ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠪᠦᠬᠦ ᠲᠠᠯ᠎ᠠ ᠪᠠᠷ ᠬᠠᠤᠯᠢ ᠪᠠᠷ ᠣᠷᠣᠨ ᠢ᠋ᠶ᠋ᠠᠨ ᠵᠠᠰᠠᠬᠤ ᠠᠵᠢᠯ ᠤ᠋ᠨ ᠬᠤᠷᠠᠯᠳᠤᠭᠠᠨ ᠤ᠋ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
2021.09.10 ᠲᠣᠰ ᠥᠷᠲᠡᠭᠡᠨ᠎ᠦ ᠨᠠᠢᠷᠠᠭᠤᠯᠤᠭᠴᠢ

     ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠲᠥᠪ ᠦ᠋ᠨ ᠪᠦᠬᠦ ᠲᠠᠯ᠎ᠠ ᠪᠠᠷ ᠬᠠᠤᠯᠢ ᠪᠠᠷ ᠤᠯᠤᠰ ᠢ᠋ᠶ᠋ᠠᠨ ᠵᠠᠰᠠᠬᠤ ᠠᠵᠢᠯ ᠤ᠋ᠨ ᠬᠤᠷᠠᠯ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠪᠦᠬᠦ ᠲᠠᠯ᠎ᠠ ᠪᠠᠷ ᠬᠠᠤᠯᠢ ᠪᠠᠷ ᠣᠷᠣᠨ ᠢ᠋ᠶ᠋ᠠᠨ ᠵᠠᠰᠠᠬᠤ ᠠᠵᠢᠯ ᠤ᠋ᠨ ᠬᠤᠷᠠᠯ ᠂ ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠬᠠᠤᠯᠢ ᠪᠠᠷ ᠬᠣᠲᠠ ᠪᠠᠨ ᠵᠠᠰᠠᠬᠤ ᠵᠥᠪᠯᠡᠯ ᠦ᠋ᠨ ᠠᠯᠪᠠᠨ ᠭᠡᠷ ᠦ᠋ᠨ ᠡᠷᠬᠢᠯᠡᠭᠴᠢ ᠶ᠋ᠢᠨ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ ᠶ᠋ᠢᠨ ᠲᠤᠰᠠᠳᠠ ᠂ ᠣᠷᠳᠣᠰ ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶ᠎ᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠪᠦᠬᠦ ᠲᠠᠯ᠎ᠠ ᠪᠠᠷ ᠬᠠᠤᠯᠢ ᠪᠠᠷ ᠣᠷᠣᠨ ᠢ᠋ᠶ᠋ᠠᠨ ᠵᠠᠰᠠᠬᠤ ᠠᠵᠢᠯ ᠤ᠋ᠨ ᠬᠤᠷᠠᠯ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠪᠦᠬᠦ ᠤᠳᠤᠷᠢᠳᠬᠤ ᠪᠠᠭ ᠤ᠋ᠨ  ᠭᠡᠰᠢᠭᠦᠨ ᠬᠤᠷᠠᠯ ᠳ᠋ᠤ᠌ ᠣᠷᠣᠯᠴᠠᠵᠠᠢ ᠃

     ᠬᠤᠷᠠᠯ ᠳ᠋ᠤ ᠴᠢᠬᠤᠯᠠᠴᠢᠯᠠᠭᠰᠠᠨ ᠨᠢ᠄

     ᠨᠢᠭᠡ ᠳ᠋ᠤ ᠂ ᠶᠡᠷᠦᠩᠬᠡᠢ ᠱᠦᠵᠢ ᠰᠢ ᠵᠢᠨ ᠫᠢᠩ ᠦ᠋ᠨ 《 ᠳᠣᠯᠣᠭᠠᠨ ᠰᠠᠷ᠎ᠠ ᠶ᠋ᠢᠨ ᠨᠢᠭᠡᠨ 》  ᠦ᠌ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠪᠣᠯᠤᠨ  ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠬᠠᠤᠯᠢ ᠪᠠᠷ  ᠵᠠᠰᠠᠭᠰᠠᠨ ᠤᠯᠤᠰ᠂ ᠬᠠᠤᠯᠢ ᠪᠠᠷ  ᠵᠠᠰᠠᠭᠰᠠᠨ ᠵᠠᠰᠠᠭ ᠤ᠋ᠨ ᠣᠷᠳᠣᠨ ᠂ ᠬᠠᠤᠯᠢ ᠪᠠᠷ  ᠵᠠᠰᠠᠭᠰᠠᠨ ᠨᠡᠢᠭᠡᠮ ᠵᠢᠴᠢ ᠨᠡᠢᠭᠡᠮ ᠵᠢᠷᠤᠮ ᠤ᠋ᠨ ᠣᠳᠣᠬᠢᠴᠢᠯᠠᠬᠤ ᠪᠦᠲᠦᠭᠡᠨ ᠪᠠᠢᠭᠤᠯᠤᠯᠲᠠ ᠶ᠋ᠢ ᠪᠦᠬᠦ ᠲᠠᠯ᠎ᠠ ᠪᠠᠷ ᠡᠬᠢᠯᠡᠭᠦᠯᠬᠦ ᠰᠢᠨ᠎ᠡ ᠠᠶᠠᠨ ᠢ᠋ ᠭᠦᠨᠵᠡᠭᠡᠢ ᠡᠵᠡᠮᠳᠡᠨ ᠵᠢᠯᠣᠭᠣᠳᠴᠤ ᠂ ᠬᠠᠤᠯᠢ ᠪᠠᠷ ᠤᠯᠤᠰ ᠢ᠋ᠶ᠋ᠠᠨ ᠵᠠᠰᠠᠬᠤ ᠂ ᠬᠠᠤᠯᠢ ᠶᠣᠰᠣᠭᠠᠷ ᠬᠣᠲᠠ ᠪᠠᠨ ᠵᠠᠰᠠᠬᠤ ᠶ᠋ᠢ ᠴᠢᠬᠤᠯᠠᠴᠢᠯᠠᠬᠤ ᠬᠡᠷᠡᠭᠲᠡᠢ
     ᠬᠣᠶᠠᠷ ᠲᠤ᠌ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠦ᠋ᠨ ᠶᠡᠷᠦᠩᠬᠡᠢᠯᠡᠭᠰᠡᠨ ᠢᠵᠢ ᠪᠦᠷᠢᠳᠦᠭᠰᠡᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ ᠂ ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠂ ᠦᠷ᠎ᠡ ᠠᠰᠢᠭ ᠪᠠ ᠨᠡᠢᠲᠡ ᠳ᠋ᠦ᠍ ᠢᠲᠡᠭᠡᠭᠦᠯᠬᠦ ᠬᠦᠴᠦᠨ ᠢ᠋ ᠲᠠᠰᠤᠷᠠᠯᠲᠠ ᠥᠬᠡᠢ ᠳᠡᠭᠡᠭᠰᠢᠯᠡᠭᠦᠯᠦᠨ᠎ᠡ ᠃ 《 ᠬᠠᠤᠯᠢ ᠪᠠᠷ ᠵᠠᠰᠠᠬᠤ ᠳᠤᠮᠳᠠᠳᠤ ᠤᠯᠤᠰ ᠤ᠋ᠨ ᠪᠦᠲᠦᠭᠡᠨ ᠪᠠᠢᠭᠤᠯᠤᠯᠲᠠ ᠶ᠋ᠢᠨ ᠲᠥᠯᠥᠪᠵᠢᠭᠦᠯᠭᠡ 2020 ᠣᠨ ᠠ᠋ᠴᠠ 2025 ᠣᠨ ᠪᠣᠯᠲᠠᠯ᠎ᠠ 》 ᠂ 《 ᠤᠯᠤᠰ ᠲᠥᠷᠥ ᠬᠠᠤᠯᠢ ᠴᠠᠭᠠᠵᠠ ᠶ᠋ᠢᠨ ᠬᠦᠷᠢᠶ᠎ᠡ ᠬᠡᠪᠴᠢᠶᠡᠨ ᠳ᠋ᠡᠬᠢ ᠥᠭᠡᠷᠡᠴᠢᠯᠡᠯᠲᠡ ᠶ᠋ᠢ ᠪᠥᠬᠥ ᠲᠠᠯ᠎ᠠ ᠪᠠᠷ ᠭᠦᠨᠵᠡᠭᠡᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ 》 ᠵᠢᠴᠢ 《 ᠠᠷᠠᠳ ᠤ᠋ᠨ ᠰᠢᠭᠦᠬᠦ ᠬᠣᠷᠢᠶᠠᠨ ᠤ᠋ ᠲᠠᠪᠤᠳᠤᠭᠠᠷ ᠲᠠᠪᠤᠨ ᠵᠢᠯ ᠦ᠋ᠨ ᠥᠭᠡᠷᠡᠴᠢᠯᠡᠯᠲᠡ ᠶ᠋ᠢᠨ ᠬᠥᠲᠥᠯᠪᠦᠷᠢ》 ᠳ᠋ᠦ᠍ ᠲᠣᠳᠣᠷᠬᠠᠢ ᠡᠭᠦᠷᠭᠡ ᠪᠠ ᠱᠠᠭᠠᠷᠳᠠᠯᠭ᠎ᠠ ᠳᠤᠷᠠᠳᠴᠤ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠶ᠋ᠢᠨ ᠰᠢᠰᠲ᠋ᠧᠮ ᠦ᠋ᠨ ᠥᠭᠡᠷᠡᠴᠢᠯᠡᠯᠲᠡ ᠪᠠ ᠪᠦᠲᠦᠭᠡᠨ ᠪᠠᠢᠭᠤᠯᠤᠯᠲᠠ ᠶ᠋ᠢ ᠠᠬᠢᠭᠤᠯᠬᠤ ᠳ᠋ᠤ᠌ ᠣᠯᠠᠨ ᠲᠦᠮᠡᠨ ᠦ᠌ ᠠᠰᠢᠭ ᠲᠤᠰᠠ ᠶ᠋ᠢ ᠬᠦᠷᠲᠡᠭᠡᠨ᠎ᠡ ᠃
     ᠭᠤᠷᠪᠠ ᠳ᠋ᠤ᠌ ᠰᠢᠭᠦᠨ ᠲᠠᠰᠤᠯᠤᠯᠲᠠ ᠶ᠋ᠢᠨ ᠡᠭᠦᠷᠭᠡ ᠴᠢᠳᠠᠪᠤᠷᠢ ᠶ᠋ᠢ ᠰᠠᠨᠠᠭᠠᠴᠢᠯᠠᠭ᠎ᠠ ᠠ᠋ᠴᠠ ᠪᠠᠨ ᠤᠷᠲᠤᠳᠬᠠᠵᠤ ᠂ ᠬᠠᠤᠯᠢ ᠪᠠᠷ ᠵᠠᠰᠠᠬᠤ ᠶ᠋ᠢ ᠬᠦᠨᠳᠦᠳᠬᠡᠨ ᠬᠠᠤᠯᠢ ᠴᠠᠭᠠᠵᠠ ᠶ᠋ᠢᠨ ᠠᠭᠤᠷ ᠠᠮᠢᠰᠬᠤᠯ ᠢ᠋ ᠪᠦᠷᠢᠯᠳᠦᠭᠦᠯᠦᠨ᠎ᠡ ᠃ ᠨᠢᠭᠡ ᠥᠷᠲᠡᠭᠡ ᠮᠠᠶᠢᠭ ᠤ᠋ᠨ ᠵᠠᠷᠭᠤ ᠶ᠋ᠢᠨ ᠦᠢᠯᠡᠴᠢᠯᠡᠭᠡ ᠂ ᠣᠯᠠᠨ ᠲᠠᠯ᠎ᠠ ᠠ᠋ᠴᠠ ᠠᠰᠠᠭᠤᠳᠠᠯ ᠢ᠋ ᠰᠢᠢᠳᠪᠦᠷᠢᠯᠡᠬᠦ ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠴᠢᠳᠠᠪᠬᠢ ᠶ᠋ᠢ ᠪᠥᠬᠥ ᠲᠠᠯ᠎ᠠ ᠪᠠᠷ ᠨᠠᠢᠳᠠᠪᠤᠷᠢᠵᠢᠭᠤᠯᠵᠤ ᠂ ᠡᠯ᠎ᠡ ᠲᠥᠷᠥᠯ ᠦ᠋ᠨ ᠬᠡᠷᠡᠭ ᠢ᠋ ᠬᠠᠤᠯᠢ ᠶᠣᠰᠣᠭᠠᠷ ᠲᠣᠬᠢᠷᠠᠮᠵᠢᠲᠠᠢ ᠰᠢᠭᠦᠨ ᠰᠢᠢᠳᠪᠦᠷᠢᠯᠡᠵᠦ ᠂ ᠨᠠᠮ ᠵᠠᠰᠠᠭ ᠤ᠋ᠨ ᠪᠠᠢᠭᠤᠯᠭ᠎ᠠ ᠳ᠋ᠤ᠌ ᠬᠣᠯᠪᠣᠭᠳᠠᠭᠰᠠᠨ ᠬᠡᠷᠡᠭ ᠦ᠋ᠨ ᠬᠡᠷᠡᠭᠵᠢᠭᠦᠯᠦᠯᠲᠡ ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ ᠃ ᠰᠢᠭᠦᠨ ᠲᠠᠰᠤᠯᠤᠯᠲᠠ ᠶ᠋ᠢᠨ ᠡᠭᠦᠷᠭᠡ ᠴᠢᠳᠠᠪᠤᠷᠢ ᠶ᠋ᠢ ᠰᠠᠨᠠᠭᠠᠴᠢᠯᠠᠭ᠎ᠠ ᠲᠠᠢ ᠪᠠᠷ ᠥᠷᠭᠡᠳᠬᠡᠵᠦ ᠬᠠᠤᠯᠢ ᠴᠠᠭᠠᠵᠠ ᠶ᠋ᠢᠨ ᠮᠡᠳᠡᠯᠭᠡ ᠶ᠋ᠢ ᠲᠦᠭᠡᠮᠡᠯᠵᠢᠭᠦᠯᠬᠦ ᠤᠬᠠᠭᠤᠯᠭ᠎ᠠ ᠶ᠋ᠢᠨ ᠡᠷᠴᠢᠮ ᠢ᠋ ᠴᠢᠩᠭ᠋ᠠᠷᠠᠭᠤᠯᠵᠤ ᠂ ᠬᠠᠤᠯᠢ ᠶ᠋ᠢ ᠮᠡᠳᠡᠬᠦ ᠂ ᠬᠠᠤᠯᠢ ᠶ᠋ᠢ ᠰᠠᠬᠢᠬᠤ ᠂ ᠬᠠᠤᠯᠢ ᠶ᠋ᠢ ᠬᠡᠷᠡᠭᠯᠡᠬᠦ ᠠᠭᠤᠷ ᠠᠮᠢᠰᠬᠤᠯ ᠢ᠋ ᠪᠣᠢ ᠪᠣᠯᠭᠠᠵᠤ ᠂ ᠣᠯᠠᠨ ᠨᠡᠢᠲᠡ ᠶ᠋ᠢᠨ ᠢᠲᠡᠭᠡᠯ ᠪᠢᠰᠢᠷᠡᠯ ᠦ᠋ᠨ ᠬᠠᠤᠯᠢ ᠴᠠᠭᠠᠵᠠ ᠶ᠋ᠢ ᠦᠢᠯᠡᠳᠦᠯᠭᠡᠵᠢᠭᠦᠯᠦᠨ᠎ᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )