ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠠᠬᠢ ᠵᠠᠷᠭᠤ ᠳ᠋ᠤ᠌ ᠦᠢᠯᠡᠴᠢᠯᠡᠬᠦ ᠬᠣᠯᠪᠣᠭᠳᠠᠯ ᠪᠦᠬᠦᠢ ᠵᠦᠢᠯᠡᠰ ᠦ᠋ᠨ ᠲᠤᠬᠠᠢ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠮᠡᠳᠡᠭᠳᠡᠯ
2021.10.29 ᠲᠣᠰ ᠥᠷᠲᠡᠭᠡᠨ᠎ᠦ ᠨᠠᠢᠷᠠᠭᠤᠯᠤᠭᠴᠢ

    ᠰᠢᠨ᠎ᠡ ᠲᠢᠲᠢᠮᠯᠢᠭ᠌ ᠠᠭᠤᠰᠬᠢᠨ ᠦᠷᠪᠢᠰᠦᠯ ᠦ᠋ᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠤ᠋ᠨ ᠵᠣᠷᠢᠭ ᠰᠠᠨᠠᠭ᠎ᠠ ᠶ᠋ᠢ ᠤᠯᠠᠮ ᠨᠢᠭᠡ ᠠᠯᠬᠤᠮ ᠲᠤᠤᠱᠯᠠᠭᠤᠯᠤᠨ ᠨᠠᠢᠳᠠᠪᠤᠷᠢᠵᠢᠭᠤᠯᠵᠤ ᠬᠥᠮᠦᠨ ᠴᠤᠭᠯᠠᠷᠠᠵᠤ ᠬᠠᠯᠳᠠᠪᠤᠷᠢᠯᠠᠬᠤ ᠠᠶᠤᠯ ᠲᠦᠭᠰᠢᠭᠦᠷᠢ ᠶ᠋ᠢ ᠪᠠᠭᠠᠰᠬᠠᠬᠤ ᠶ᠋ᠢᠨ ᠲᠥᠯᠥᠭᠡ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠵᠡᠷᠭᠡ ᠶ᠋ᠢᠨ ᠰᠢᠭᠦᠬᠦ ᠬᠣᠷᠢᠶ᠎ᠠ ᠂ ᠣᠷᠳᠣᠰ ᠬᠣᠲᠠ ᠶ᠋ᠢᠨ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ ᠦ᠋ᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠵᠢᠯᠣᠭᠣᠳᠬᠤ ᠭᠠᠵᠠᠷ ᠵᠢᠴᠢ  ᠬᠣᠷᠢᠶᠠᠨ ᠤ᠋ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠣᠳᠣ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠠᠬᠢ ᠵᠠᠷᠭᠤ ᠶ᠋ᠢᠨ ᠦᠢᠯᠡᠴᠢᠯᠡᠭᠡ ᠵᠢᠨ ᠲᠤᠬᠠᠢ ᠳᠣᠣᠷᠠᠬᠢ ᠬᠡᠳᠦᠨ ᠵᠤᠷᠪᠤᠰ ᠢ᠋ ᠮᠡᠳᠡᠭᠳᠡᠶ᠎ᠡ᠃

    ᠨᠢᠭᠡ᠂ ᠥᠨᠥᠳᠥᠷ ᠡᠴᠡ ᠡᠬᠢᠯᠡᠵᠦ ᠵᠠᠷᠭᠤ ᠶ᠋ᠢᠨ ᠲᠤᠬᠠᠢ ᠶ᠋ᠢᠨ ᠬᠥᠮᠦᠨ ᠵᠢᠴᠢ ᠲᠡᠭᠦᠨ ᠦ᠌ ᠣᠷᠣᠯᠠᠭᠴᠢ ᠶ᠋ᠢ ︽ ᠳᠤᠮᠳᠠᠳᠤ ᠤᠯᠤᠰ ᠤ᠋ᠨ ᠨᠡᠭᠦᠳᠡᠯ ᠸᠢᠴᠠᠲ ᠤ᠋ᠨ ᠰᠢᠭᠦᠬᠦ ᠬᠣᠷᠢᠶ᠎ᠠ / ᠥᠪᠥᠷ ᠮᠣᠩᠭᠣᠯ ᠤ᠋ᠨ ᠨᠡᠭᠦᠳᠡᠯ ᠪᠢᠴᠢᠯ ᠰᠢᠭᠦᠬᠦ ᠬᠣᠷᠢᠶ᠎ᠠ︾ ᠶ᠋ᠢᠨ ᠪᠢᠴᠢᠯ ᠴᠢᠮᠡᠭᠡ ᠶ᠋ᠢᠨ ᠵᠢᠵᠢᠭ᠌ ᠫᠷᠤᠭ᠌ᠷᠠᠮ ᠨᠢ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠂ ᠣᠷᠣᠨ ᠠᠯᠤᠰᠯᠠᠨ ᠬᠡᠷᠡᠭ ᠪᠣᠯᠭᠠᠨ ᠳᠠᠩᠰᠠᠯᠠᠬᠤ ᠂ ᠬᠢᠯᠢ ᠠᠯᠤᠰᠯᠠᠨ ᠬᠡᠷᠡᠭ ᠪᠣᠯᠭᠠᠨ ᠳᠠᠩᠰᠠᠯᠠᠬᠤ ᠵᠡᠷᠭᠡ ᠶ᠋ᠢ ᠤᠷᠢᠳᠠᠪᠡᠷ ᠰᠣᠩᠭᠣᠵᠤ ᠬᠡᠷᠡᠭᠵᠢᠭᠦᠯᠦᠨ᠎ᠡ  ᠡᠰᠡᠬᠦᠯ᠎ᠡ ᠰᠢᠤᠳᠠᠨ ᠢ᠋ᠶ᠋ᠠᠷ ᠢᠯᠡᠭᠡᠬᠦ ᠠᠷᠭ᠎ᠠ ᠪᠠᠷ ᠬᠣᠯᠪᠣᠭᠳᠠᠯ ᠪᠦᠬᠦᠢ ᠵᠠᠷᠭᠤ ᠶ᠋ᠢᠨ ᠮᠠᠲ᠋ᠧᠷᠢᠶᠠᠯ ᠢ᠋ ᠰᠢᠤᠳᠠᠨ ᠢ᠋ᠶ᠋ᠠᠷ ᠢᠯᠡᠭᠡᠵᠦ ᠬᠣᠯᠪᠣᠭᠳᠠᠯ ᠪᠦᠬᠦᠢ ᠵᠠᠷᠭᠤ ᠶ᠋ᠢᠨ ᠠᠵᠢᠯ ᠢ᠋ ᠭᠦᠢᠴᠡᠳᠬᠡᠨ᠎ᠡ ᠃

    ᠬᠣᠶᠠᠷ᠂ ᠵᠠᠷᠭᠤ ᠶ᠋ᠢᠨ ᠲᠤᠬᠠᠢ ᠶ᠋ᠢᠨ ᠬᠥᠮᠦᠨ ᠵᠢᠴᠢ ᠲᠡᠭᠦᠨ ᠦ᠌ ᠣᠷᠣᠯᠠᠭᠴᠢ ᠨᠢ ᠡᠩ ᠲᠡᠷᠢᠭᠦᠨ ᠳ᠋ᠦ᠍ ᠠᠷᠠᠳ ᠤ᠋ᠨ ᠰᠢᠭᠦᠬᠦ ᠬᠣᠷᠢᠶᠠᠨ ᠤ᠋ ᠡᠶᠡᠳᠡᠭᠦᠯᠬᠦ ᠲᠠᠪᠴᠠᠩ᠂ ᠠᠷᠠᠳ ᠤ᠋ᠨ ᠰᠢᠭᠦᠬᠦ ᠬᠣᠷᠢᠶᠠᠨ ᠤ᠋ ᠰᠦᠯᠵᠢᠶᠡᠨ ᠳᠡᠭᠡᠷ᠎ᠡ ᠬᠠᠮᠠᠭᠠᠯᠠᠨ ᠬᠠᠳᠠᠭᠠᠯᠠᠬᠤ ᠰᠢᠰᠲ᠋ᠧᠮ᠂ ᠠᠷᠠᠳ ᠤ᠋ᠨ ᠰᠢᠭᠦᠬᠦ ᠬᠣᠷᠢᠶᠠᠨ ᠤ᠋ ᠬᠦᠷᠭᠡᠬᠦ ᠲᠠᠪᠴᠠᠩ᠂ ᠠᠷᠠᠳ ᠤ᠋ᠨ ᠰᠢᠭᠦᠬᠦ ᠬᠣᠷᠢᠶᠠᠨ ᠤ᠋ ᠬᠠᠤᠯᠢᠴᠢ ᠶ᠋ᠢᠨ ᠦᠢᠯᠡᠴᠢᠯᠡᠭᠡᠨ ᠦ᠌ ᠲᠠᠪᠴᠠᠩ᠂ ᠠᠷᠠᠳ ᠤ᠋ᠨ ᠰᠢᠭᠦᠬᠦ ᠬᠣᠷᠢᠶᠠᠨ ᠤ᠋ ᠨᠠᠢᠳᠠᠨ ᠬᠢᠨᠠᠨ ᠲᠣᠭᠲᠠᠭᠠᠯᠭᠠᠬᠤ ᠰᠢᠰᠲ᠋ᠧᠮ᠂ ᠪᠦᠬᠦ ᠤᠯᠤᠰ ᠤ᠋ᠨ ᠰᠢᠭᠦᠬᠦ ᠬᠣᠷᠢᠶᠠᠨ ᠤ᠋ ᠵᠠᠮ ᠬᠠᠷᠢᠯᠴᠠᠭᠠᠨ ᠤ᠋ ᠡᠨᠳᠡᠯ ᠦ᠋ᠨ ᠵᠢᠭᠤᠷᠠᠯᠳᠤᠭᠠᠨ ᠤ᠋ ᠵᠠᠷᠭᠤ ᠶ᠋ᠢ ᠡᠶᠡᠳᠡᠭᠦᠯᠬᠦ ᠲᠠᠪᠴᠠᠩ ᠵᠡᠷᠭᠡ ᠰᠦᠯᠵᠢᠶ᠎ᠡ ᠪᠡᠷ ᠬᠡᠷᠡᠭ ᠪᠣᠯᠭᠠᠨ ᠳᠠᠩᠰᠠᠯᠠᠬᠤ ᠪᠠ ᠰᠢᠭᠦᠨ ᠰᠢᠢᠳᠪᠦᠷᠢᠯᠡᠬᠦ ᠶ᠋ᠢ ᠪᠣᠳᠣᠯᠬᠢᠯᠠᠨ᠎ᠠ᠃      ᠭᠤᠷᠪᠠ ᠂ 12368 ᠵᠠᠷᠭᠤ ᠶ᠋ᠢᠨ ᠦᠢᠯᠡᠴᠢᠯᠡᠭᠡᠨ ᠦ᠌ ᠬᠠᠯᠠᠮᠰᠢᠯ ᠤᠲᠠᠰᠤ ᠶ᠋ᠢ ᠨᠡᠪᠲᠡᠷᠡᠭᠦᠯᠵᠦ᠂ ᠬᠥᠮᠦᠨ ᠦ᠌ ᠬᠦᠴᠦ ᠬᠡᠷᠡᠭ ᠪᠣᠯᠭᠠᠨ ᠳᠠᠩᠰᠠᠯᠠᠬᠤ ᠂ ᠬᠡᠷᠡᠭ ᠢ᠋ ᠪᠠᠢᠴᠠᠭᠠᠨ ᠯᠠᠪᠯᠠᠬᠤ ᠂ ᠰᠢᠭᠦᠭᠴᠢ ᠲᠡᠢ ᠬᠠᠷᠢᠯᠴᠠᠬᠤ ᠂ ᠵᠠᠬᠢᠳᠠᠯ ᠰᠤᠷᠪᠤᠯᠵᠢᠯᠠᠭ᠎ᠠ ᠶ᠋ᠢ ᠵᠠᠭᠠᠯᠳᠤᠬᠤ ᠵᠡᠷᠭᠡ ᠲᠤᠬᠠᠢᠯᠠᠭᠰᠠᠨ ᠠᠵᠢᠯ ᠢ᠋ ᠰᠢᠭᠦᠬᠦ ᠬᠣᠷᠢᠶᠠᠨ ᠤ᠋ ᠠᠵᠢᠯᠲᠠᠨ ᠢ᠋ᠶ᠋ᠠᠷ ᠲᠡᠮᠳᠡᠭᠯᠡᠭᠦᠯᠦᠨ  ᠳᠠᠩᠰᠠᠯᠠᠭᠤᠯᠬᠤ ᠡᠰᠡᠬᠦᠯ᠎ᠡ ᠥᠪᠡᠷᠲᠡᠭᠡᠨ ᠬᠣᠲᠠ ᠶ᠋ᠢᠨ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠦ᠌ ᠲᠢᠩᠬᠢᠮ ᠳ᠋ᠦ᠍ ᠣᠴᠢᠵᠤ 《 24 ᠴᠠᠭ ᠤ᠋ᠨ ᠥᠪᠡᠷᠲᠡᠭᠡᠨ ᠦᠢᠯᠡᠴᠢᠯᠡᠬᠦ ᠵᠠᠷᠭᠤ ᠶ᠋ᠢᠨ ᠦᠢᠯᠡᠴᠢᠯᠡᠭᠡᠨ ᠦ᠌ ᠥᠷᠲᠡᠭᠡ》 ᠶ᠋ᠢᠨ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠂ ᠡᠶᠡᠳᠡᠭᠦᠯᠬᠦ ᠂ ᠬᠠᠤᠯᠢ ᠴᠠᠭᠠᠵᠠ ᠶ᠋ᠢᠨ ᠪᠢᠴᠢᠭ  ᠠᠪᠬᠤ ᠵᠡᠷᠭᠡ ᠲᠤᠬᠠᠢᠯᠠᠭᠰᠠᠨ ᠠᠵᠢᠯ ᠢ᠋ ᠭᠤᠶᠤᠴᠢᠯᠠᠬᠤ ᠪᠣᠯᠤᠨ᠎ᠠ ᠃

    ᠳᠥᠷᠪᠡ᠂ ᠲᠤᠬᠠᠢ ᠶ᠋ᠢᠨ ᠭᠠᠵᠠᠷ ᠲᠤ᠌ ᠬᠦᠷᠴᠦ ᠵᠠᠷᠭᠤ ᠬᠢᠬᠦ ᠱᠠᠭᠠᠷᠳᠠᠯᠭ᠎ᠠ ᠲᠠᠢ ᠲᠤᠬᠠᠢ ᠶ᠋ᠢᠨ ᠬᠥᠮᠦᠨ ᠪᠣᠯᠤᠨ ᠣᠷᠣᠯᠠᠭᠴᠢ ᠨᠢ ᠡᠷᠡᠭᠦᠯ ᠮᠡᠨᠳᠦ ᠶ᠋ᠢᠨ ᠬᠢᠨᠠᠯᠲᠠ ᠰᠢᠯᠭᠠᠯᠲᠠ ᠪᠣᠯᠤᠨ ᠠᠢᠯᠴᠢᠯᠠᠯ ᠤ᠋ᠨ ᠪᠦᠷᠢᠳᠬᠡᠯ ᠬᠢᠯᠭᠡᠬᠦ ᠠᠵᠢᠯ ᠢ᠋ ᠵᠥᠪ ᠣᠨᠣᠪᠴᠢᠲᠠᠢ ᠰᠠᠢᠨ ᠬᠢᠬᠦ  ᠬᠡᠷᠡᠭᠲᠡᠢ ᠃ ᠠᠮᠠᠪᠴᠢ ᠵᠡᠭᠦᠨ᠂ ᠪᠡᠶ᠎ᠡ ᠵᠢᠨ  ᠳᠤᠯᠠᠭᠠᠨ ᠢ᠋ᠢᠡᠨ ᠬᠡᠮᠵᠢᠵᠦ᠂ ᠡᠷᠡᠭᠦᠯ ᠮᠡᠨᠳᠦ ᠵᠢᠨ  ᠺᠣᠳ᠋ ᠢ᠋ ᠦᠵᠡᠭᠦᠯᠬᠦ ᠬᠡᠷᠡᠭᠲᠡᠢ᠃ᠨᠢᠭᠡ ᠮᠧᠲ᠋ᠷ ᠡᠴᠡ ᠳᠡᠭᠡᠭᠰᠢ ᠠᠮᠤᠷ ᠲᠦᠪᠰᠢᠨ ᠦ ᠵᠠᠶ ᠶᠢ ᠪᠠᠲᠤᠯᠠᠵᠤ᠂ ᠠᠵᠢᠯᠲᠠᠨ ᠬᠠᠮᠢᠶᠠᠷᠤᠯᠲᠠ ᠶᠢ ᠳᠠᠭᠠᠵᠤ᠂ ᠬᠡᠪ ᠦᠨ ᠪᠤᠰᠤ ᠪᠠᠢᠳᠠᠯ ᠭᠠᠷᠤᠭᠰᠠᠨ ᠥᠬᠡᠶ ᠶᠢ ᠨᠤᠲᠠᠯᠠᠭᠰᠠᠨ ᠤ ᠳᠠᠷᠠᠭ᠎ᠠ ᠵᠠᠷᠭᠤ ᠶᠢᠨ  ᠦᠢᠯᠡᠴᠢᠯᠡᠭᠡᠨ ᠦ ᠲᠢᠩᠬᠢᠮ ᠳᠦ ᠡᠮᠬᠢ ᠵᠢᠷᠤᠮ ᠲᠠᠶ ᠪᠠᠷ ᠣᠷᠣᠬᠤ ᠬᠡᠷᠡᠭᠲᠡᠶ᠃ ᠲᠣᠰ ᠡᠳᠦᠷ ᠡᠴᠡ ᠡᠬᠢᠯᠡᠨ᠂ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠰᠠᠭᠤᠭᠠᠯᠢ ᠠᠷᠠᠳ᠂ ᠣᠨᠣᠰᠢᠯᠠᠭᠰᠠᠨ ᠡᠪᠡᠳᠴᠢᠨ ᠦ  ᠵᠢᠱᠢᠶ᠎ᠡ ᠲᠡᠶ ᠨᠢᠭᠲᠠ ᠬᠦᠷᠦᠯᠴᠡᠭᠰᠡᠳ᠂ ᠡᠷᠡᠭᠦᠯ ᠮᠡᠨᠳᠦ ᠶᠢᠨ ᠺᠣᠳ᠋ ᠨᠢ ᠤᠯᠠᠭᠠᠨ ᠺᠣᠳ᠋᠂ ᠰᠢᠷ᠎ᠠ ᠺᠣᠳ᠋ ᠵᠢᠴᠢ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ ᠵᠡᠷᠭᠡ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ ᠦᠨ ᠬᠠᠮᠢᠶ᠎ᠠ ᠪᠥᠬᠥᠶ ᠡᠪᠡᠳᠴᠢᠨ ᠦ ᠢᠯᠡᠷᠡᠯ ᠲᠡᠶ ᠬᠥᠮᠦᠰ ᠵᠠᠷᠭᠤ ᠶᠢᠨ  ᠦᠢᠯᠡᠴᠢᠯᠡᠭᠡᠨ  ᠤ᠋ ᠲᠠᠯᠠᠪᠤᠷ ᠲᠤ ᠲᠦᠷ ᠣᠷᠣᠵᠤ ᠪᠣᠯᠬᠤ ᠥᠬᠡᠶ᠃ ᠬᠥᠬᠡᠬᠣᠲᠠ ᠠᠴᠠ ᠣᠷᠳᠣᠰ ᠬᠣᠲᠠ ᠳᠤ ᠪᠤᠴᠠᠵᠤ ᠢᠷᠡᠭᠰᠡᠨ ᠬᠥᠮᠦᠰ ᠦᠨ ᠡᠷᠡᠭᠦᠯ ᠮᠡᠨᠳᠦ ᠶᠢᠨ ᠺᠣᠳ᠋ ᠨᠢ ᠨᠣᠭᠣᠭᠠᠨ ᠥᠩᠭᠡ ᠲᠡᠶ ᠪᠥᠭᠡᠳ 48 ᠴᠠᠭ ᠤᠨ ᠳᠣᠲᠣᠷ᠎ᠠ ᠪᠥᠭᠡᠮ ᠬᠦᠴᠢᠯ ᠦᠨ  ᠪᠠᠢᠴᠠᠭᠠᠯᠲᠠ ᠶᠢᠨ ᠪᠢᠯᠢᠭ᠌ ᠴᠢᠨᠠᠷ ᠤᠨ ᠭᠡᠷᠡᠴᠢ ᠪᠡᠷ ᠬᠤᠪᠢ ᠬᠥᠮᠦᠨ ᠦ ᠬᠠᠮᠠᠭᠠᠯᠠᠯᠲᠠ ᠶᠢ  ᠰᠠᠢᠲᠤᠷ ᠬᠢᠭᠰᠡᠨ ᠤᠷᠢᠲᠠᠯ  ᠳᠣᠣᠷ᠎ᠠ ᠴᠢᠯᠥᠭᠡᠲᠡᠶ᠂ ᠡᠮᠬᠢ ᠵᠢᠷᠤᠮ ᠲᠠᠶ ᠪᠠᠷ  ᠬᠥᠳᠡᠯᠵᠦ ᠪᠣᠯᠤᠨ᠎ᠠ ︔ 48 ᠴᠠᠭ ᠤᠨ ᠳᠣᠲᠣᠷ᠎ᠠ ᠪᠥᠭᠡᠮ ᠬᠦᠴᠢᠯ ᠦᠨ ᠪᠠᠢᠴᠠᠭᠠᠯᠲᠠ ᠶᠢᠨ  ᠪᠢᠯᠢᠭ᠌ ᠴᠢᠨᠠᠷ ᠤᠨ ᠭᠡᠷᠡᠴᠢ ᠬᠠᠩᠭᠠᠬᠤ ᠶᠢᠨ ᠠᠷᠭ᠎ᠠ ᠦᠭᠡᠢ  ᠪᠠᠢᠪᠠᠯ᠂ ᠨᠢᠭᠡᠳᠦᠭᠡᠷ ᠵᠠᠬ᠎ᠠ ᠳᠡᠯᠭᠡᠭᠦᠷ ᠲᠦ ᠣᠷᠣᠬᠤ ᠭᠠᠵᠠᠷ ᠲᠤ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ 24 ᠴᠠᠭ ᠤᠨ ᠳᠣᠲᠣᠷ᠎ᠠ ᠪᠥᠭᠡᠮ ᠬᠦᠴᠢᠯ ᠦᠨ ᠪᠠᠢᠴᠠᠭᠠᠯᠲᠠ ᠶᠢ ᠪᠡᠶᠡᠯᠡᠭᠦᠯᠦᠨ᠎ᠡ᠂  ᠪᠠᠢᠴᠠᠭᠠᠯᠲᠠ ᠶᠢᠨ ᠦᠷ᠎ᠡ ᠳ᠋ᠦᠩ ᠨᠢ  ᠪᠢᠯᠢᠭ᠌ ᠴᠢᠨᠠᠷ ᠪᠣᠯᠤᠨ᠎ᠠ᠂ ᠬᠤᠪᠢ ᠬᠥᠮᠦᠨ ᠦ ᠬᠠᠮᠠᠭᠠᠯᠠᠯᠲᠠ ᠶᠢ  ᠰᠠᠢᠲᠤᠷ ᠬᠢᠭᠰᠡᠨ ᠤᠷᠢᠲᠠᠯ ᠳᠣᠣᠷ᠎ᠠ᠂ ᠴᠢᠯᠥᠭᠡᠲᠡᠶ᠂ ᠡᠮᠬᠢ ᠵᠢᠷᠤᠮ ᠲᠠᠶ ᠪᠠᠷ ᠶᠠᠪᠤᠭᠳᠠᠭᠤᠯᠵᠤ ᠪᠣᠯᠤᠨ᠎ᠠ᠃         ᠲᠠᠪᠤ ᠂ ᠰᠢᠭᠦᠯᠲᠡ ᠡᠬᠢᠯᠡᠬᠦ ᠪᠤᠶᠤ ᠯᠠᠪᠯᠠᠨ ᠠᠰᠠᠭᠤᠬᠤ ᠂ ᠭᠡᠷᠡᠴᠢ ᠰᠣᠨᠣᠰᠬᠤ ᠪᠠᠷ ᠨᠢᠭᠡᠨᠲᠡ ᠲᠣᠬᠢᠷᠠᠭᠤᠯᠤᠭᠰᠠᠨ ᠬᠡᠷᠡᠭ ᠦ᠋ᠨ ᠲᠤᠬᠠᠢ ᠶ᠋ᠢᠨ ᠬᠥᠮᠦᠨ ᠵᠢᠴᠢ ᠲᠡᠭᠦᠨ ᠦ᠌ ᠵᠠᠷᠭᠤ ᠶ᠋ᠢᠨ ᠣᠷᠣᠯᠠᠭᠴᠢ ᠨᠢ ᠰᠢᠭᠦᠭᠴᠢ ᠲᠡᠢ ᠬᠠᠷᠢᠯᠴᠠᠵᠤ 《 ᠡᠭᠦᠯᠡᠨ ᠰᠢᠭᠦᠬᠦ ᠲᠢᠩᠬᠢᠮ 》  ᠦ᠋ᠨ ᠰᠦᠯᠵᠢᠶᠡᠨ ᠳᠡᠭᠡᠷᠡᠬᠢ ᠠᠷᠭ᠎ᠠ ᠬᠡᠯᠪᠡᠷᠢ ᠶ᠋ᠢ ᠰᠣᠩᠭᠣᠵᠤ ᠪᠣᠯᠤᠨ᠎ᠠ᠃  ᠵᠠᠷᠭᠤ ᠶ᠋ᠢᠨ ᠠᠵᠢᠯᠯᠠᠭ᠎ᠠ ᠳ᠋ᠤ᠌ ᠣᠷᠣᠯᠴᠠᠵᠤ ᠳᠡᠢᠯᠬᠦ ᠦᠭᠡᠢ ᠪᠣᠯᠤᠭᠰᠠᠨ ᠲᠤᠬᠠᠢ ᠶ᠋ᠢᠨ ᠬᠥᠮᠦᠨ ᠬᠠᠤᠯᠢ ᠶᠣᠰᠣᠭᠠᠷ ᠬᠤᠭᠤᠴᠠᠭ᠎ᠠ ᠶ᠋ᠢ ᠨᠢ ᠤᠷᠲᠤᠳᠬᠠᠬᠤ ᠭᠤᠶᠤᠴᠢᠯᠠᠯ ᠭᠠᠷᠭᠠᠵᠤ ᠪᠣᠯᠤᠨ᠎ᠠ ᠂ ᠬᠠᠤᠯᠢᠴᠢ ᠦᠢᠯᠡᠴᠢᠯᠡᠭᠡᠨ ᠦ᠌ ᠲᠠᠪᠴᠠᠩ ᠢ᠋ᠶ᠋ᠠᠷ ᠳᠠᠮᠵᠢᠨ ᠬᠤᠪᠢᠷᠠᠭᠤᠯᠬᠤ ᠪᠠᠷ ᠭᠤᠶᠤᠴᠢᠯᠠᠵᠤ ᠪᠣᠯᠤᠨ᠎ᠠ ᠃ ᠬᠢᠵᠢᠭ᠌ ᠦ᠋ᠨ ᠪᠠᠢᠳᠠᠯ ᠤ᠋ᠨ ᠬᠤᠭᠤᠴᠠᠭᠠᠨ ᠳ᠋ᠤ᠌ ᠲᠤᠬᠠᠢ ᠶ᠋ᠢᠨ ᠲᠠᠯᠠᠪᠠᠢ ᠳ᠋ᠤ᠌ ᠲᠢᠩᠬᠢᠮ ᠦ᠋ᠨ ᠰᠢᠭᠦᠯᠲᠡ ᠶ᠋ᠢ ᠰᠤᠯᠠ ᠰᠣᠨᠣᠰᠬᠤ ᠪᠠᠨ ᠪᠣᠯᠢᠪᠠᠯ ᠂ ᠳᠤᠮᠳᠠᠳᠤ ᠤᠯᠤᠰ ᠤ᠋ᠨ ᠲᠢᠩᠬᠢᠮ ᠦ᠋ᠨ ᠰᠢᠭᠦᠯᠲᠡ ᠶ᠋ᠢᠨ ᠢᠯᠡ ᠪᠣᠯᠭᠠᠬᠤ ᠰᠦᠯᠵᠢᠶᠡᠨ ᠳᠡᠭᠡᠷ᠎ᠡ ᠭᠠᠷᠴᠤ ᠦᠵᠡᠵᠦ ᠪᠣᠯᠤᠨ᠎ᠠ ᠃ ᠲᠤᠬᠠᠢ ᠶ᠋ᠢᠨ ᠲᠠᠯᠠᠪᠤᠷ ᠲᠤ᠌ ᠲᠢᠩᠬᠢᠮ ᠦ᠋ᠨ ᠰᠢᠭᠦᠯᠲᠡ ᠶ᠋ᠢ ᠰᠤᠯᠠ ᠰᠣᠨᠣᠰᠬᠤ ᠴᠢᠬᠤᠯᠠᠲᠠᠢ ᠪᠣᠯ ᠂ ᠲᠤᠰ ᠭᠠᠵᠠᠷ ᠣᠷᠣᠨ ᠤ᠋ ᠬᠢᠵᠢᠭ ᠦ᠋ᠨ ᠪᠠᠢᠳᠠᠯ ᠢ᠋ ᠤᠷᠢᠳᠴᠢᠯᠠᠨ ᠰᠡᠷᠭᠡᠢᠯᠡᠬᠦ ᠲᠣᠭᠲᠠᠭᠠᠯ ᠢ᠋ ᠴᠢᠩᠭ᠎ᠠ ᠵᠢᠷᠤᠮᠯᠠᠬᠤ ᠬᠡᠷᠡᠭᠲᠡᠢ ᠃

    ᠵᠢᠷᠭᠤᠭ᠎ᠠ᠂ ᠬᠢᠵᠢᠭ᠌ ᠦ᠋ᠨ ᠪᠠᠢᠳᠠᠯ ᠤ᠋ᠨ ᠰᠢᠯᠲᠠᠭᠠᠨ ᠡᠴᠡ ᠪᠣᠯᠵᠤ ᠵᠠᠷᠭᠤ ᠶ᠋ᠢᠨ ᠬᠦᠴᠦᠨ ᠲᠡᠢ ᠬᠤᠭᠤᠴᠠᠭ᠎ᠠ ᠪᠤᠶᠤ ᠵᠠᠷᠭᠤ ᠶ᠋ᠢᠨ ᠬᠤᠭᠤᠴᠠᠭᠠᠨ ᠳ᠋ᠤ᠌ ᠬᠣᠯᠪᠣᠭᠳᠠᠭᠰᠠᠨ ᠪᠣᠯ 12368 ᠵᠠᠷᠭᠤ ᠶ᠋ᠢᠨ ᠦᠢᠯᠡᠴᠢᠯᠡᠭᠡᠨ ᠦ᠌ ᠤᠲᠠᠰᠤ ᠶ᠋ᠢ ᠤᠲᠠᠰᠤᠳᠠᠬᠤ ᠪᠤᠶᠤ ᠳᠠᠭᠠᠭᠠᠨ ᠰᠢᠢᠳᠪᠦᠷᠢᠯᠡᠬᠦ ᠰᠢᠭᠦᠭᠴᠢ ᠲᠡᠢ ᠬᠠᠷᠢᠯᠴᠠᠵᠤ ᠪᠠᠢᠳᠠᠯ ᠢ᠋ ᠲᠣᠳᠣᠷᠬᠠᠢᠯᠠᠨ ᠬᠡᠯᠡᠵᠦ ᠪᠢᠳᠡ ᠬᠣᠯᠪᠣᠭᠳᠠᠯ ᠪᠦᠬᠦᠢ ᠬᠠᠤᠯᠢ ᠴᠠᠭᠠᠵᠠ ᠶ᠋ᠢᠨ ᠲᠣᠭᠲᠠᠭᠠᠯ ᠶᠣᠰᠣᠭᠠᠷ ᠵᠣᠬᠢᠰᠲᠠᠢ ᠰᠢᠢᠳᠪᠦᠷᠢᠯᠡᠨ᠎ᠡ ᠃

      ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠤ᠌ ᠪᠢᠳᠡ ᠥᠩᠭᠡᠷᠡᠭᠰᠡᠨ ᠲᠡᠢ ᠠᠳᠠᠯᠢ ᠪᠠᠷ ᠴᠢᠨᠠᠷ ᠰᠠᠢᠲᠠᠢ ᠵᠠᠷᠭᠤ ᠶ᠋ᠢᠨ ᠦᠢᠯᠡᠴᠢᠯᠡᠭᠡ ᠶ᠋ᠢ ᠬᠠᠩᠭᠠᠵᠤ ᠂ ᠬᠢᠵᠢᠭ᠌ ᠦᠨ ᠪᠠᠢᠳᠠᠯ ᠢ  ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳᠠᠬᠢ ᠬᠣᠯᠪᠣᠭᠳᠠᠯ ᠪᠦᠬᠦᠢ ᠠᠷᠭ᠎ᠠ ᠬᠡᠮᠵᠢᠶ᠎ᠡ ᠡᠴᠡ ᠪᠣᠯᠤᠭᠰᠠᠨ ᠳᠥᠭᠥᠮ ᠦᠭᠡᠢ  ᠪᠠᠢᠳᠠᠯ ᠢ ᠠᠭᠤᠴᠢᠯᠠᠬᠤ ᠪᠣᠯᠪᠠᠤ᠃

    ᠰᠦᠯᠵᠢᠶᠡᠨ  ᠲᠠᠪᠴᠠᠩ ᠤ᠋ᠨ ᠬᠠᠶᠢᠭ᠄ᠥᠪᠥᠷ ᠮᠣᠩᠭᠣᠯ ᠤ᠋ᠨ ᠨᠡᠭᠦᠳᠡᠯ ᠴᠢᠮᠡᠭᠡ ᠬᠣᠯᠪᠣᠭᠠᠨ ᠤ᠋ ᠪᠢᠴᠢᠯ ᠰᠢᠭᠦᠬᠦ ᠬᠣᠷᠢᠶ᠎ᠠ 

    ᠠᠷᠠᠳ ᠤ᠋ᠨ ᠰᠢᠭᠦᠬᠦ ᠬᠣᠷᠢᠶᠠᠨ ᠤ᠋ ᠡᠶᠡᠳᠡᠭᠦᠯᠬᠦ ᠲᠠᠪᠴᠠᠩ ᠤ᠋ᠨ ᠬᠠᠶᠢᠭ᠄ http : / / tiaojie .court .gov.cn

    ᠠᠷᠠᠳ ᠤ᠋ᠨ ᠰᠢᠭᠦᠬᠦ ᠬᠣᠷᠢᠶᠠᠨ ᠤ᠋ ᠬᠠᠤᠯᠢᠴᠢ ᠶ᠋ᠢᠨ ᠦᠢᠯᠡᠴᠢᠯᠡᠭᠡᠨ ᠦ᠌ ᠲᠠᠪᠴᠠᠩ  ᠤ᠋ᠨ ᠬᠠᠶᠢᠭ᠄http : / / lspt / court .gov.cn

    ᠠᠷᠠᠳ ᠤ᠋ᠨ ᠰᠢᠭᠦᠬᠦ ᠬᠣᠷᠢᠶᠠᠨ ᠤ᠋ ᠰᠦᠯᠵᠢᠶᠡᠨ ᠳᠡᠭᠡᠷᠡᠬᠢ ᠬᠠᠮᠠᠭᠠᠯᠠᠨ ᠬᠠᠳᠠᠭᠠᠯᠠᠬᠤ ᠰᠢᠰᠲ᠋ᠧᠮ ᠤ᠋ᠨ ᠬᠠᠶᠢᠭ᠄ http : / / baoquan.court .gov.cn

    ᠪᠦᠬᠦ ᠤᠯᠤᠰ ᠤ᠋ᠨ ᠰᠢᠭᠦᠬᠦ ᠬᠣᠷᠢᠶᠠᠨ ᠤ᠋ ᠵᠠᠮ ᠬᠠᠷᠢᠯᠴᠠᠭᠠᠨ ᠤ᠋ ᠡᠨᠳᠡᠯ ᠦ᠋ᠨ ᠵᠢᠭᠤᠷᠠᠯᠳᠤᠭᠠᠨ ᠤ᠋ ᠵᠠᠷᠭᠤ ᠶ᠋ᠢᠨ ᠡᠮᠦᠨ᠎ᠡ ᠡᠶᠡᠳᠡᠭᠦᠯᠬᠦ ᠲᠠᠪᠴᠠᠩ ᠤ᠋ᠨ ᠬᠠᠶᠢᠭ᠄ https : / / jtj.court .gov.cn

    ᠰᠢᠤᠳᠠᠨ ᠤ᠋  ᠬᠠᠶᠢᠭ / ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠷᠳᠣᠰ ᠬᠣᠲᠠ ᠶ᠋ᠢᠨ ᠡᠵᠡᠨ ᠬᠣᠷᠣᠭ᠎ᠠ ᠬᠤᠰᠢᠭᠤᠨ ᠤ᠋ ᠶᠠᠩ ᠭᠤᠸᠠᠩ ᠲᠣᠮᠣ ᠠᠰᠠᠷ

    ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠲᠥᠪ / ᠵᠠᠬᠢᠳᠠᠯ ᠰᠤᠷᠪᠤᠯᠵᠢᠯᠠᠭ᠎ᠠ ᠶ᠋ᠢᠨ ᠲᠠᠰᠤᠭ ᠣᠷᠳᠣᠰ ᠬᠣᠲᠠ ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠲᠥᠪ

          2021 ᠣᠨ ᠤ᠋ 10 ᠰᠠᠷ᠎ᠠ ᠶ᠋ᠢᠨ 23 ᠤ᠋ ᠡᠳᠦᠷ

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )