ᠥᠪᠡᠷᠲᠡᠭᠡᠨ ᠵᠠᠰᠠᠬᠤ ᠣᠷᠣᠨ ᠤ᠋ ᠬᠠᠤᠯᠢ ᠪᠠᠷ ᠵᠠᠰᠠᠬᠤ ᠪᠠᠢᠭᠤᠯᠤᠯᠲᠠ ᠶ᠋ᠢᠨ ᠲᠠᠪᠤᠳᠤᠭᠠᠷ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠪᠠᠭᠠᠨ᠎ᠠ ᠨᠠᠷ  ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠬᠠᠤᠯᠢ ᠪᠠᠷ ᠵᠠᠰᠠᠬᠤ ᠪᠠᠢᠭᠤᠯᠤᠯᠲᠠ ᠶ᠋ᠢᠨ ᠠᠵᠢᠯ ᠢ᠋ ᠬᠢᠨᠠᠨ ᠪᠠᠢᠴᠠᠭᠠᠪᠠ
2021.10.29 ᠲᠣᠰ ᠥᠷᠲᠡᠭᠡᠨ ᠦ ᠨᠠᠢᠷᠠᠭᠤᠯᠤᠭᠴᠢ

     ᠥᠪᠡᠷᠲᠡᠭᠡᠨ ᠵᠠᠰᠠᠬᠤ ᠣᠷᠣᠨ ᠤ᠋ ᠬᠠᠤᠯᠢ ᠪᠠᠷ ᠵᠠᠰᠠᠬᠤ ᠪᠠᠢᠭᠤᠯᠤᠯᠲᠠ ᠶ᠋ᠢᠨ ᠲᠠᠪᠤᠳᠤᠭᠠᠷ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠵᠥᠪᠯᠡᠯ ᠦ᠋ᠨ ᠲᠤᠰᠬᠠᠢ ᠲᠤᠰᠢᠶᠠᠯᠲᠤ ᠭᠡᠰᠢᠭᠦᠨ ᠪᠠᠭᠠᠨ᠎ᠠ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠠᠤᠯᠢ ᠪᠠᠷ ᠵᠠᠰᠠᠬᠤ ᠪᠠᠢᠭᠤᠯᠤᠯᠲᠠ ᠶ᠋ᠢ ᠬᠢᠨᠠᠨ ᠪᠠᠢᠴᠠᠭᠠᠬᠤ ᠠᠵᠢᠯ ᠤ᠋ᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ  ᠰᠦ ᠯᠢ ᠵᠢᠶᠦ᠋ᠨ ᠨᠠᠷ ᠪᠠᠷ᠎ᠠ ᠪᠣᠯᠪᠠ ᠃

     ᠬᠢᠨᠠᠨ ᠪᠠᠢᠴᠠᠭᠠᠬᠤ ᠳᠤᠭᠤᠢᠯᠠᠩ ᠤ᠋ᠨ ᠬᠢᠨ ᠤᠷᠢᠳ ᠬᠣᠵᠢᠳ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠨ ᠵᠠᠰᠠᠬᠤ ᠦᠵᠡᠭᠦᠯᠦᠯᠭᠡ ᠶ᠋ᠢᠨ ᠲᠣᠭᠣᠷᠢᠭ ᠂ ᠬᠠᠤᠯᠢ ᠶ᠋ᠢᠨ ᠲᠤᠰᠢᠶᠠᠯᠲᠠᠨ ᠤ᠋ ᠬᠠᠨ᠎ᠠ ᠂ ᠨᠠᠮ ᠤ᠋ᠨ ᠪᠠᠢᠭᠤᠯᠤᠯᠲᠠ ᠶ᠋ᠢᠨ ᠴᠢᠬᠡᠴᠢ ᠵᠠᠰᠠᠭ ᠤ᠋ᠨ ᠬᠥᠮᠦᠵᠢᠯ ᠦ᠋ᠨ ᠰᠠᠭᠤᠷᠢᠨ ᠭᠠᠵᠠᠷ ᠂ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠨᠣᠮ ᠤ᠋ᠨ ᠰᠠᠩ ᠂ ᠵᠠᠭᠤᠴᠢᠯᠠᠭᠤᠷ ᠤ᠋ᠨ ᠲᠥᠪ ᠂ ᠮᠡᠳᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠲᠥᠪ ᠂ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠦ᠋ᠨ ᠭᠣᠣᠯ ᠰᠡᠳᠦᠪᠲᠦ ᠤᠷᠲᠤ ᠬᠣᠩᠭᠢᠯ ᠵᠡᠷᠭᠡ ᠭᠠᠵᠠᠷ ᠢ᠋ᠶ᠋ᠠᠷ ᠲᠣᠭᠣᠷᠢᠨ ᠦᠵᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠣᠶᠣᠯ ᠤ᠋ᠨ ᠪᠠᠢᠭᠤᠯᠤᠯᠲᠠ ᠂ ᠮᠡᠳᠡᠭᠡ ᠵᠠᠩᠭᠢᠴᠢᠯᠠᠯᠲᠠ ᠶ᠋ᠢᠨ ᠪᠠᠢᠭᠤᠯᠤᠯᠲᠠ ᠂ ᠡᠩᠨᠡᠭᠡ ᠶ᠋ᠢᠨ ᠰᠤᠷᠭᠠᠨ ᠬᠥᠮᠦᠵᠢᠯ ᠢ᠋ ᠨᠠᠷᠢᠨ ᠣᠢᠯᠠᠭᠠᠵᠠᠢ ᠃

 

       

    ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠤᠰ ᠤᠳᠠᠭᠠᠨ ᠤ᠋ ᠬᠢᠨᠠᠨ ᠪᠠᠢᠴᠠᠭᠠᠬᠤ ᠪᠠᠷ ᠠᠵᠠ ᠲᠣᠬᠢᠶᠠᠯ ᠪᠣᠯᠭᠠᠨ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠶᠡᠷᠦᠩᠬᠡᠢ ᠱᠦᠵᠢ  ᠰᠢ ᠵᠢᠨ ᠫᠢᠩ ᠦ᠋ᠨ ᠥᠪᠥᠷ ᠮᠣᠩᠭᠣᠯ ᠳ᠋ᠠᠬᠢ ᠴᠢᠬᠤᠯᠠ ᠶᠠᠷᠢᠶ᠎ᠠ ᠶ᠋ᠢᠨ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠲᠤᠤᠱᠯᠠᠭᠤᠯᠵᠤ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤ᠋ᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠤᠯᠤᠰ ᠲᠥᠷᠥ ᠶ᠋ᠢᠨ ᠥᠷᠲᠡᠭᠡ ᠶ᠋ᠢᠨ ᠪᠠᠢᠷᠢ ᠰᠠᠭᠤᠷᠢ ᠶ᠋ᠢ ᠭᠦᠢᠴᠡᠳ ᠪᠠᠳᠠᠷᠠᠭᠤᠯᠤᠨ ᠭᠣᠣᠯ ᠬᠠᠷᠢᠭᠤᠴᠠᠯᠭᠠᠲᠠᠨ ᠪᠣᠯᠬᠤ ᠬᠠᠤᠯᠢ ᠶ᠋ᠢ ᠭᠦᠢᠴᠡᠳᠬᠡᠨ᠎ᠡ ᠃ ᠵᠠᠰᠠᠭ ᠠᠵᠤ ᠠᠬᠤᠢᠯᠠᠯ ᠤ᠋ᠨ ᠬᠠᠷᠢᠯᠴᠠᠬᠤ ᠲᠣᠭᠲᠠᠴᠠ ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠬᠠᠤᠯᠢᠵᠢᠭᠰᠠᠨ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠵᠦ ᠂ ᠬᠠᠤᠯᠢ ᠶᠣᠰᠣᠭᠠᠷ ᠠᠷᠠᠳ ᠠ᠋ᠴᠠ ᠡᠵᠡᠩᠨᠡᠭᠰᠡᠨ ᠠᠵᠤ ᠠᠬᠤᠢᠯᠠᠯ ᠪᠠ ᠠᠵᠤ ᠠᠬᠤᠢᠯᠠᠯᠲᠠᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠬᠠᠤᠯᠢ ᠴᠠᠭᠠᠵᠠ ᠶ᠋ᠢᠨ ᠤᠬᠠᠭᠤᠯᠭ᠎ᠠ ᠶ᠋ᠢ ᠲᠠᠰᠤᠷᠠᠯᠲᠠ ᠦᠭᠡᠢ ᠴᠢᠩᠭᠠᠳᠬᠠᠵᠤ ᠂ ᠬᠠᠤᠯᠢ ᠴᠠᠭᠠᠵᠠ ᠶ᠋ᠢᠨ ᠠᠵᠢᠯ ᠤ᠋ᠨ ᠬᠠᠷᠢᠭᠤᠴᠠᠯᠭ᠎ᠠ ᠶ᠋ᠢᠨ ᠳᠦᠷᠢᠮ ᠢ᠋ ᠪᠥᠬᠥ ᠲᠠᠯ᠎ᠠ ᠪᠠᠷ ᠨᠠᠢᠳᠠᠪᠤᠷᠢᠵᠢᠭᠤᠯᠵᠤ ᠂ ᠲᠥᠪ ᠭᠣᠣᠯᠴᠢ ᠪᠠᠷ ᠬᠠᠤᠯᠢ ᠴᠠᠭᠠᠵᠠ ᠶ᠋ᠢᠨ ᠪᠦᠲᠦᠭᠡᠨ ᠪᠠᠢᠭᠤᠯᠤᠯᠲᠠ ᠶ᠋ᠢ ᠠᠬᠢᠭᠤᠯᠬᠤ ᠪᠠᠷ ᠡᠩᠨᠡᠭᠡᠨ ᠦ᠌ ᠨᠢᠭᠲᠠᠷᠠᠭᠤᠯᠬᠤ ᠬᠦᠴᠦᠨ ᠪᠠ ᠲᠥᠪᠯᠡᠷᠡᠯ ᠦ᠋ᠨ ᠬᠦᠴᠦᠨ ᠢ᠋ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠭᠠᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )