ᠣᠢᠷ᠎ᠠ ᠳ᠋ᠤ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠣᠷᠳᠣᠰ ᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ ᠲᠠᠢ ᠬᠠᠮᠲᠤᠷᠠᠨ ᠵᠠᠰᠠᠭ ᠵᠠᠬᠢᠷᠭᠠᠨ ᠤ᠋ ᠵᠠᠷᠭᠤ ᠶ᠋ᠢᠨ ᠪᠤᠰᠤ ᠭᠦᠢᠴᠡᠳᠬᠡᠬᠦ ᠬᠡᠷᠡᠭ ᠢ᠋ ᠰᠢᠢᠳᠪᠦᠷᠢᠯᠡᠬᠦ ᠲᠤᠬᠠᠢ ᠶᠠᠷᠢᠯᠴᠠᠬᠤ ᠬᠤᠷᠠᠯ ᠬᠢᠪᠡ ᠂ ᠣᠷᠳᠣᠰ ᠬᠣᠲᠠ ᠶ᠋ᠢᠨ ᠪᠠᠢᠴᠠᠭᠠᠬᠤ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ᠂ ᠳᠡᠳ᠋ ᠪᠠᠢᠴᠠᠭᠠᠬᠤ ᠳᠠᠷᠤᠭ᠎ᠠ ᠡᠾᠢ ᠵᠦᠩ ᠫᠢᠩ ᠦ᠋ᠨ ᠪᠠᠢᠴᠠᠭᠠᠬᠤ ᠬᠣᠷᠢᠶ᠎ᠠ ᠶ᠋ᠢᠨ ᠲᠤᠰᠬᠠᠢ ᠲᠤᠰᠢᠶᠠᠯᠲᠤ ᠭᠡᠰᠢᠭᠦᠨ ᠪᠠᠢ ᠼᠦᠢ ᠴᠢᠨ ᠵᠢᠴᠢ ᠳ᠋ᠦᠩᠱᠧᠩ ᠲᠣᠭᠣᠷᠢᠭ ᠤ᠋ᠨ ᠠᠷᠠᠳ ᠤ᠋ᠨ ᠪᠠᠢᠴᠠᠭᠠᠬᠤ ᠬᠣᠷᠢᠶ᠎ᠠ ᠂ ᠳ᠋ᠦᠩᠱᠧᠩ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠂ ᠳᠠᠯᠠᠳ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠵᠢᠨ ᠬᠡᠰᠡᠭ ᠤᠳᠤᠷᠢᠳᠤᠯᠭ᠎ᠠ ᠵᠢᠴᠢ ᠬᠡᠷᠡᠭ ᠤᠴᠢᠷ ᠤ᠋ᠨ ᠬᠠᠷᠢᠭᠤᠴᠠᠯᠭᠠᠲᠠᠨ ᠬᠤᠷᠠᠯ ᠳ᠋ᠤ ᠣᠷᠤᠯᠴᠠᠵᠤ᠂ ᠣᠷᠳᠤᠰ ᠬᠣᠲᠠ ᠵᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠤ᠋ ᠨᠠᠮ ᠤ᠋ᠨ ᠡᠭᠦᠷ ᠤ᠋ᠨ ᠭᠡᠰᠢᠭᠦᠨ᠂ ᠳᠡᠳ᠋ ᠬᠣᠷᠢᠶᠠᠨ ᠳᠠᠷᠤᠭ᠎ᠠ ᠵᠢᠶᠠ ᠴᠠᠩ ᠪᠢᠩ ᠬᠤᠷᠠᠯ ᠢ᠋ ᠡᠷᠬᠢᠯᠡᠪᠡ᠃
ᠬᠤᠷᠠᠯ ᠳᠡᠭᠡᠷ᠎ᠡ᠂ ᠳ᠋ᠦᠩᠱᠧᠩ ᠲᠣᠭᠣᠷᠢᠭ ᠤᠨ ᠠᠷᠠᠳ ᠤᠨ ᠪᠠᠢᠴᠠᠭᠠᠬᠤ ᠬᠣᠷᠢᠶ᠎ᠠ᠂ ᠳ᠋ᠦᠩᠱᠧᠩ ᠲᠣᠭᠣᠷᠢᠭ ᠤᠨ ᠠᠷᠠᠳ ᠤᠨ ᠰᠢᠭᠦᠬᠦ ᠬᠣᠷᠢᠶ᠎ᠠ᠂ ᠳᠠᠯᠠᠳ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ ᠲᠣᠰ ᠲᠣᠰ ᠬᠠᠮᠢᠶ᠎ᠠ ᠪᠥᠬᠥᠶ ᠬᠡᠷᠡᠭ ᠢ ᠰᠢᠢᠳᠪᠦᠷᠢᠯᠡᠭᠰᠡᠨ ᠪᠠᠢᠳᠠᠯ ᠢ ᠲᠠᠨᠢᠯᠴᠠᠭᠤᠯᠪᠠ᠃ ᠬᠤᠷᠠᠯ ᠳᠤ ᠤᠷᠤᠯᠴᠠᠭᠰᠠᠳ ᠬᠤᠲᠠ ᠬᠦᠲᠡᠬᠡ ᠶᠢᠨ ᠭᠠᠵᠠᠷ ᠰᠢᠷᠤᠢ ᠲᠡᠬᠡᠷᠡᠭᠢ ᠲᠣᠭᠲᠠᠭᠠᠯ ᠡᠴᠡ ᠵᠦᠷᠢᠴᠡᠨ ᠪᠠᠢᠭᠤᠯᠵᠤ ᠨᠤᠷᠠᠭᠠᠬᠤ ᠲᠦᠷᠤᠯ ᠤᠨ ᠵᠠᠷᠭᠤ ᠶᠢᠨ ᠪᠤᠰᠤ ᠬᠡᠷᠡᠭ ᠢ ᠬᠠᠤᠯᠢ ᠴᠠᠭᠠᠵᠠ ᠪᠡᠷ ᠭᠡᠷᠡᠴᠢᠯᠡᠬᠦ ᠵᠡᠷᠬᠡ ᠠᠰᠠᠭᠤᠲᠠᠯ ᠳᠤ ᠴᠢᠭᠯᠡᠭᠦᠯᠦᠨ ᠰᠤᠲᠤᠯᠤᠨ ᠶᠠᠷᠢᠯᠴᠠᠵᠤ᠂ ᠡᠯ᠎ᠡ ᠲᠠᠯ᠎ᠠ ᠶᠢᠨ ᠬᠢᠨ ᠳᠠᠯᠠᠳ ᠬᠤᠰᠢᠭᠤᠨ ᠤ ᠠᠷᠠᠳ ᠤᠨ ᠰᠢᠭᠦᠭᠦ ᠬᠤᠷᠢᠶᠠᠨ ᠤ ᠬᠡᠷᠡᠭᠵᠢᠭᠦᠯᠭᠦ ᠲᠤᠮᠲᠠ ᠲᠤᠷᠰᠢᠨ ᠬᠡᠷᠡᠭᠵᠢᠭᠦᠯᠦᠭᠰᠡᠨ ︽ ᠲᠠᠰᠤᠯᠤᠯᠲᠠ ᠶᠢ ᠰᠠᠯᠭᠠᠬᠤ ︾ ᠠᠷᠭ᠎ᠠ ᠬᠡᠯᠪᠡᠷᠢ ᠶᠢ ᠨᠤᠲᠠᠯᠠᠵᠤ ᠪᠠᠢᠬᠤ ᠪᠡᠨ ᠢᠯᠡᠳᠬᠡᠭᠰᠡᠨ ᠪᠦᠭᠡᠳ ᠬᠤᠯᠪᠤᠭᠲᠠᠬᠤ ᠬᠤᠯᠪᠤᠭᠲᠠᠯ ᠪᠦᠭᠦᠢ ᠠᠰᠠᠭᠤᠲᠠᠯ ᠤᠨ ᠲᠤᠬᠠᠢ ᠤᠯᠠᠨ ᠢ᠋ᠢᠠᠷ ᠢ᠋ᠢᠡᠨ ᠬᠠᠮᠲᠤ ᠵᠢᠨ ᠲᠠᠨᠢᠯᠲᠠ ᠲᠠᠢ ᠪᠣᠯᠪᠠ᠃ ᠳᠠᠷᠠᠭᠠᠴᠢ ᠶ᠋ᠢᠨ ᠠᠯᠬᠤᠮ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠬᠣᠲᠠ ᠶ᠋ᠢᠨ ᠪᠠᠢᠴᠠᠭᠠᠬᠤ ᠬᠣᠷᠢᠶ᠎ᠠ ᠪᠠᠰᠠ ᠠᠳᠠᠯᠢ ᠪᠤᠰᠤ ᠪᠠᠢᠳᠠᠯ ᠢ᠋ ᠨᠠᠷᠢᠨ ᠬᠢᠨᠠᠮᠠᠭᠠᠢ ᠢᠯᠭᠠᠨ ᠲᠣᠳᠣᠯᠠᠵᠤ ᠂ ᠲᠤᠰ ᠲᠥᠷᠥᠯ ᠦ᠋ᠨ ᠬᠡᠷᠡᠭ ᠲᠦ᠍ ᠬᠣᠯᠪᠣᠭᠳᠠᠭᠰᠠᠨ ᠭᠠᠵᠠᠷ ᠬᠡᠷᠡᠭᠯᠡᠬᠦ ᠲᠥᠯᠥᠪᠵᠢᠭᠦᠯᠭᠡ ᠂ ᠭᠠᠵᠠᠷ ᠰᠢᠷᠣᠢ ᠶ᠋ᠢᠨ ᠬᠡᠷᠡᠭᠴᠡᠭᠡ ᠂ ᠳᠦᠷᠢᠮ ᠢ᠋ ᠵᠥᠷᠢᠴᠡᠭᠰᠡᠨ ᠲᠥᠷᠥᠯ ᠢᠯᠭᠠᠯ ᠂ ᠬᠡᠷᠡᠭ ᠲᠠᠷᠬᠠᠭᠠᠬᠤ ᠂ ᠵᠠᠰᠠᠭ ᠵᠠᠬᠢᠷᠭᠠᠨ ᠤ᠋ ᠪᠠᠢᠭᠤᠯᠭ᠎ᠠ ᠶ᠋ᠢᠨ ᠰᠢᠢᠳᠪᠦᠷᠢᠯᠡᠭᠰᠡᠨ ᠪᠠᠢᠳᠠᠯ ᠵᠡᠷᠭᠡ ᠠᠰᠠᠭᠤᠳᠠᠯ ᠳ᠋ᠤ᠌ ᠴᠢᠭᠯᠡᠭᠦᠯᠦᠨ ᠂ ᠡᠢᠮᠦᠷᠬᠦᠦ ᠲᠥᠷᠥᠯ ᠦ᠋ᠨ ᠬᠡᠷᠡᠭ ᠲᠦ᠍ ᠢᠳᠡᠪᠬᠢᠲᠡᠢ ᠪᠡᠷ ᠬᠠᠮᠢᠶ᠎ᠠ ᠪᠦᠬᠦᠢ ᠰᠠᠯᠠᠭ᠎ᠠ ᠮᠥᠴᠢᠷ ᠲᠡᠢ ᠵᠣᠬᠢᠴᠠᠯᠳᠤᠨ ᠰᠢᠰᠲ᠋ᠧᠮᠲᠷᠦ ᠳᠦᠷᠢᠮ ᠦ᠋ᠨ ᠪᠤᠰᠤ ᠲᠥᠰᠦᠯ ᠢ᠋ ᠬᠡᠷᠡᠭᠵᠢᠭᠦᠯᠬᠦ ᠬᠦᠴᠦᠯᠡᠴᠡ ᠪᠡᠨ ᠨᠡᠮᠡᠭᠳᠡᠭᠦᠯᠬᠦ ᠪᠡᠷ ᠰᠢᠢᠳᠪᠡ᠃
ᠦᠨᠡᠯᠡᠬᠦ 0ᠦᠨᠡᠯᠡᠯᠲᠡ᠎ᠲᠠᠢ