ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠭᠦᠢᠴᠡᠳᠬᠡᠬᠦ ᠠᠵᠢᠯ ᠤ᠋ᠨ ᠲᠦᠯᠬᠢᠨ ᠠᠬᠢᠭᠤᠯᠬᠤ ᠬᠤᠷᠠᠯ ᠢ᠋ ᠬᠤᠷᠠᠯᠳᠤᠭᠤᠯᠪᠠ
2021.10.29 ᠲᠣᠰ ᠥᠷᠲᠡᠭᠡᠨ᠎ᠦ ᠨᠠᠢᠷᠠᠭᠤᠯᠤᠭᠴᠢ

     ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠭᠦᠢᠴᠡᠳᠬᠡᠬᠦ ᠠᠵᠢᠯ ᠤ᠋ᠨ ᠶᠠᠰᠤ ᠴᠢᠨᠠᠷ ᠦᠷ᠎ᠡ ᠠᠰᠢᠭ ᠢ᠋ ᠤᠯᠠᠮ ᠨᠢᠭᠡ ᠠᠯᠬᠤᠮ ᠳᠡᠭᠡᠭᠰᠢᠯᠡᠭᠦᠯᠬᠦ ᠶ᠋ᠢᠨ ᠲᠥᠯᠥᠭᠡ 10 ᠰᠠᠷ᠎ᠠ ᠶ᠋ᠢᠨ 12 ᠤ᠋ ᠦᠳᠡ ᠶ᠋ᠢᠨ ᠬᠣᠢᠨ᠎ᠠ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠭᠦᠢᠴᠡᠳᠬᠡᠬᠦ ᠠᠵᠢᠯ ᠤ᠋ᠨ ᠠᠬᠢᠭᠤᠯᠬᠤ ᠬᠤᠷᠠᠯ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ  ᠭᠡᠰᠢᠭᠦᠨ ᠸᠠᠩ ᠯᠢᠶᠠᠩ ᠬᠤᠷᠠᠯ ᠢ᠋ ᠡᠷᠬᠢᠯᠡᠪᠡ᠃

     

     ᠬᠤᠷᠠᠯ ᠳ᠋ᠤ 2021 ᠣᠨ ᠤ᠋ 10 ᠰᠠᠷ᠎ᠠ ᠶ᠋ᠢᠨ 12 ᠤ᠋ ᠡᠳᠦᠷ ᠪᠣᠯᠲᠠᠯ᠎ᠠ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠶᠠᠰᠤ ᠴᠢᠨᠠᠷ ᠪᠠ ᠦᠷ᠎ᠡ ᠪᠦᠲᠦᠮᠵᠢ ᠶ᠋ᠢᠨ ᠭᠦᠢᠴᠡᠳᠬᠡᠬᠦ ᠲᠣᠭ᠎ᠠ ᠶ᠋ᠢ ᠪᠡᠶᠡᠯᠡᠭᠦᠯᠦᠭᠰᠡᠨ ᠪᠠᠢᠳᠠᠯ ᠵᠢᠴᠢ ᠪᠦᠬᠦ ᠣᠷᠣᠨ ᠂ ᠪᠥᠬᠥ ᠬᠣᠲᠠ ᠳ᠋ᠤ᠌ ᠵᠢᠭᠰᠠᠭᠠᠭᠰᠠᠨ ᠪᠠᠢᠳᠠᠯ ᠤ᠋ᠨ ᠲᠤᠬᠠᠢ ᠵᠠᠳᠠᠯᠤᠭᠠᠳ ᠣᠳᠣᠬᠠᠨ ᠤ᠋ ᠬᠡᠷᠡᠭᠵᠢᠭᠦᠯᠬᠦ ᠠᠵᠢᠯ ᠳ᠋ᠤ᠌ ᠣᠷᠣᠰᠢᠵᠤ ᠪᠠᠢᠭ᠎ᠠ ᠳᠣᠪᠣᠢᠮ᠎ᠠ ᠠᠰᠠᠭᠤᠳᠠᠯ ᠢ᠋ ᠵᠠᠳᠠᠯᠤᠨ ᠰᠢᠨᠵᠢᠯᠡᠭᠡᠳ ᠳᠠᠷᠠᠭᠠᠴᠢ ᠶ᠋ᠢᠨ ᠠᠯᠬᠤᠮ ᠤ᠋ᠨ ᠴᠡᠭᠴᠡᠯᠡᠨ ᠥᠭᠡᠷᠡᠴᠢᠯᠡᠬᠦ ᠰᠠᠨᠠᠭᠤᠯᠭ᠎ᠠ ᠳᠤᠷᠠᠳᠤᠭᠰᠠᠨ ᠪᠠᠢᠨ᠎ᠠ ᠃ ᠪᠦᠬᠦ ᠲᠣᠭᠠᠨ ᠤ᠋ ᠬᠠᠤᠯᠢ ᠶ᠋ᠢᠨ ᠲᠤᠰᠢᠶᠠᠯᠲᠠᠨ ᠲᠤᠰ ᠲᠤᠰ ᠤ᠋ᠨ ᠶᠠᠰᠤ ᠴᠢᠨᠠᠷ ᠪᠠ ᠦᠷ᠎ᠡ ᠠᠰᠢᠭ ᠤ᠋ᠨ ᠭᠦᠢᠴᠡᠳᠬᠡᠬᠦ ᠲᠣᠭ᠎ᠠ ᠶ᠋ᠢ ᠭᠦᠢᠴᠡᠳᠬᠡᠭᠰᠡᠨ ᠪᠠᠢᠳᠠᠯ ᠂ ᠣᠳᠣᠬᠠᠨ ᠤ᠋ ᠠᠵᠢᠯ ᠤ᠋ᠨ ᠳᠤᠮᠳᠠ ᠣᠷᠣᠰᠢᠵᠤ ᠪᠠᠢᠭ᠎ᠠ ᠠᠰᠠᠭᠤᠳᠠᠯ ᠵᠢᠴᠢ ᠬᠣᠢᠰᠢᠳᠠ ᠶ᠋ᠢᠨ ᠭᠦᠢᠴᠡᠳᠬᠡᠬᠦ ᠠᠵᠢᠯ ᠢ᠋ ᠥᠷᠨᠢᠭᠦᠯᠬᠦ ᠰᠡᠳᠬᠢᠴᠡ ᠶ᠋ᠢᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠦᠭᠡ ᠶᠠᠷᠢᠶ᠎ᠠ ᠨᠢᠭᠡᠳ ᠨᠢᠭᠡ ᠪᠡᠷ ᠨᠠᠷᠢᠨ ᠪᠣᠳᠠᠲᠠᠢ ᠳᠠᠷᠤᠵᠤ ᠬᠡᠷᠡᠭ ᠰᠢᠢᠳᠪᠦᠷᠢᠯᠡᠬᠦ ᠬᠠᠷᠢᠭᠤᠴᠠᠯᠭ᠎ᠠ ᠶ᠋ᠢ ᠲᠣᠳᠣᠷᠬᠠᠢ ᠠᠵᠢᠯ ᠤ᠋ᠨ ᠪᠠᠢᠷᠢ ᠳ᠋ᠤ᠌ ᠬᠦᠷᠲᠡᠯ᠎ᠡ ᠨᠠᠢᠳᠠᠪᠤᠷᠢᠵᠢᠭᠤᠯᠬᠤ ᠶ᠋ᠢ ᠪᠠᠲᠤᠯᠠᠪᠠ ᠃

    ᠬᠤᠷᠠᠯ ᠠ᠋ᠴᠠ ᠴᠢᠩᠭᠠᠳᠭᠠᠭᠰᠠᠨ ᠨᠢ ᠂ ᠪᠦᠬᠦ ᠭᠦᠢᠴᠡᠳᠬᠡᠬᠦ ᠺᠠᠲ᠋ᠷ ᠴᠠᠭᠳᠠᠭ᠎ᠠ ᠨᠠᠷ ᠢᠲᠡᠭᠡᠯ ᠵᠣᠷᠢᠭ ᠢ᠋ᠶ᠋ᠠᠨ ᠪᠠᠳᠠᠷᠠᠭᠤᠯᠵᠤ ᠂ ᠰᠠᠨᠠᠭᠠᠴᠢᠯᠠᠭ᠎ᠠ ᠲᠠᠢ ᠪᠠᠷ ᠡᠭᠦᠷᠭᠡᠯᠡᠨ ᠂ ᠢᠳᠡᠪᠬᠢᠲᠡᠢ ᠪᠡᠷ ᠡᠯ᠎ᠡ ᠪᠦᠯᠬᠦᠮ ᠨᠢᠭᠡᠴᠡ ᠶ᠋ᠢᠨ ᠬᠣᠭᠣᠷᠣᠨᠳᠣ ᠪᠠᠨ ᠶᠡᠬᠡ ᠲᠠᠯ᠎ᠠ ᠶ᠋ᠢᠨ ᠤᠬᠠᠮᠰᠠᠷ ᠂ 《ᠨᠢᠭᠡ ᠬᠥᠯᠭᠡ ᠵᠢᠨ ᠰᠢᠳᠡᠷ᠎ᠡ》 ᠶ᠋ᠢᠨ ᠤᠬᠠᠮᠰᠠᠷ ᠢ᠋ ᠪᠣᠢ ᠪᠣᠯᠭᠠᠵᠤ ᠂ ᠬᠠᠷᠢᠯᠴᠠᠨ ᠬᠠᠮᠵᠢᠯᠴᠠᠵᠤ ᠂ ᠶᠠᠰᠤ ᠴᠢᠨᠠᠷ ᠦᠷ᠎ᠡ ᠠᠰᠢᠭ ᠤ᠋ᠨ ᠭᠦᠢᠴᠡᠳᠬᠡᠯ ᠲᠣᠭ᠎ᠠ ᠶ᠋ᠢ ᠴᠢᠷᠮᠠᠢᠨ ᠳᠡᠭᠡᠭᠰᠢᠯᠡᠭᠦᠯᠬᠦ ᠬᠡᠷᠡᠭᠲᠡᠢ ᠃

        ᠰᠦ᠍ ᠯᠢ ᠵᠢᠶᠦ᠋ᠨ  ᠴᠢᠬᠤᠯᠠᠴᠢᠯᠠᠬᠤ ᠳ᠋ᠤ᠌ ᠪᠠᠨ᠂ ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ ᠃ ᠪᠦᠬᠦ ᠭᠦᠢᠴᠡᠳᠬᠡᠬᠦ ᠺᠠᠲ᠋ᠷ ᠴᠠᠭᠳᠠᠭ᠎ᠠ ᠴᠠᠭ ᠢᠮᠠᠭᠲᠠ  ᠴᠢᠷᠮᠠᠢᠨ ᠠᠵᠢᠯᠯᠠᠵᠤ᠂  ︽3+1︾ ᠵᠢᠨ ᠥᠨᠳᠥᠷ ᠪᠠᠷᠢᠮᠵᠢᠶ᠎ᠠ ᠪᠠᠷ ᠠᠵᠢᠯᠯᠠᠬᠤ ᠶ᠋ᠢ ᠠᠬᠢᠭᠤᠯᠵᠤ ᠂ ᠡᠯ᠎ᠡ ᠵᠦᠢᠯ ᠦ᠋ᠨ ᠠᠵᠢᠯ ᠤ᠋ᠨ ᠡᠭᠦᠷᠭᠡ ᠶ᠋ᠢ ᠪᠦᠬᠦ ᠬᠦᠴᠦᠨ ᠢ᠋ᠶ᠋ᠡᠷ ᠢ᠋ᠶ᠋ᠡᠨ ᠪᠡᠶᠡᠯᠡᠭᠦᠯᠦᠨ᠎ᠡ ᠃  ᠬᠤᠶᠠᠷ ᠲᠤ᠂ ᠡᠭᠦᠷᠭᠡᠯᠡᠬᠦ ᠶ᠋ᠢ ᠴᠢᠩᠭᠠᠳᠬᠠᠵᠤ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢ  ᠠᠬᠢᠭᠤᠯᠤᠨ᠂ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠭᠦᠢᠴᠡᠳᠬᠡᠬᠦ ᠠᠵᠢᠯ ᠳ᠋ᠤ᠌ ᠬᠢᠨᠠᠯᠲᠠ ᠲᠠᠯᠪᠢᠵᠤ ᠵᠢᠯᠣᠭᠣᠳᠬᠤ ᠪᠠᠨ ᠴᠢᠩᠭᠠᠳᠬᠠᠬᠤ ᠬᠡᠷᠡᠭᠲᠡᠢ ᠃ 《ᠬᠠᠳᠠᠭᠠᠰᠤ ᠬᠠᠳᠠᠬᠤ》 ᠵᠣᠷᠢᠭ ᠰᠠᠨᠠᠭ᠎ᠠ ᠶ᠋ᠢ ᠪᠠᠳᠠᠷᠠᠭᠤᠯᠵᠤ ᠂ ᠭᠦᠢᠴᠡᠳᠬᠡᠬᠦ ᠬᠦᠴᠦᠯᠡᠴᠡ ᠪᠡᠨ ᠨᠡᠮᠡᠭᠳᠡᠭᠦᠯᠦᠨ ᠥᠨᠳᠥᠷ ᠳᠠᠷᠤᠯᠲᠠ ᠵᠢᠨ ᠭᠦᠢᠴᠡᠳᠬᠡᠬᠦ ᠪᠠᠢᠳᠠᠯ ᠳᠣᠣᠷ᠎ᠠ ᠂ ᠭᠦᠢᠴᠡᠳᠬᠡᠬᠦ ᠠᠵᠢᠯ ᠤ᠋ᠨ ᠴᠢᠨᠠᠷ ᠴᠢᠨᠰᠠᠭ᠎ᠠ ᠪᠠ ᠰᠢᠨ᠎ᠡ ᠨᠢᠭᠡᠨ ᠳᠡᠭᠲᠡᠷ ᠲᠦ᠍ ᠭᠠᠷᠬᠤ ᠶ᠋ᠢ ᠬᠠᠮᠲᠤᠪᠠᠷ ᠠᠬᠢᠭᠤᠯᠤᠨ᠎ᠠ ᠃ ᠭᠤᠷᠪᠠ ᠳ᠋ᠤ᠌᠂ ᠠᠵᠢᠯ ᠤ᠋ᠨ ᠭᠣᠣᠯᠳᠠᠯᠭ᠎ᠠ ᠶ᠋ᠢ ᠡᠵᠡᠮᠳᠡᠵᠦ ᠨᠢᠭᠡᠳᠦᠯᠲᠡᠢ ᠲᠥᠯᠥᠪᠯᠡᠨ ᠨᠡᠢᠲᠡ ᠳ᠋ᠦ᠍ᠨᠢ ᠬᠠᠷᠠᠭᠠᠯᠵᠠᠬᠤ ᠠᠵᠢᠯ ᠢ᠋ ᠴᠢᠩᠭᠠᠳᠬᠠᠨ᠎ᠠ ᠃ ᠭᠦᠢᠴᠡᠳᠬᠡᠭᠴᠢ ᠶ᠋ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠬᠢᠷᠠᠭᠤᠯᠵᠤ ᠂ ᠠᠵᠢᠯ ᠤ᠋ᠨ ᠪᠠᠢᠷᠢ ᠶ᠋ᠢᠨ ᠡᠭᠦᠷᠭᠡ ᠬᠠᠷᠢᠭᠤᠴᠠᠯᠭ᠎ᠠ ᠶ᠋ᠢ ᠰᠢᠯᠤᠭᠤᠳᠬᠠᠨ ᠂ ᠠᠵᠢᠯᠲᠠᠨ ᠢ᠋ ᠰᠢᠯᠢᠳᠡᠭᠴᠢᠯᠡᠨ ᠬᠤᠪᠢᠶᠠᠷᠢᠯᠠᠵᠤ ᠬᠤᠪᠢ ᠬᠥᠮᠦᠨ ᠦ᠌ ᠠᠵᠢᠯ ᠤ᠋ᠨ ᠬᠤᠪᠢᠶᠠᠷᠢᠯᠠᠯ ᠲᠣᠳᠣᠷᠬᠠᠢ ᠪᠣᠯᠭᠠᠬᠤ ᠬᠡᠷᠡᠭᠲᠡᠢ ᠃ ᠰᠢᠨᠵᠢᠯᠡᠬᠦ ᠤᠬᠠᠭᠠᠨᠴᠢ ᠪᠣᠳᠠᠲᠠᠢ ᠠᠵᠢᠯ ᠤ᠋ᠨ ᠲᠥᠰᠦᠯ ᠲᠣᠭᠲᠠᠭᠠᠵᠤ ᠴᠠᠭ ᠤ᠋ᠨ ᠬᠦᠰᠦᠨᠦᠭᠲᠦ ᠪᠠ ᠱᠤᠭᠤᠮ ᠤ᠋ᠨ ᠵᠢᠷᠤᠭ ᠢ᠋ ᠲᠣᠳᠣᠷᠬᠠᠢ ᠲᠣᠭᠲᠠᠭᠠᠵᠤ ᠠᠵᠢᠯ ᠤ᠋ᠨ ᠡᠭᠦᠷᠭᠡ ᠪᠡᠨ ᠲᠣᠭᠲᠠᠭᠰᠠᠨ ᠬᠤᠭᠤᠴᠠᠭᠠᠨ ᠳ᠋ᠤ᠌ ᠪᠡᠶᠡᠯᠡᠭᠦᠯᠬᠦ ᠶ᠋ᠢ ᠪᠠᠲᠤᠯᠠᠬᠤ ᠬᠡᠷᠡᠭᠲᠡᠢ ᠃ ᠭᠦᠢᠴᠡᠳᠬᠡᠬᠦ ᠶ᠋ᠢ ᠵᠢᠯᠣᠭᠣᠳᠬᠤ ᠲᠥᠪ ᠦ᠋ᠨ ᠪᠣᠳᠠᠲᠤ ᠴᠣᠭᠴᠠ ᠶ᠋ᠢᠨ ᠠᠵᠢᠯᠯᠠᠭᠠᠨ ᠤ᠋ ᠬᠢᠷᠢ ᠬᠡᠮᠵᠢᠶ᠎ᠡ ᠶ᠋ᠢ ᠳᠡᠭᠡᠭᠰᠢᠯᠡᠭᠦᠯᠵᠦ ᠂ ᠭᠦᠢᠴᠡᠳᠬᠡᠬᠦ ᠳ᠋ᠦ᠍ ᠳᠥᠭᠥᠮ ᠬᠡᠷᠡᠭ ᠢ᠋ ᠴᠠᠭ ᠲᠤᠬᠠᠢ ᠳ᠋ᠤᠨᠢ ᠰᠢᠯᠢᠨ ᠰᠣᠩᠭᠣᠵᠤ ᠲᠥᠷᠥᠯ ᠬᠤᠪᠢᠶᠠᠨ ᠂ ᠳᠥᠭᠥᠮᠴᠢᠯᠡᠭᠰᠡᠨ ᠵᠢᠷᠤᠮ ᠢ᠋ ᠲᠦᠷᠭᠡᠨ ᠰᠢᠢᠳᠪᠦᠷᠢᠯᠡᠵᠦ ᠬᠡᠷᠡᠭ ᠭᠦᠢᠴᠡᠳᠬᠡᠬᠦ ᠡᠭᠡᠯᠵᠢᠲᠦ ᠬᠤᠭᠤᠴᠠᠭ᠎ᠠ ᠶ᠋ᠢ ᠪᠣᠭᠣᠨᠢᠰᠭᠠᠵᠠᠢ ᠃ ᠳᠥᠷᠪᠡ ᠳ᠋ᠦ᠍ ᠴᠢᠩᠭ᠎ᠠ ᠬᠠᠮᠢᠶᠠᠷᠤᠯᠲᠠ ᠶ᠋ᠢ ᠪᠠᠷᠢᠮᠲᠠᠯᠠᠵᠤ ᠂ ᠠᠷᠢᠭᠤᠨ ᠴᠢᠬᠡᠴᠢ ᠶ᠋ᠢᠨ ᠤᠬᠠᠮᠰᠠᠷ ᠢ᠋ᠶ᠋ᠠᠨ ᠴᠢᠩᠭᠠᠳᠬᠠᠶ᠎ᠠ ᠪᠦᠬᠦ ᠭᠦᠢᠴᠡᠳᠬᠡᠬᠦ ᠺᠠᠲ᠋ᠷ ᠴᠠᠭᠳᠠᠭ᠎ᠠ ᠶ᠋ᠢ ᠬᠥᠮᠦᠵᠢᠭᠦᠯᠵᠦ ᠬᠥᠲᠥᠯᠦᠨ ᠵᠢᠯᠣᠭᠣᠳᠴᠤ ᠪᠠᠢᠭᠠᠳ ᠬᠠᠤᠯᠢ ᠰᠠᠬᠢᠯᠭ᠎ᠠ ᠶ᠋ᠢᠨ ᠤᠬᠠᠮᠰᠠᠷ ᠂ ᠵᠢᠷᠤᠮ ᠤ᠋ᠨ ᠤᠬᠠᠮᠰᠠᠷ ᠂ ᠨᠠᠭᠠᠳᠤ ᠵᠠᠬ᠎ᠠ ᠶ᠋ᠢᠨ ᠱᠤᠭᠤᠮ ᠤ᠋ᠨ ᠦᠵᠡᠯ ᠤᠬᠠᠮᠰᠠᠷ ᠢ᠋ ᠨᠢ ᠦᠨᠡᠨᠬᠦ ᠴᠢᠩᠭᠠᠷᠠᠭᠤᠯᠵᠤ ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠠᠵᠢᠯ ᠤ᠋ᠨ ᠰᠠᠬᠢᠯᠭ᠎ᠠ ᠪᠠᠲᠤ ᠶ᠋ᠢ ᠦᠯᠦ ᠵᠥᠷᠢᠴᠡᠬᠦ ᠂ ᠲᠣᠭᠲᠠᠭᠠᠯ ᠢ᠋ ᠦᠯᠦ ᠵᠥᠷᠢᠴᠡᠬᠦ ᠂ ᠣᠪᠣᠷ ᠰᠤᠷᠲᠠᠯ ᠢ᠋ ᠡᠩᠨᠡᠭᠡ ᠡᠴᠡ ᠪᠡᠨ ᠳᠠᠪᠠᠭᠤᠯᠬᠤ ᠦᠭᠡᠢ ᠪᠠᠢᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃ ᠲᠠᠪᠤ ᠳ᠋ᠤ᠌ ᠭᠦᠢᠴᠡᠳᠬᠡᠬᠦ ᠶᠠᠪᠤᠴᠠ ᠶ᠋ᠢ ᠳᠦᠷᠢᠮᠵᠢᠭᠦᠯᠵᠦ ᠬᠡᠷᠡᠭ ᠦ᠋ᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠪᠡ ᠃ ᠭᠦᠢᠴᠡᠳᠬᠡᠬᠦ ᠳ᠋ᠦ᠍ ᠬᠢᠨᠠᠯᠲᠠ ᠲᠠᠯᠪᠢᠬᠤ ᠪᠠᠨ ᠴᠢᠩᠭᠠᠳᠬᠠᠵᠤ ᠭᠦᠢᠴᠡᠳᠬᠡᠬᠦ ᠳᠡᠰ ᠳᠠᠷᠠᠭᠠᠯᠠᠯ ᠤ᠋ᠨ ᠡᠯ᠎ᠡ ᠭᠣᠭᠴᠣᠭ᠎ᠠ᠂ ᠴᠢᠬᠤᠯᠠ ᠭᠣᠭᠴᠣᠭ᠎ᠠ ᠶ᠋ᠢ ᠨᠠᠷᠢᠯᠢᠭᠵᠢᠭᠤᠯᠵᠤ᠂ ᠭᠦᠢᠴᠡᠳᠬᠡᠬᠦ ᠠᠵᠢᠯ ᠤ᠋ᠨ ᠤᠷᠲᠤ ᠬᠤᠭᠤᠴᠠᠭᠠᠨ ᠤ᠋ ᠪᠦᠲᠦᠮᠵᠢᠲᠡᠢ ᠲᠣᠭᠲᠠᠴᠠ ᠶ᠋ᠢ ᠪᠠᠢᠭᠤᠯᠤᠨ ᠪᠦᠷᠢᠨᠰᠢᠬᠦᠯᠵᠦ᠂ ᠭᠦᠢᠴᠡᠳᠬᠡᠬᠦ ᠠᠵᠢᠯ ᠢ᠋ ᠥᠨᠳᠥᠷ ᠪᠦᠲᠦᠮᠵᠢᠲᠡᠢ ᠡᠮᠬᠢ ᠳᠢᠭᠯᠢᠮ ᠲᠡᠢ ᠥᠷᠨᠢᠭᠦᠯᠬᠦ ᠶ᠋ᠢ ᠪᠦᠬᠦ ᠬᠦᠴᠦᠨ ᠢ᠋ᠶ᠋ᠡᠷ ᠢ᠋ᠶ᠋ᠡᠨ ᠠᠬᠢᠭᠤᠯᠬᠤ ᠬᠡᠷᠡᠭᠲᠡᠢ᠃ ᠵᠢᠷᠭᠤᠭ᠎ᠠ ᠳ᠋ᠤ᠌ ᠠᠵᠢᠯ ᠤ᠋ᠨ ᠬᠠᠷᠢᠭᠤᠴᠠᠯᠭ᠎ᠠ ᠶ᠋ᠢ ᠪᠣᠳᠠᠲᠠᠢ ᠨᠠᠢᠳᠠᠪᠤᠷᠢᠵᠢᠭᠤᠯᠵᠤ ᠭᠦᠢᠴᠡᠳᠬᠡᠬᠦ ᠠᠵᠢᠯ ᠤ᠋ᠨ ᠰᠢᠨ᠎ᠡ ᠪᠠᠢᠳᠠᠯ ᠢ᠋ ᠪᠣᠢ ᠪᠣᠯᠭᠠᠨ᠎ᠠ ᠃ ᠭᠦᠢᠴᠡᠳᠬᠡᠬᠦ ᠬᠡᠷᠡᠭ ᠪᠠ ᠪᠤᠰᠤᠳ ᠡᠭᠦᠷᠭᠡ ᠶ᠋ᠢ ᠭᠦᠢᠴᠡᠳᠬᠡᠬᠦ ᠪᠦᠯᠬᠦᠮ ᠨᠡᠢᠲᠡ ᠨᠢᠭᠡᠪᠦᠷᠢ᠂ ᠭᠦᠢᠴᠡᠳᠬᠡᠬᠦ ᠺᠠᠲ᠋ᠷ ᠴᠠᠭᠳᠠᠭ᠎ᠠ ᠨᠢᠭᠡᠪᠦᠷᠢ ᠳ᠋ᠦ᠍ ᠠᠵᠢᠯ ᠤ᠋ᠨ ᠡᠬᠡ ᠳᠠᠩᠰᠠ ᠪᠠᠢᠭᠤᠯᠬᠤ᠂ ᠭᠦᠢᠴᠡᠳᠬᠡᠬᠦ ᠡᠳᠦᠷ ᠦ᠋ᠨ ᠲᠡᠮᠳᠡᠭᠯᠡᠯ ᠴᠠᠭ ᠲᠤᠬᠠᠢ ᠳ᠋ᠤᠨᠢ ᠮᠥᠷᠳᠡᠨ ᠲᠣᠬᠢᠷᠠᠭᠤᠯᠬᠤ᠂ ᠰᠢᠮᠳᠠᠭᠤᠯᠤᠨ ᠪᠠᠢᠴᠠᠭᠠᠵᠤ ᠬᠢᠨᠠᠨ ᠵᠢᠯᠣᠭᠣᠳᠬᠤ ᠶ᠋ᠢ ᠭᠦᠢᠴᠡᠳᠬᠡᠬᠦ ᠠᠵᠢᠯ ᠤ᠋ᠨ ᠬᠢᠷᠢ ᠬᠡᠮᠵᠢᠶ᠎ᠡ ᠪᠡᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )