ᠭᠦᠢᠴᠡᠳᠬᠡᠬᠦ ᠬᠦᠷᠢᠶ᠎ᠡ ᠬᠡᠪᠴᠢᠶᠡᠨ ᠳ᠋ᠡᠬᠢ ᠳᠣᠪᠣᠢᠮ᠎ᠠ ᠠᠰᠠᠭᠤᠳᠠᠯ ᠢ᠋ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠲᠥᠷᠥᠯ ᠦ᠋ᠨ ᠠᠵᠢᠯᠯᠠᠭ᠎ᠠ ᠵᠢᠴᠢ ᠭᠦᠢᠴᠡᠳᠬᠡᠬᠦ ᠵᠣᠭᠣᠰ ᠮᠥᠩᠭᠥ ᠡᠳ᠋ ᠪᠣᠳᠠᠰ ᠢ᠋ ᠲᠥᠪᠯᠡᠷᠡᠭᠦᠯᠦᠨ ᠴᠡᠪᠡᠷᠯᠡᠬᠦ  ᠪᠠᠢᠷᠢᠯᠠᠭᠤᠯᠤᠯᠲᠠ ᠶ᠋ᠢᠨ ᠬᠤᠷᠠᠯ ᠬᠤᠷᠠᠯᠳᠤᠪᠠ
2021.10.29 ᠲᠣᠰ ᠥᠷᠲᠡᠭᠡᠨ ᠦ ᠨᠠᠢᠷᠠᠭᠤᠯᠤᠭᠴᠢ

     ᠪᠥᠬᠥ ᠤᠯᠤᠰ ᠤ᠋ᠨ ᠬᠣᠶᠠᠳᠤᠭᠠᠷ ᠪᠦᠯᠦᠭ ᠦ᠋ᠨ ᠰᠢᠭᠦᠬᠦ ᠬᠣᠷᠢᠶᠠᠨ ᠤ᠋ ᠡᠩᠨᠡᠭᠡᠨ ᠦ᠌ ᠰᠤᠷᠭᠠᠨ ᠬᠥᠮᠦᠵᠢᠯ ᠦ᠋ᠨ ᠵᠠᠰᠠᠨ ᠴᠡᠭᠴᠡᠯᠡᠬᠦ ᠠᠷᠬᠠᠭ ᠭᠡᠮ ᠢ᠋ ᠲᠤᠰᠬᠠᠢ ᠵᠠᠰᠠᠨ ᠴᠡᠭᠴᠡᠯᠡᠬᠦ ᠵᠢᠴᠢ ᠬᠡᠷᠡᠭᠵᠢᠭᠦᠯᠬᠦ ᠬᠦᠷᠢᠶᠡᠨ ᠦ᠌ ᠳᠣᠪᠣᠢᠮ᠎ᠠ ᠠᠰᠠᠭᠤᠳᠠᠯ ᠢ᠋ ᠲᠥᠪᠯᠡᠷᠡᠭᠦᠯᠦᠨ ᠵᠠᠰᠠᠨ ᠴᠡᠭᠴᠡᠯᠡᠬᠦ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮ ᠨᠢᠭᠡ ᠠᠯᠬᠤᠮ ᠳᠦᠷᠢᠮᠵᠢᠭᠦᠯᠦᠨ ᠭᠦᠢᠴᠡᠳᠭᠡᠨ ᠬᠦᠴᠢᠷ ᠠᠰᠠᠭᠤᠳᠠᠯ ᠢ᠋ ᠰᠢᠢᠳᠪᠦᠷᠢᠯᠡᠨ ᠦᠷ᠎ᠡ ᠪᠦᠲᠦᠮᠵᠢ ᠶ᠋ᠢ ᠪᠠᠲᠤᠳᠭᠠᠬᠤ ᠶ᠋ᠢᠨ ᠲᠥᠯᠥᠭᠡ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠨᠡᠢᠲᠡ ᠶ᠋ᠢᠨ ᠢᠲᠡᠭᠡᠮᠵᠢ ᠪᠠ ᠠᠷᠠᠳ ᠣᠯᠠᠨ ᠤ᠋ ᠬᠠᠨᠤᠮᠵᠢ ᠶ᠋ᠢᠨ ᠬᠡᠮᠵᠢᠶ᠎ᠡ ᠶ᠋ᠢ ᠦᠨᠡᠨᠬᠦ ᠳᠡᠭᠡᠭᠰᠢᠯᠡᠭᠦᠯᠬᠦ ᠶ᠋ᠢᠨ ᠲᠥᠯᠥᠭᠡ 10 ᠰᠠᠷ᠎ᠠ ᠶ᠋ᠢᠨ 11 ᠦ᠌ ᠡᠳᠦᠷ ᠣᠷᠳᠣᠰ ᠬᠣᠲᠠ ᠶ᠋ᠢᠨ ᠠᠷᠠᠳ ᠤ᠋ᠨ ᠬᠣᠲᠠ ᠶ᠋ᠢᠨ ᠠᠷᠠᠳ ᠤ᠋ᠨ ᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨ ᠤ᠋ ᠭᠦᠢᠴᠡᠳᠬᠡᠬᠦ ᠠᠵᠢᠯ ᠳ᠋ᠤ᠌ ᠬᠢᠨᠠᠯᠲᠠ ᠲᠠᠯᠪᠢᠪᠠ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ  ᠭᠡᠰᠢᠭᠦᠨ᠂ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶ᠋ᠢᠨ ᠬᠢᠨᠠᠯᠲᠠ ᠲᠠᠯᠪᠢᠬᠤ ᠵᠥᠪᠯᠡᠯ ᠡᠴᠡ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠲᠣᠮᠢᠯᠠᠭᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠪᠠᠢ ᠯᠠᠨ ᠵᠣ᠌ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠨᠢᠦ ᠬᠠᠢ ᠯᠢᠶᠠᠩ ᠵᠢᠴᠢ ᠭᠦᠢᠴᠡᠳᠬᠡᠬᠦ ᠲᠣᠪᠴᠢᠶ᠎ᠠ ᠶ᠋ᠢᠨ ᠪᠦᠬᠦ ᠺᠠᠲ᠋ᠷ ᠴᠠᠭᠳᠠᠭ᠎ᠠ ᠭᠣᠣᠯ ᠬᠤᠷᠠᠯ ᠤ᠋ᠨ ᠲᠠᠯᠠᠪᠠᠢ ᠳ᠋ᠤ᠌ ᠬᠤᠷᠠᠯ ᠤ᠋ᠨ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠶ᠋ᠢᠨ ᠳᠠᠷᠤᠭ᠎ᠠ ᠵᠢᠴᠢ ᠬᠠᠮᠢᠶ᠎ᠠ ᠪᠦᠬᠦᠢ ᠠᠵᠢᠯᠲᠠᠳ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌  ᠣᠷᠣᠯᠴᠠᠵᠠᠢ ᠃

     ᠬᠤᠷᠠᠯ ᠳᠡᠭᠡᠷ᠎ᠡ᠂ ᠸᠠᠩ ᠯᠢᠶᠠᠩ ᠪᠦᠬᠦ ᠤᠯᠤᠰ ᠤ᠋ᠨ ᠬᠣᠶᠠᠳᠤᠭᠠᠷ ᠪᠦᠯᠦᠭ ᠦ᠋ᠨ ᠰᠢᠭᠦᠬᠦ ᠬᠣᠷᠢᠶᠠᠨ ᠤ᠋ ᠡᠩᠨᠡᠭᠡᠨ ᠦ᠌ ᠰᠤᠷᠭᠠᠨ ᠬᠥᠮᠦᠵᠢᠯ ᠦ᠋ᠨ ᠵᠠᠰᠠᠨ ᠴᠡᠭᠴᠡᠯᠡᠬᠦ  ᠳᠠᠯᠳᠠ ᠭᠡᠮ ᠢ᠋ ᠲᠤᠰᠬᠠᠢ ᠵᠠᠰᠠᠨ ᠴᠡᠭᠴᠡᠯᠡᠬᠦ ᠵᠢᠴᠢ ᠬᠡᠷᠡᠭᠵᠢᠭᠦᠯᠬᠦ ᠬᠦᠷᠢᠶᠡᠨ ᠦ᠌ ᠳᠣᠪᠣᠢᠮ᠎ᠠ ᠠᠰᠠᠭᠤᠳᠠᠯ ᠢ᠋ ᠲᠥᠪᠯᠡᠷᠡᠭᠦᠯᠦᠨ ᠵᠠᠰᠠᠨ ᠴᠡᠭᠴᠡᠯᠡᠬᠦ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠬᠤ ᠶ᠋ᠢᠨ ᠬᠠᠮᠲᠤ ᠭᠦᠢᠴᠡᠳᠬᠡᠬᠦ ᠬᠦᠷᠢᠶᠡᠨ ᠦ᠌ ᠳᠣᠪᠣᠢᠮ᠎ᠠ ᠠᠰᠠᠭᠤᠳᠠᠯ ᠢ᠋ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠬᠦ ᠳ᠋ᠦ᠍ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠪᠠᠢᠴᠠᠭᠠᠬᠤ ᠬᠣᠷᠢᠶ᠎ᠠ ᠶ᠋ᠢᠨ ᠲᠣᠬᠢᠷᠠᠭᠤᠯᠤᠭᠰᠠᠨ ︽ ᠬᠡᠷᠡᠭ ᠰᠢᠢᠳᠪᠦᠷᠢᠯᠡᠬᠦ ᠪᠡᠷ ᠰᠠᠬᠢᠯᠭ᠎ᠠ ᠪᠠᠲᠤ ᠶ᠋ᠢ ᠪᠠᠢᠴᠠᠭᠠᠵᠤ ᠂ ᠳᠦᠷᠢᠮᠵᠢᠭᠰᠡᠨ ᠬᠡᠷᠡᠭᠵᠢᠭᠦᠯᠬᠦ ᠬᠡᠷᠡᠭᠲᠡᠢ ︾ ᠭᠡᠵᠦ ᠴᠢᠬᠤᠯᠠᠴᠢᠯᠠᠪᠠ ᠃ ᠭᠦᠢᠴᠡᠳᠬᠡᠬᠦ ᠵᠣᠭᠣᠰ ᠮᠥᠩᠭᠥ ᠡᠳ᠋ ᠪᠣᠳᠠᠰ ᠢ᠋ ᠲᠥᠪᠯᠡᠷᠡᠭᠦᠯᠦᠨ ᠴᠡᠪᠡᠷᠯᠡᠨ ᠲᠢᠭᠯᠡᠬᠦ ᠠᠵᠢᠯ ᠢ᠋ ᠥᠷᠨᠢᠭᠦᠯᠬᠦ ᠳ᠋ᠦ᠍ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠣᠳᠣᠬᠠᠨ ᠤ᠋ ᠥᠷᠨᠢᠭᠦᠯᠦᠭᠰᠡᠨ 《 ᠳᠥᠷᠪᠡᠨ ᠲᠤᠰᠬᠠᠢ ᠵᠦᠢᠯ》 ᠦ᠋ᠨ ᠠᠵᠢᠯᠯᠠᠭ᠎ᠠ ᠲᠠᠢ ᠤᠶᠠᠯᠳᠤᠭᠤᠯᠵᠤ ᠬᠡᠷᠡᠭ ᠳᠠᠷᠠᠭᠠᠯᠠᠨ ᠵᠠᠳᠠᠯᠤᠨ ᠰᠤᠳᠤᠯᠵᠤ ᠂ ᠡᠳ᠋ ᠬᠥᠷᠥᠩᠭᠡ ᠶ᠋ᠢ ᠰᠢᠢᠳᠪᠦᠷᠢᠯᠡᠬᠦ ᠠᠵᠢᠯ ᠢ᠋ ᠬᠦᠴᠦᠲᠡᠢ ᠠᠬᠢᠭᠤᠯᠵᠤ ᠂ ᠭᠦᠢᠴᠡᠳᠬᠡᠬᠦ ᠵᠣᠭᠣᠰ ᠮᠥᠩᠭᠥ ᠡᠳ᠋ ᠪᠣᠳᠠᠰ ᠢ᠋ ᠲᠥᠪᠯᠡᠷᠡᠭᠦᠯᠦᠨ ᠴᠡᠪᠡᠷᠯᠡᠵᠦ ᠲᠤᠰᠬᠠᠢ ᠴᠡᠭᠴᠡᠯᠡᠬᠦ ᠠᠵᠢᠯᠯᠠᠭ᠎ᠠ ᠶ᠋ᠢᠨ ᠪᠣᠳᠠᠲᠤ ᠦᠷ᠎ᠡ ᠪᠦᠲᠦᠮᠵᠢ ᠣᠯᠬᠤ ᠶ᠋ᠢ ᠪᠠᠲᠤᠯᠠᠪᠠ ᠃

     ᠰᠦ᠍ ᠯᠢ ᠵᠢᠶᠦ᠋ᠨ ᠭᠦᠢᠴᠡᠳᠬᠡᠬᠦ ᠬᠦᠷᠢᠶᠡᠨ ᠦ᠌ ᠲᠤᠰᠬᠠᠢ ᠴᠡᠭᠴᠡᠯᠡᠨ ᠵᠠᠰᠠᠬᠤ ᠠᠵᠢᠯ ᠤ᠋ᠨ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠨᠢ᠂ ᠨᠢᠭᠡ ᠳ᠋ᠦ᠍ ᠂ ᠬᠠᠷᠠᠯᠲᠠ ᠵᠢᠯᠣᠭᠣᠳᠤᠮᠵᠢ ᠪᠠᠷ ᠤᠯᠤᠰ ᠲᠥᠷᠥ ᠶ᠋ᠢᠨ ᠬᠠᠷᠢᠭᠤᠴᠠᠯᠭᠠᠲᠤ ᠰᠡᠳᠬᠢᠯᠭᠡ ᠨᠢ ᠥᠨᠳᠥᠷ ᠴᠢᠨᠠᠷ ᠴᠢᠨᠰᠠᠭ᠎ᠠ ᠪᠠᠷ ᠰᠠᠢᠲᠤᠷ ᠪᠠᠢᠷᠢᠯᠠᠭᠤᠯᠤᠨ ᠬᠣᠶᠠᠷ ᠲᠥᠷᠥᠯ ᠦ᠋ᠨ ᠲᠤᠰᠬᠠᠢ ᠲᠥᠷᠥᠯ ᠦ᠋ᠨ ᠴᠡᠭᠴᠡᠯᠡᠨ ᠵᠠᠰᠠᠬᠤ ᠠᠵᠢᠯᠯᠠᠭ᠎ᠠ ᠶ᠋ᠢ ᠰᠠᠢᠲᠤᠷ ᠥᠷᠨᠢᠭᠦᠯᠦᠨ᠎ᠡ ᠃ ᠦᠵᠡᠯ ᠰᠠᠨᠠᠭᠠᠨ ᠤ᠋ ᠲᠠᠯ᠎ᠠ ᠪᠡᠷ ᠬᠣᠶᠠᠷ ᠲᠥᠷᠥᠯ ᠦ᠋ᠨ ᠠᠵᠢᠯ ᠤ᠋ᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ᠋ ᠭᠦᠢᠴᠡᠳ ᠲᠠᠨᠢᠵᠤ ᠲᠤᠰᠬᠠᠢ ᠲᠥᠷᠥᠯ ᠦ᠋ᠨ ᠴᠡᠭᠴᠡᠯᠡᠨ ᠵᠠᠰᠠᠬᠤ ᠠᠵᠢᠯᠯᠠᠭ᠎ᠠ ᠶ᠋ᠢ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠪᠥᠬᠥ ᠲᠠᠯ᠎ᠠ ᠳ᠋ᠤ᠌ ᠣᠷᠣᠭᠤᠯᠵᠤ ᠂ ᠥᠨᠳᠥᠷ ᠵᠣᠭᠰᠣᠴᠠ ᠥᠨᠳᠥᠷ ᠪᠠᠷᠢᠮᠵᠢᠶ᠎ᠠ ᠥᠨᠳᠥᠷ ᠴᠢᠨᠠᠷ ᠴᠢᠨᠰᠠᠭ᠎ᠠ ᠪᠠᠷ ᠲᠤᠰ ᠤᠳᠠᠭᠠᠨ ᠤ᠋ ᠲᠤᠰᠬᠠᠢ ᠴᠡᠭᠴᠡᠯᠡᠯᠲᠡ ᠶ᠋ᠢᠨ ᠠᠵᠢᠯᠯᠠᠭ᠎ᠠ ᠶ᠋ᠢ ᠰᠠᠢᠲᠤᠷ ᠪᠠᠢᠷᠢᠯᠠᠭᠤᠯᠤᠨ᠎ᠠ ᠃ ᠬᠣᠶᠠᠷ ᠲᠤ᠌ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠴᠢᠩᠭ᠎ᠠ ᠴᠠᠭ ᠪᠠᠴᠢᠮ ᠲᠤᠯᠭᠠᠮ᠎ᠠ ᠰᠡᠳᠬᠢᠯᠭᠡ ᠪᠡᠷ ᠲᠤᠰᠬᠠᠢ ᠲᠥᠷᠥᠯ ᠦ᠋ᠨ ᠠᠵᠢᠯᠯᠠᠭ᠎ᠠ ᠶ᠋ᠢᠨ ᠡᠯ᠎ᠡ ᠲᠥᠷᠥᠯ ᠦ᠋ᠨ ᠡᠭᠦᠷᠭᠡ ᠶ᠋ᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶ᠋ᠢ ᠪᠥᠬᠥ ᠬᠦᠴᠦᠨ ᠢ᠋ᠶ᠋ᠡᠷ ᠠᠬᠢᠭᠤᠯᠤᠨ᠎ᠠ ᠃ ᠭᠦᠢᠴᠡᠳᠬᠡᠬᠦ ᠬᠦᠷᠢᠶᠡᠨ ᠦ᠌ 6 ᠶᠡᠬᠡ ᠳᠣᠪᠣᠢᠮ᠎ᠠ ᠠᠰᠠᠭᠤᠳᠠᠯ ᠢ᠋ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ᠋ ᠠᠬᠢᠭᠤᠯᠬᠤ ᠪᠠᠨ ᠲᠦᠷᠭᠡᠳᠬᠡᠵᠦ ᠂ ᠭᠦᠢᠴᠡᠳᠬᠡᠭᠰᠡᠨ ᠡᠳ᠋ ᠪᠣᠳᠠᠰ ᠢ᠋ ᠲᠥᠪᠯᠡᠷᠡᠭᠦᠯᠦᠨ ᠴᠡᠪᠡᠷᠯᠡᠬᠦ 《ᠡᠷᠭᠢᠵᠦ ᠬᠠᠷᠠᠬᠤ》 ᠠᠵᠢᠯ ᠢ᠋ ᠯᠠᠪᠳᠠᠭᠤᠨ ᠢ᠋ᠶ᠋ᠠᠷ ᠠᠬᠢᠭᠤᠯᠵᠠᠢ ᠃ ᠭᠤᠷᠪᠠ ᠳ᠋ᠤ᠌ ᠂ ᠠᠵᠢᠯ ᠤ᠋ᠨ ᠬᠠᠷᠢᠭᠤᠴᠠᠯᠭ᠎ᠠ ᠪᠠᠨ ᠪᠠᠲᠤᠵᠢᠭᠤᠯᠵᠤ ᠂ ᠬᠦᠴᠦᠯᠡᠨ ᠴᠢᠷᠮᠠᠢᠬᠤ ᠠᠵᠢᠯ ᠤ᠋ᠨ ᠡᠭᠦᠷᠭᠡᠲᠦ ᠰᠡᠳᠬᠢᠯᠭᠡ ᠪᠡᠷ ᠲᠤᠰᠬᠠᠢ ᠴᠡᠭᠴᠡᠯᠡᠬᠦ ᠠᠵᠢᠯ ᠤ᠋ᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶ᠋ᠢ ᠪᠠᠲᠤᠯᠠᠬᠤ ᠬᠡᠷᠡᠭᠲᠡᠢ ᠃ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠠᠨ ᠴᠢᠩᠭ᠋ᠠᠳᠬᠠᠨ ᠂ ᠠᠵᠢᠯ ᠤ᠋ᠨ ᠬᠠᠷᠢᠭᠤᠴᠠᠯᠭ᠎ᠠ ᠶ᠋ᠢ ᠪᠣᠳᠠᠲᠠᠢᠵᠢᠭᠤᠯᠵᠤ ᠂ ᠳᠣᠪᠣᠢᠮ᠎ᠠ ᠠᠰᠠᠭᠤᠳᠠᠯ ᠢ᠋ ᠴᠡᠭᠴᠡᠯᠡᠨ ᠰᠠᠢᠵᠢᠷᠠᠭᠤᠯᠬᠤ ᠪᠠ ᠳᠦᠷᠢᠮ ᠲᠣᠭᠲᠠᠭᠠᠯ ᠲᠣᠭᠲᠠᠭᠠᠬᠤ ᠶ᠋ᠢ ᠤᠶᠠᠯᠳᠤᠭᠤᠯᠵᠤ ᠂ ᠭᠦᠢᠴᠡᠳᠬᠡᠬᠦ ᠳ᠋ᠦ᠍ ᠬᠦᠴᠢᠷ ᠤᠷᠲᠤ ᠬᠤᠭᠤᠴᠠᠭ᠎ᠠ ᠬᠦᠴᠦᠨ ᠲᠡᠢ ᠪᠠᠢᠬᠤ ᠲᠣᠭᠲᠠᠴᠠ ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ ᠂ ᠭᠦᠢᠴᠡᠳᠬᠡᠬᠦ ᠠᠵᠢᠯ ᠤ᠋ᠨ ᠴᠢᠨᠠᠷ ᠦᠷ᠎ᠡ ᠪᠦᠲᠦᠮᠵᠢ ᠶ᠋ᠢ ᠲᠠᠰᠤᠷᠠᠯᠲᠠ ᠥᠬᠡᠢ ᠳᠡᠭᠡᠭᠰᠢᠯᠡᠭᠦᠯᠦᠨ ᠂ ᠭᠦᠢᠴᠡᠳᠬᠡᠬᠦ ᠠᠵᠢᠯ ᠢ᠋ ᠠᠷᠠᠳ ᠣᠯᠠᠨ ᠤ᠋ ᠰᠢᠯᠭᠠᠨ ᠪᠠᠢᠴᠠᠭᠠᠯᠲᠠ ᠶ᠋ᠢ ᠲᠤᠭᠤᠯᠬᠤ ᠶ᠋ᠢ ᠪᠠᠲᠤᠯᠠᠨ᠎ᠠ ᠃

    ᠬᠤᠷᠠᠯ ᠳ᠋ᠤ 《 ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠬᠦᠷᠢᠶ᠎ᠡ ᠬᠡᠪᠴᠢᠶᠡᠨ ᠳ᠋ᠡᠬᠢ ᠳᠣᠪᠣᠢᠮ᠎ᠠ ᠠᠰᠠᠭᠤᠳᠠᠯ ᠢ᠋ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶ᠋ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ 》 ᠪᠣᠯᠤᠨ 《 ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠵᠣᠭᠣᠰ ᠮᠥᠩᠭᠥ ᠡᠳ᠋ ᠪᠣᠳᠠᠰ ᠢ᠋ ᠲᠥᠪᠯᠡᠷᠡᠭᠦᠯᠦᠨ ᠴᠡᠪᠡᠷᠯᠡᠬᠦ ᠲᠤᠰᠬᠠᠢ ᠲᠥᠷᠥᠯ ᠦ᠋ᠨ ᠴᠡᠭᠴᠡᠯᠡᠨ ᠵᠠᠰᠠᠬᠤ ᠠᠵᠢᠯᠯᠠᠭ᠎ᠠ ᠶ᠋ᠢᠨ ᠲᠥᠰᠦᠯ》 ᠢ᠋ ᠨᠡᠢᠲᠡᠯᠡᠵᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )