ᠣᠷᠳᠤᠰ ᠬᠣᠲᠠ ᠵᠢᠨ ᠬᠤᠶᠠᠷ ᠱᠠᠲᠤᠨ ᠤ᠋ ᠰᠢᠭᠦᠬᠦ ᠬᠣᠷᠢᠶ᠎ᠠ︽ ᠲᠠᠯ᠎ᠠ ᠵᠢᠨ ᠪᠦᠷᠭᠦᠳ 2021︾ ᠲᠥᠪᠯᠡᠷᠡᠭᠦᠯᠦᠨ ᠬᠡᠷᠡᠭᠵᠢᠭᠦᠯᠬᠦ ᠠᠵᠢᠯᠯᠠᠭ᠎ᠠ ᠵᠢ ᠥᠷᠨᠢᠭᠦᠯᠪᠡ
2021.10.29 ᠲᠣᠰ ᠥᠷᠲᠡᠭᠡᠨ ᠦ ᠨᠠᠢᠷᠠᠭᠤᠯᠤᠭᠴᠢ

     ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠭᠦᠨᠵᠡᠭᠡᠢ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ︽ ᠲᠠᠯ᠎ᠠ  ᠵᠢᠨ  ᠪᠦᠷᠭᠦᠳ 2021 ︾ ᠶ᠋ᠢ ᠲᠥᠪᠯᠡᠷᠡᠭᠦᠯᠦᠨ ᠬᠡᠷᠡᠭᠵᠢᠭᠦᠯᠬᠦ ᠠᠵᠢᠯᠯᠠᠭ᠎ᠠ ᠶ᠋ᠢ ᠥᠷᠨᠢᠭᠦᠯᠬᠦ ᠲᠤᠬᠠᠢ ᠠᠵᠢᠯ ᠤ᠋ᠨ ᠪᠠᠢᠷᠢᠯᠠᠭᠤᠯᠤᠯᠲᠠ ᠶ᠋ᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢᠨ ᠲᠤᠰᠠᠳᠠ ᠂ 10 ᠰᠠᠷ᠎ᠠ ᠶ᠋ᠢᠨ 19 ᠦ᠌ ᠣᠷᠣᠢ᠂ᠣᠷᠳᠤᠰ ᠬᠣᠲᠠ ᠵᠢᠨ  ᠬᠣᠶᠠᠷ ᠱᠠᠲᠤᠨ ᠤ᠋ ᠰᠢᠭᠦᠬᠦ  ︽ ᠲᠠᠯ᠎ᠠ  ᠵᠢᠨ ᠪᠦᠷᠭᠦᠳ 2021 ︾ ᠵᠢ ᠲᠥᠪᠯᠡᠷᠡᠭᠦᠯᠦᠨ ᠬᠡᠷᠡᠭᠵᠢᠭᠦᠯᠬᠦ ᠠᠵᠢᠯᠯᠠᠭ᠎ᠠ ᠵᠢ ᠰᠡᠬᠦᠭᠰᠡᠨ ᠪᠠᠢᠨ᠎ᠠ᠃

 

    ᠪᠦᠬᠦ ᠭᠦᠢᠴᠡᠳᠬᠡᠬᠦ ᠺᠠᠲ᠋ᠷ ᠴᠠᠭᠳᠠᠭ᠎ᠠ  ᠨᠠᠷ ᠠᠵᠢᠯ ᠢ᠋ᠢᠡᠨ ᠪᠡᠶᠡᠯᠡᠭᠦᠯᠬᠦ ᠪᠡᠷ ᠪᠡᠯᠡᠬᠡᠨ ᠪᠣᠯᠵᠤ᠂ ᠮᠣᠷᠳᠠᠬᠤ ᠡᠴᠡ ᠪᠡᠨ ᠡᠮᠦᠨ᠎ᠡ ᠂ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠰᠢᠭᠦᠬᠦ ᠬᠣᠷᠢᠶᠠᠨ ᠤ᠋ ᠳᠠᠷᠤᠭ᠎ᠠ ᠂ ᠰᠦ᠍ ᠯᠢ ᠵᠢᠶᠦ᠋ᠨ ᠪᠦᠬᠦ ᠭᠦᠢᠴᠡᠳᠬᠡᠬᠦ ᠺᠠᠲ᠋ᠷ ᠴᠠᠭᠳᠠᠭ᠎ᠠ ᠵᠢᠨ ᠣᠯᠠᠨ ᠲᠦᠮᠡᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠪᠠᠲᠤᠯᠠᠬᠤ ᠶ᠋ᠢ ᠱᠠᠭᠠᠷᠳᠠᠪᠠ ᠃ 

 

 

    ᠪᠣᠯᠪᠠᠰᠤᠨ ᠢ᠋ᠶ᠋ᠠᠷ ᠭᠦᠢᠴᠡᠳᠬᠡᠬᠦ ᠣᠢᠯᠠᠭᠠᠭᠳᠠᠬᠤᠨ ᠢ᠋ ᠪᠠᠷᠢᠮᠲᠠᠯᠠᠵᠤ ᠬᠡᠷᠡᠭ ᠵᠠᠷᠭᠤ ᠶ᠋ᠢᠨ ᠲᠤᠬᠠᠢ ᠶ᠋ᠢᠨ ᠬᠥᠮᠦᠨ ᠲᠡᠢ ᠬᠠᠷᠢᠯᠴᠠᠵᠤ ᠰᠣᠯᠢᠯᠴᠠᠬᠤ ᠠᠷᠭ᠎ᠠ ᠬᠡᠯᠪᠡᠷᠢ ᠪᠡᠷ ᠪᠣᠳᠠᠲᠠᠢ ᠠᠵᠢᠯᠯᠠᠭ᠎ᠠ ᠪᠠᠷ ᠢ᠋ᠶ᠋ᠠᠨ ᠬᠠᠤᠯᠢ ᠴᠠᠭᠠᠵᠠ ᠶ᠋ᠢᠨ ᠥᠨᠳᠥᠷᠴᠡ ᠶ᠋ᠢ ᠢᠯᠡᠷᠡᠭᠦᠯᠵᠦ ᠪᠣᠢ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠪᠣᠯᠤᠨ ᠬᠡᠷᠡᠭ ᠦ᠋ᠨ ᠲᠤᠬᠠᠢ ᠶ᠋ᠢᠨ ᠬᠥᠮᠦᠨ ᠲᠡᠢ ᠬᠠᠷᠢᠯᠴᠠᠬᠤ ᠪᠦᠬᠦ ᠶᠠᠪᠤᠴᠠ ᠳ᠋ᠤ᠌ ᠬᠤᠪᠢ ᠬᠥᠮᠦᠨ ᠦ᠌ ᠰᠡᠷᠭᠡᠢᠯᠡᠨ ᠬᠠᠮᠠᠭᠠᠯᠠᠬᠤ ᠠᠵᠢᠯ ᠢ᠋ ᠰᠠᠢᠲᠤᠷ ᠬᠢᠵᠦ ᠂  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠪᠠ ᠭᠦᠢᠴᠡᠳᠬᠡᠬᠦ ᠠᠵᠢᠯ ᠢ᠋ ᠬᠣᠶᠠᠷ ᠲᠠᠯ᠎ᠠ ᠪᠠᠷ ᠠᠳᠬᠤᠬᠤ ᠂ ᠬᠣᠶᠠᠷ ᠲᠠᠯ᠎ᠠ ᠪᠠᠷ ᠦᠯᠦ ᠰᠠᠭᠠᠲᠠᠭᠤᠯᠬᠤ ᠶ᠋ᠢ ᠦᠨᠡᠨᠬᠦ ᠪᠠᠲᠤᠯᠠᠬᠤ ᠬᠡᠷᠡᠭᠲᠡᠢ  ᠬᠡᠮᠡᠨ ᠱᠠᠭᠠᠷᠳᠠᠭᠰᠠᠨ ᠪᠠᠢᠨ᠎ᠠ᠃

 

 

    ︽ᠲᠠᠯ᠎ᠠ ᠶ᠋ᠢᠨ  ᠪᠦᠷᠭᠦᠳ 2021 ︾ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠡᠬᠢᠯᠡᠭᠰᠡᠨ ᠲᠤᠬᠠᠢ ᠶ᠋ᠢᠨ ᠡᠳᠦᠷ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠨᠡᠢᠲᠡ 412 ᠬᠥᠮᠦᠨ ᠤᠳᠠᠭ᠎ᠠ ᠴᠠᠭᠳᠠᠭᠠᠨ ᠤ᠋ ᠬᠦᠴᠦᠨ ᠳᠡᠯᠭᠡᠵᠦ᠂ 106 ᠤᠳᠠᠭ᠎ᠠ  ᠲᠡᠷᠭᠡ ᠬᠥᠳᠡᠯᠭᠡᠵᠦ᠂134  ᠶ᠋ᠢ ᠭᠦᠢᠴᠡᠳᠬᠡᠨ ᠳᠠᠭᠤᠰᠭᠠᠵᠤ᠂ 5179.5 ᠲᠦᠮᠡᠨ ᠲᠥᠭᠥᠷᠢᠭ  ᠭᠦᠢᠴᠡᠳᠭᠡᠵᠦ ᠂17 ᠬᠥᠮᠦᠨ ᠢ᠋ ᠪᠠᠷᠢᠪᠴᠢᠯᠠᠵᠤ᠂7 ᠬᠥᠮᠦᠨ ᠢ᠋ ᠲᠦᠷ  ᠬᠣᠷᠢᠵᠤ᠂7 ᠭᠡᠷ  ᠪᠠᠢᠰᠢᠩ ᠢ᠋ ᠠᠯᠪᠠᠲᠠᠨ ᠰᠤᠯᠠᠯᠠᠨ ᠪᠤᠴᠠᠭᠠᠪᠠ᠃ ᠭᠦᠢᠴᠡᠳᠭᠡᠯ ᠤ᠋ᠨ ᠦᠷ᠎ᠡ ᠪᠦᠲᠦᠮᠵᠢ ᠮᠠᠰᠢ ᠰᠠᠢᠨ  ᠦᠷ᠎ᠡ ᠳ᠋ᠦᠩ ᠢ᠋ ᠣᠯᠤᠭᠰᠠᠨ ᠶᠤᠮ᠃

    ᠲᠤᠰ ᠤᠳᠠᠭ᠎ᠠ ᠶ᠋ᠢᠨ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠶ᠋ᠢᠨ ᠠᠩᠬᠠᠨ ᠤ᠋ ᠲᠡᠢᠨ ᠳ᠋ᠦ᠍ ᠢᠯᠠᠯᠲᠠ ᠣᠯᠤᠭᠰᠠᠨ ᠨᠢ ᠭᠦᠢᠴᠡᠳᠬᠡᠬᠦ ᠰᠦᠷ ᠬᠦᠴᠦᠨ᠂ ᠭᠦᠢᠴᠡᠳᠬᠡᠬᠦ ᠰᠦᠷᠳᠡᠭᠦᠯᠬᠦ ᠬᠦᠴᠦᠨ ᠢ᠋ ᠪᠦᠷᠢᠯᠳᠦᠭᠦᠯᠦᠨ᠂  ︽ᠯᠠᠶᠢ᠍ᠮᠤᠤᠷ︾ ᠳ᠋ᠤ ᠢᠯᠡᠳᠲᠡ ᠰᠦᠷᠳᠡᠭᠦᠯᠬᠦ ᠦᠢᠯᠡᠳᠦᠯ ᠭᠠᠷᠭᠠᠵᠤ᠂ ᠪᠣᠭᠣᠮᠲᠠ ᠰᠢᠪᠲᠤᠯᠬᠤ ᠠᠵᠢᠯ ᠢ᠋ ᠭᠦᠢᠴᠡᠳᠬᠡᠬᠦ ᠳ᠋ᠦ᠍ ᠰᠠᠢᠨ ᠰᠠᠢᠬᠠᠨ ᠨᠡᠢᠭᠡᠮ ᠦ᠋ᠨ ᠠᠭᠤᠷ ᠠᠮᠢᠰᠬᠤᠯ ᠢ᠋ ᠪᠣᠢ  ᠪᠣᠯᠭᠠᠵᠤ ᠥᠭᠪᠡ᠃ ᠳᠠᠷᠠᠭᠠᠴᠢ ᠶ᠋ᠢᠨ ᠠᠯᠬᠤᠮ ᠳ᠋ᠤ᠌ ᠪᠥᠬᠥ ᠬᠣᠲᠠ ᠶ᠋ᠢᠨ ᠰᠢᠭᠦᠬᠦ ᠬᠣᠷᠢᠶ᠎ᠠ ᠦᠷᠭᠦᠯᠵᠢᠯᠡᠨ ᠬᠦᠴᠦ ᠪᠡᠨ ᠲᠥᠪᠯᠡᠷᠡᠭᠦᠯᠦᠨ ᠪᠣᠭᠣᠮᠲᠠ ᠰᠢᠪᠲᠤᠯᠬᠤ ᠶ᠋ᠢ ᠥᠷᠨᠢᠭᠦᠯᠵᠦ ᠂ ᠭᠦᠢᠴᠡᠳᠬᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶ᠋ᠢ ᠨᠡᠩ ᠥᠨᠳᠥᠷ ᠪᠠᠷᠢᠮᠵᠢᠶ᠎ᠠ  ᠲᠠᠢ᠂ ᠨᠡᠩ ᠴᠢᠩᠭ᠎ᠠ ᠱᠠᠭᠠᠷᠳᠠᠯᠭ᠎ᠠ ᠲᠠᠢ ᠂ ᠨᠡᠩ ᠪᠣᠳᠠᠲᠠᠢ ᠠᠷᠭ᠎ᠠ ᠠᠪᠴᠠᠯ ᠢ᠋ᠶ᠋ᠠᠷ ᠭᠦᠢᠴᠡᠳᠬᠡᠬᠦ ᠠᠵᠢᠯ ᠤ᠋ᠨ ᠦᠷ᠎ᠡ ᠪᠦᠲᠦᠮᠵᠢ ᠶ᠋ᠢ ᠦᠷᠭᠦᠯᠵᠢᠯᠡᠨ ᠥᠷᠭᠡᠳᠬᠡᠵᠦ ᠪᠣᠳᠠᠲᠠᠢ ᠦᠷ᠎ᠡ ᠪᠦᠲᠦᠮᠵᠢ ᠪᠡᠷ ᠠᠷᠠᠳ ᠣᠯᠠᠨ ᠤ᠋ ᠭᠦᠢᠴᠡᠳᠬᠡᠬᠦ ᠠᠵᠢᠯ ᠤ᠋ᠨ ᠰᠢᠨ᠎ᠡ ᠱᠠᠭᠠᠷᠳᠠᠯᠭ᠎ᠠ ᠂ ᠰᠢᠨ᠎ᠡ ᠬᠦᠰᠡᠯ ᠡᠷᠡᠮᠡᠯᠵᠡᠯ ᠳ᠋ᠦ᠍ ᠬᠠᠷᠢᠭᠤ  ᠥᠭᠬᠦ ᠪᠡᠷ ᠪᠡᠯᠡᠬᠡᠨ ᠪᠣᠯᠤᠭᠰᠠᠨ ᠪᠠᠢᠨ᠎ᠠ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )