤᠯᠢ ᠲᠣᠭᠲᠠᠭᠠᠯ ᠢ᠋ ᠪᠡᠶ᠎ᠡ ᠪᠡᠷ ᠢ᠋ᠶ᠋ᠡᠨ ᠲᠦᠷᠦᠭᠦᠯᠡᠨ ᠰᠠᠬᠢᠵᠤ ᠭᠣᠣᠯᠳᠠᠯᠭ᠎ᠠ ᠲᠠᠢ ᠠᠵᠢᠯ ᠤ᠋ᠨ ᠪᠠᠢᠷᠢ ᠶ᠋ᠢᠨ ᠠᠵᠢᠯᠲᠠᠨ ᠳ᠋ᠤ᠌ ᠠᠷᠢᠭᠤᠨ ᠴᠢᠭᠴᠢ ᠪᠡᠷ ᠵᠠᠰᠠᠭ ᠪᠠᠷᠢᠬᠤ ᠬᠥᠮᠦᠵᠢᠯ ᠢ᠋ ᠴᠢᠩᠭᠠᠳᠬᠠᠵᠤ ᠂ 《 ᠨᠠᠢ᠍ᠮᠠᠨ ᠴᠠᠭ 》 ᠶ᠋ᠢᠨ ᠭᠠᠳᠠᠭᠠᠳᠤ ᠬᠢᠨᠠᠨ ᠬᠠᠮᠢᠶᠠᠷᠤᠯᠲᠠ ᠶ᠋ᠢ ᠪᠥᠬᠡᠵᠢᠭᠦᠯᠵᠦ ᠂ 《 ᠭᠤᠷᠪᠠᠨ ᠲᠣᠭᠲᠠᠭᠠᠯ 》 ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠠᠵᠢᠯ ᠢ᠋ ᠤᠯᠠᠮ ᠨᠢᠭᠡ ᠠᠯᠬᠤᠮ 《 ᠢᠯᠵᠠᠷᠠᠬᠤ ᠵᠣᠷᠢᠭ ᠦᠭᠡᠢ ᠂ ᠢᠯᠵᠠᠷᠠᠵᠤ ᠳᠡᠢᠯᠬᠦ ᠦᠭᠡᠢ ᠂ ᠢᠯᠵᠠᠷᠠᠬᠤ ᠶ᠋ᠢ ᠪᠣᠳᠣᠬᠤ ᠦᠭᠡᠢ 》 ᠪᠣᠯᠭᠠᠬᠤ ᠰᠢᠩᠭᠡᠯᠢᠭ ᠲᠦ᠍ ᠪᠠᠲᠤ ᠪᠡᠬᠢ ᠪᠠᠢᠯᠭᠠᠬᠤ ᠬᠡᠷᠡᠭᠲᠡᠢ ᠃ ᠲᠠᠷᠬᠠᠭᠠᠭᠰᠠᠨ ᠬᠣᠣᠷ ᠢ᠋ ᠠᠷᠢᠯᠭᠠᠬᠤ ᠪᠡᠷᠬᠡ ᠬᠠᠲᠠᠭᠤᠵᠢᠯᠲᠠᠢ ᠴᠢᠨᠠᠷ ᠂ ᠪᠤᠳᠤᠯᠢᠶᠠᠨᠲᠠᠢ ᠴᠢᠨᠠᠷ ᠂ ᠤᠷᠲᠤ ᠬᠤᠭᠤᠴᠠᠭᠠᠨ ᠤ᠋ ᠴᠢᠨᠠᠷ ᠢ᠋ ᠭᠦᠢᠴᠡᠳ ᠲᠠᠨᠢᠵᠤ ᠂ ᠵᠠᠩ ᠮᠢᠨ ᠂ ᠳ᠋ᠦᠩ ᠪᠢᠩ ᠬᠤᠢ ᠂ ᠸᠠᠩ ᠭᠤᠸᠠᠩ ᠶᠢᠨ ᠵᠡᠷᠭᠡ ᠬᠥᠮᠦᠨ ᠦ᠌ ᠲᠠᠷᠬᠠᠭᠠᠭᠰᠠᠨ ᠬᠣᠣᠷ ᠨᠥᠯᠥᠭᠡ ᠶ᠋ᠢ ᠡᠷᠡᠰ ᠲᠤᠢᠯᠪᠤᠷᠢᠲᠠᠢ ᠠᠷᠢᠯᠭᠠᠬᠤ ᠬᠡᠷᠡᠭᠲᠡᠢ ᠃
ᠦᠨᠡᠯᠡᠬᠦ 0ᠦᠨᠡᠯᠡᠯᠲᠡ ᠲᠠᠢ