ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠠᠵᠢᠯ ᠢ᠋ ᠠᠬᠢᠭᠤᠯᠬᠤ ᠬᠤᠷᠠᠯ ᠵᠢᠴᠢ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠵᠠᠬᠢᠳᠠᠯ ᠰᠤᠷᠪᠤᠯᠵᠢᠯᠠᠭ᠎ᠠ ᠳ᠋ᠤ᠌ ᠬᠣᠯᠪᠣᠭᠳᠠᠭᠰᠠᠨ ᠬᠡᠷᠡᠭ ᠢ᠋ ᠰᠢᠢᠳᠪᠦᠷᠢᠯᠡᠬᠦ ᠠᠵᠢᠯ ᠤ᠋ᠨ ᠬᠤᠷᠠᠯ ᠬᠤᠷᠠᠯᠳᠤᠪᠠ
2021.10.29 ᠲᠣᠰ ᠥᠷᠲᠡᠭᠡᠨ᠎ᠦ ᠨᠠᠢᠷᠠᠭᠤᠯᠤᠭᠴᠢ

    ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠠᠵᠢᠯ ᠤ᠋ᠨ  ᠪᠦᠲᠦᠮᠵᠢᠲᠡᠢ ᠠᠵᠢᠯᠯᠠᠭᠤᠯᠤᠨ ᠂  ᠠᠵᠢᠯ ᠢ᠋ ᠤᠯᠠᠮ ᠨᠢᠭᠡ ᠠᠯᠬᠤᠮ ᠠᠬᠢᠭᠤᠯᠬᠤ ᠶ᠋ᠢᠨ ᠲᠥᠯᠥᠭᠡ 9 ᠰᠠᠷ᠎ᠠ ᠶ᠋ᠢᠨ 27 ᠤ᠋ ᠦᠳᠡ ᠶ᠋ᠢᠨ ᠬᠣᠢᠨ᠎ᠠ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠠᠵᠢᠯ ᠢ᠋ ᠠᠬᠢᠭᠤᠯᠬᠤ ᠬᠤᠷᠠᠯ ᠵᠢᠴᠢ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠭᠦᠢᠴᠡᠳᠬᠡᠬᠦ ᠳ᠋ᠦ᠍ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠢᠢᠳᠪᠦᠷᠢᠯᠡᠬᠦ ᠠᠵᠢᠯ ᠤ᠋ᠨ ᠬᠤᠷᠠᠯ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ  ᠭᠡᠰᠢᠭᠦᠨ ᠸᠠᠩ ᠯᠢᠶᠠᠩ ᠬᠤᠷᠠᠯ ᠳ᠋ᠤ᠌ ᠣᠷᠣᠯᠴᠠᠵᠤ ᠶᠠᠷᠢᠶ᠎ᠠ ᠲᠠᠯᠪᠢᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠲᠣᠪᠴᠢᠶᠠᠨ ᠤ᠋ ᠪᠦᠬᠦ ᠣᠷᠣᠨ ᠤ᠋ ᠰᠢᠭᠦᠬᠦ ᠲᠤᠰᠢᠶᠠᠯᠲᠠᠨ ᠂ ᠭᠦᠢᠴᠡᠳᠬᠡᠬᠦ ᠵᠢᠯᠣᠭᠣᠳᠬᠤ ᠲᠥᠪ ᠦ᠋ᠨ ᠠᠵᠢᠯᠲᠠᠨ ᠵᠢᠴᠢ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶᠠᠨ ᠤ᠋ ᠭᠦᠢᠴᠡᠳᠬᠡᠬᠦ ᠠᠵᠢᠯ ᠢ᠋ ᠬᠤᠪᠢᠳᠠᠨ ᠬᠠᠮᠢᠶᠠᠷᠴᠤ ᠪᠠᠢᠭ᠎ᠠ ᠳᠡᠳ᠋ ᠬᠣᠷᠢᠶᠠᠨ ᠳᠠᠷᠤᠭ᠎ᠠ ᠂ ᠭᠦᠢᠴᠡᠳᠬᠡᠬᠦ ᠲᠣᠪᠴᠢᠶᠠᠨ ᠤ᠋ ᠳᠠᠷᠤᠭ᠎ᠠ ᠬᠤᠷᠠᠯ ᠳ᠋ᠤ᠌ ᠣᠷᠣᠯᠴᠠᠵᠠᠢ ᠃

    

    ᠬᠤᠷᠠᠯ ᠳ᠋ᠤ 2021 ᠣᠨ ᠤ᠋ 9 ᠰᠠᠷ᠎ᠠ ᠶ᠋ᠢᠨ 27 ᠤ᠋ ᠡᠳᠦᠷ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠶᠠᠰᠤ ᠴᠢᠨᠠᠷ ᠦᠷ᠎ᠡ ᠪᠦᠲᠦᠮᠵᠢ ᠶ᠋ᠢᠨ ᠭᠦᠢᠴᠡᠳᠬᠡᠬᠦ ᠲᠣᠭ᠎ᠠ ᠶ᠋ᠢ ᠪᠡᠶᠡᠯᠡᠭᠦᠯᠦᠭᠰᠡᠨ ᠪᠠᠢᠳᠠᠯ ᠵᠢᠴᠢ ᠪᠥᠬᠥ ᠣᠷᠣᠨ ᠂ ᠪᠥᠬᠥ ᠬᠣᠲᠠ ᠶ᠋ᠢᠨ ᠨᠡᠷᠡᠰ ᠦ᠋ᠨ ᠵᠢᠭᠰᠠᠭᠠᠯᠲᠠ ᠶ᠋ᠢᠨ ᠪᠠᠢᠳᠠᠯ ᠢ᠋ ᠵᠠᠳᠠᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠠᠵᠢᠯ ᠳ᠋ᠤ᠌ ᠣᠷᠣᠰᠢᠵᠤ ᠪᠠᠢᠭ᠎ᠠ ᠨᠡᠢᠲᠡᠯᠢᠭ ᠴᠢᠨᠠᠷᠲᠠᠢ ᠠᠰᠠᠭᠤᠳᠠᠯ ᠢ᠋ ᠵᠠᠳᠠᠯᠵᠠᠢ ᠃ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶ᠎ᠠ ᠲᠤᠰ ᠲᠤᠰ ᠤ᠋ᠨ ᠪᠣᠳᠠᠲᠠᠢ ᠭᠦᠢᠴᠡᠳᠬᠡᠬᠦ ᠲᠣᠭ᠎ᠠ ᠶ᠋ᠢ ᠭᠦᠢᠴᠡᠳᠬᠡᠭᠰᠡᠨ ᠪᠠᠢᠳᠠᠯ ᠵᠢᠴᠢ ᠣᠷᠣᠰᠢᠵᠤ ᠪᠠᠢᠭ᠎ᠠ ᠠᠰᠠᠭᠤᠳᠠᠯ ᠢ᠋ᠶ᠋ᠠᠨ ᠨᠠᠷᠢᠨ ᠬᠢᠨᠠᠮᠠᠭᠠᠢ ᠬᠠᠷᠢᠭᠤ ᠮᠡᠳᠡᠭᠦᠯᠵᠦ ᠶᠠᠷᠢᠶ᠎ᠠ ᠲᠠᠯᠪᠢᠵᠠᠢ ᠃ ᠬᠤᠷᠠᠯ ᠠ᠋ᠴᠠ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠤᠷᠲᠤ ᠬᠤᠭᠤᠴᠠᠭ᠎ᠠ ᠪᠠᠷ ᠦᠯᠦ ᠰᠢᠢᠳᠪᠦᠷᠢᠯᠡᠭᠰᠡᠨ ᠬᠡᠷᠡᠭ ᠂ ᠵᠢᠵᠢᠭ᠌ ᠠᠵᠤ ᠠᠬᠤᠢᠯᠠᠯ ᠳ᠋ᠤ᠌ ᠬᠣᠯᠪᠣᠭᠳᠠᠭᠰᠠᠨ ᠬᠡᠷᠡᠭ ᠂ ᠠᠷᠠᠳ ᠤ᠋ᠨ ᠠᠮᠢᠳᠤᠷᠠᠯ ᠳ᠋ᠤ᠌ ᠬᠣᠯᠪᠣᠭᠳᠠᠭᠰᠠᠨ ᠬᠡᠷᠡᠭ ᠦ᠋ᠨ ᠲᠤᠰᠬᠠᠢ ᠭᠦᠢᠴᠡᠳᠬᠡᠬᠦ ᠠᠵᠢᠯᠯᠠᠭ᠎ᠠ ᠥᠷᠨᠢᠭᠦᠯᠬᠦ ᠪᠡᠷ ᠲᠣᠭᠲᠠᠵᠠᠢ ᠃

     ᠸᠠᠩ ᠯᠢᠶᠠᠩ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠠᠵᠢᠯ ᠢ᠋ ᠲᠦᠯᠬᠢᠨ ᠠᠬᠢᠭᠤᠯᠬᠤ ᠲᠤᠬᠠᠢ ᠲᠠᠪᠤᠨ  ᠰᠠᠨᠠᠯ ᠢ᠋ ᠳᠤᠷᠠᠳᠤᠭᠰᠠᠨ ᠪᠠᠢᠨ᠎ᠠ᠃ ᠨᠢᠭᠡ ᠳ᠋ᠦ᠍᠂ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠢ᠋ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠦᠨᠡᠨᠬᠦ ᠬᠡᠷᠡᠭᠵᠢᠭᠦᠯᠦᠭᠦᠰᠢᠲᠡᠢ ᠠᠵᠢᠯ ᠤ᠋ᠨ ᠲᠥᠰᠦᠯ ᠢ᠋ ᠲᠣᠭᠲᠠᠭᠠᠵᠤ ᠂ ᠠᠵᠢᠯ ᠤ᠋ᠨ ᠠᠷᠭ᠎ᠠ ᠬᠡᠮᠵᠢᠶ᠎ᠡ ᠶ᠋ᠢ ᠳᠡᠰ ᠳᠡᠰ ᠢ᠋ᠶ᠋ᠡᠷ ᠨᠢ ᠪᠣᠳᠠᠲᠠᠢ ᠬᠠᠷᠢᠭᠤᠴᠠᠯᠭ᠎ᠠ ᠶ᠋ᠢ ᠪᠣᠳᠠᠲᠠᠢ  ᠪᠣᠯᠭᠠᠨ᠎ᠠ᠃  ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠥᠨᠳᠥᠷ ᠴᠢᠨᠠᠷ ᠰᠠᠢᠲᠠᠢ ᠪᠡᠶᠡᠯᠡᠭᠦᠯᠬᠦ ᠶ᠋ᠢ ᠦᠨᠡᠨᠬᠦ ᠪᠠᠲᠤᠯᠠᠨ᠎ᠠ ᠃ᠬᠣᠶᠠᠷ ᠲᠤ᠌᠂ ᠪᠦᠬᠦ ᠣᠷᠣᠨ ᠤ᠋ ᠰᠢᠭᠦᠬᠦ ᠬᠣᠷᠢᠶᠠᠨ ᠤ᠋ ᠭᠦᠢᠴᠡᠳᠬᠡᠬᠦ ᠡᠩᠨᠡᠭᠡ ᠶ᠋ᠢᠨ ᠰᠡᠷᠡᠮᠵᠢᠯᠡᠭᠦᠯᠬᠦ ᠬᠥᠮᠦᠵᠢᠯ ᠦ᠋ᠨ ᠶᠡᠬᠡ ᠬᠤᠷᠠᠯ ᠪᠠ ᠭᠦᠢᠴᠡᠳᠬᠡᠬᠦ ᠠᠵᠢᠯᠯᠠᠭ᠎ᠠ ᠶ᠋ᠢ ᠳᠦᠷᠢᠮᠵᠢᠭᠦᠯᠬᠦ ᠲᠤᠰᠬᠠᠢ ᠲᠥᠷᠥᠯ ᠢ᠋ᠶ᠋ᠡᠷ ᠴᠡᠭᠴᠡᠯᠡᠨ ᠵᠠᠰᠠᠬᠤ ᠳᠠᠢᠴᠢᠯᠠᠯᠲᠠ ᠶ᠋ᠢᠨ ᠬᠤᠷᠠᠯ ᠤ᠋ᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠵᠣᠬᠢᠶᠠᠨ ᠪᠠᠢᠭᠤᠯᠵᠤ ᠥᠪᠡᠷᠲᠡᠭᠡᠨ ᠪᠠᠢᠴᠠᠭᠠᠬᠤ ᠳᠥᠷᠪᠡᠨ ᠲᠥᠷᠥᠯ ᠦ᠋ᠨ ᠬᠡᠷᠡᠭ ᠦ᠋ᠨ ᠡᠬᠡ ᠳᠠᠩᠰᠠ ᠶ᠋ᠢ ᠪᠠᠢᠭᠤᠯᠵᠤ ᠨᠢᠭᠡ ᠠᠰᠠᠭᠤᠳᠠᠯ ᠢ᠋ ᠴᠡᠭᠴᠡᠯᠡᠨ ᠵᠠᠰᠠᠵᠤ ᠨᠢᠭᠡ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶ᠋ᠢ ᠪᠡᠶᠡᠯᠡᠭᠦᠯᠦᠨ᠎ᠡ᠃ ᠭᠤᠷᠪᠠ ᠳ᠋ᠤ᠌᠂ ᠭᠦᠢᠴᠡᠳᠬᠡᠬᠦ ᠶ᠋ᠢ ᠵᠢᠯᠣᠭᠣᠳᠬᠤ ᠲᠥᠪ ᠦ᠋ᠨ ᠪᠣᠳᠠᠲᠤ ᠴᠣᠭᠴᠠᠵᠢᠭᠤᠯᠬᠤ ᠠᠵᠢᠯᠯᠠᠭᠠᠨ ᠤ᠋ ᠬᠢᠷᠢ ᠲᠦᠪᠰᠢᠨ ᠢ᠋ ᠤᠯᠠᠮ ᠨᠢᠭᠡ ᠠᠯᠬᠤᠮ ᠲᠦᠯᠬᠢᠨ ᠠᠬᠢᠭᠤᠯᠵᠤ ᠂ ᠭᠦᠢᠴᠡᠳᠬᠡᠯᠲᠡ ᠶ᠋ᠢ ᠰᠡᠷᠭᠦᠭᠡᠬᠦ ᠲᠥᠷᠥᠯ ᠦ᠋ᠨ ᠬᠡᠷᠡᠭ ᠢ᠋ ᠪᠣᠳᠠᠲᠤ ᠴᠣᠭᠴᠠ ᠶ᠋ᠢᠨ ᠠᠵᠢᠯᠯᠠᠭᠠᠨ ᠳ᠋ᠤ᠌ ᠣᠷᠣᠭᠤᠯᠵᠤ ᠂ ᠭᠦᠢᠴᠡᠳᠬᠡᠬᠦ ᠵᠢᠯᠣᠭᠣᠳᠬᠤ ᠲᠥᠪ ᠦ᠋ᠨ ᠪᠣᠳᠠᠲᠤ ᠴᠣᠭᠴᠠᠵᠢᠭᠤᠯᠤᠯᠲᠠ ᠶ᠋ᠢ ᠬᠡᠷᠡᠭᠯᠡᠬᠦ ᠨᠣᠷᠮ᠎ᠠ ᠶ᠋ᠢᠨ ᠭᠦᠢᠴᠡᠳᠬᠡᠯ ᠲᠣᠭ᠎ᠠ ᠶ᠋ᠢ 100‍ ᠳ᠋ᠤ᠌ ᠬᠦᠷᠦᠭᠦᠯᠬᠦ ᠶ᠋ᠢ ᠦᠨᠡᠨᠬᠦ ᠪᠠᠲᠤᠯᠠᠬᠤ ᠬᠡᠷᠡᠭᠲᠡᠢ ᠃ ᠳᠥᠷᠪᠡ ᠳ᠋ᠦ᠍᠂ ᠡᠯ᠎ᠡ ᠲᠥᠷᠥᠯ ᠦ᠋ᠨ ᠲᠤᠰᠬᠠᠢ ᠲᠥᠷᠥᠯ ᠦ᠋ᠨ ᠭᠦᠢᠴᠡᠳᠬᠡᠬᠦ ᠠᠵᠢᠯᠯᠠᠭ᠎ᠠ ᠶ᠋ᠢ ᠰᠠᠢᠲᠤᠷ ᠵᠣᠬᠢᠶᠠᠨ ᠪᠠᠢᠭᠤᠯᠵᠤ ᠰᠠᠢᠲᠤᠷ ᠥᠷᠨᠢᠭᠦᠯᠬᠦ ᠬᠡᠷᠡᠭᠲᠡᠢ᠃ ᠰᠣᠨᠢᠨ ᠮᠡᠳᠡᠭᠡᠨ ᠦ᠌ ᠤᠬᠠᠭᠤᠯᠭ᠎ᠠ ᠶ᠋ᠢ ᠴᠢᠩᠭᠠᠳᠬᠠᠬᠤ ᠬᠡᠷᠡᠭᠲᠡᠢ ᠃《 ᠭᠤᠷᠪᠠ ᠶ᠋ᠢ ᠵᠡᠷᠭᠡ ᠳ᠋ᠦ᠍ᠨᠢ ᠬᠢᠬᠦ 》 ᠠᠵᠢᠯ ᠤ᠋ᠨ ᠲᠣᠭᠲᠠᠴᠠ ᠶ᠋ᠢ ᠨᠠᠢᠳᠠᠪᠤᠷᠢᠵᠢᠭᠤᠯᠬᠤ ᠬᠡᠷᠡᠭᠲᠡᠢ ᠃ ᠰᠢᠨ᠎ᠡ ᠵᠠᠭᠤᠴᠢᠯᠠᠭᠤᠷ ᠤ᠋ᠨ ᠲᠠᠪᠴᠠᠩ ᠢ᠋ ᠢᠳᠡᠪᠬᠢᠲᠡᠢ ᠠᠰᠢᠭᠯᠠᠵᠤ ᠂ ᠭᠦᠢᠴᠡᠳᠬᠡᠬᠦ ᠺᠠᠲ᠋ᠷ ᠴᠠᠭᠳᠠᠭ᠎ᠠ ᠶ᠋ᠢᠨ ᠰᠢᠷᠭᠠᠭᠤ ᠬᠠᠲᠠᠭᠤᠵᠢᠯᠲᠠᠢ ᠲᠦᠯᠦᠪᠦᠷᠢᠯᠡᠬᠦ ᠪᠠ ᠭᠦᠢᠴᠡᠳᠬᠡᠬᠦ ᠠᠵᠢᠯ ᠤ᠋ᠨ ᠦᠷ᠎ᠡ ᠪᠦᠲᠦᠮᠵᠢ ᠶ᠋ᠢ ᠭᠦᠢᠴᠡᠳ ᠢᠯᠡᠷᠡᠭᠦᠯᠬᠦ ᠬᠡᠷᠡᠭᠲᠡᠢ ᠃ ᠲᠠᠪᠤ ᠳ᠋ᠤ᠌ ᠂ ᠡᠩᠨᠡᠭᠡᠨ ᠦ᠌ ᠬᠠᠮᠢᠶᠠᠷᠤᠯᠲᠠ ᠶ᠋ᠢ ᠴᠢᠩᠭ᠋ᠠᠳᠬᠠᠵᠤ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ ᠃ 《ᠠᠷᠠᠳ ᠤ᠋ᠨ ᠰᠢᠭᠦᠬᠦ ᠬᠣᠷᠢᠶᠠᠨ ᠤ᠋ ᠭᠦᠢᠴᠡᠳᠬᠡᠬᠦ ᠠᠵᠢᠯᠯᠠᠭ᠎ᠠ ᠶ᠋ᠢᠨ ᠠᠷᠪᠠᠨ ᠴᠢᠩᠭ᠎ᠠ ᠴᠠᠭᠠᠵᠠᠯᠠᠯᠲᠠ ᠶ᠋ᠢ ᠵᠢᠷᠤᠮᠯᠠᠨ᠎ᠠ》 ᠨᠠᠵᠠᠭᠠᠢ ᠪᠠᠷ ᠬᠡᠷᠡᠭᠵᠢᠭᠦᠯᠬᠦ᠂ ᠰᠣᠩᠭᠣᠯᠲᠠ ᠲᠠᠢ ᠪᠠᠷ ᠬᠡᠷᠡᠭᠵᠢᠭᠦᠯᠬᠦ᠂ ᠳᠤᠷ᠎ᠠ ᠪᠠᠷ ᠢ᠋ᠶ᠋ᠠᠨ ᠭᠦᠢᠴᠡᠳᠬᠡᠬᠦ ᠵᠡᠷᠭᠡ ᠠᠰᠠᠭᠤᠳᠠᠯ ᠢ᠋ ᠡᠷᠡᠰ ᠬᠣᠷᠢᠭᠯᠠᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )