ᠬᠥᠬᠡᠬᠣᠲᠠ᠎ᠶ᠋ᠢᠨ ᠳᠤᠮᠳᠠ ᠵᠡᠷᠭᠡ ᠎ᠶ᠋ᠢᠨ ᠰᠢᠭᠦᠬᠦ ᠬᠣᠷᠢᠶ᠎ᠠ ᠣᠷᠳᠣᠰ ᠬᠣᠲᠠ ᠎ᠶ᠋ᠢᠨ ᠰᠢᠭᠦᠬᠦ ᠬᠣᠷᠢᠶᠠᠨ ᠎ᠳ᠋ᠤ᠌ ᠬᠦᠷᠴᠦ ᠰᠢᠨᠵᠢᠯᠡᠨ ᠪᠠᠢᠴᠠᠭᠠᠵᠤ ᠰᠣᠯᠢᠯᠴᠠᠭ᠎ᠠ ᠬᠢᠬᠦ ᠠᠵᠢᠯᠯᠠᠭ᠎ᠠ ᠬᠢᠵᠠᠢ
2021.11.09 ᠲᠣᠰ ᠥᠷᠲᠡᠭᠡᠨ ᠦ ᠨᠠᠢᠷᠠᠭᠤᠯᠤᠭᠴᠢ

      9 ᠰᠠᠷ᠎ᠠ᠎ ᠶ᠋ᠢᠨ 3 ᠎ᠤ᠋ ᠦᠳᠡ᠎ ᠶ᠋ᠢᠨ ᠡᠮᠦᠨ᠎ᠡ ᠂ ᠬᠥᠬᠡᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶᠠᠨ ᠎ᠤ᠋ ᠰᠢᠭᠦᠨ ᠲᠠᠰᠤᠯᠬᠤ ᠵᠥᠪᠯᠡᠯ᠎ ᠦ᠋ᠨ ᠲᠤᠰᠬᠠᠢ ᠲᠤᠰᠢᠶᠠᠯᠲᠤ ᠭᠡᠰᠢᠭᠦᠨ ᠵᠧᠦ ᠵᠧᠨ ᠵᠡᠷᠭᠡ 10 ᠬᠥᠮᠦᠨ ᠨᠢᠭᠡ ᠥᠷᠲᠡᠭᠡᠴᠢᠯᠡᠭᠰᠡᠨ ᠮᠠᠶᠢᠭ᠎ ᠤ᠋ᠨ ᠣᠯᠠᠨ ᠡᠰᠢᠲᠦ ᠵᠥᠷᠢᠴᠡᠯ ᠪᠣᠯᠤᠨ ᠵᠠᠷᠭᠤ᠎ ᠶ᠋ᠢᠨ ᠦᠢᠯᠡᠴᠢᠯᠡᠭᠡᠨ ᠎ᠦ᠌ ᠰᠢᠰᠲ᠋ᠧᠮ ᠎ᠦ᠋ᠨ ᠪᠦᠲᠦᠭᠡᠨ ᠪᠠᠢᠭᠤᠯᠤᠯᠲᠠ᠎ ᠪᠠᠷ ᠣᠷᠳᠣᠰ ᠬᠣᠲᠠ ᠎ᠶ᠋ᠢᠨ ᠰᠢᠭᠦᠬᠦ ᠬᠣᠷᠢᠶᠠᠨ ᠎ᠳ᠋ᠤ᠌ ᠬᠦᠷᠴᠦ ᠰᠢᠨᠵᠢᠯᠡᠨ ᠪᠠᠢᠴᠠᠭᠠᠵᠤ ᠰᠣᠯᠢᠯᠴᠠᠭ᠎ᠠ ᠬᠢᠵᠦ ᠂ ᠣᠷᠳᠣᠰ ᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶᠠᠨ᠎ ᠤ᠋ ᠨᠠᠮ᠎ ᠤ᠋ᠨ ᠤᠳᠤᠷᠢᠳᠬᠤ ᠳᠤᠭᠤᠢᠯᠠᠩ᠎ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠨᠠᠷ  ᠬᠠᠮᠲᠦ ᠰᠢᠨᠵᠢᠯᠡᠨ ᠪᠠᠢᠴᠠᠭᠠᠪᠠ ᠃

 

  

      ᠰᠢᠨᠵᠢᠯᠡᠨ ᠪᠠᠢᠴᠠᠭᠠᠬᠤ ᠳᠤᠭᠤᠢᠯᠠᠩ ᠎ᠤ᠋ᠨ ᠬᠢᠨ ᠡᠮᠦᠨ᠎ᠡ ᠬᠣᠢᠨ᠎ᠠ ᠬᠢᠶ᠎ᠡ ᠪᠠᠭᠰᠢ ᠲᠣᠭᠣᠷᠢᠭ ᠎ᠤ᠋ᠨ ᠠᠷᠠᠳ ᠎ᠤ᠋ᠨ ᠰᠢᠭᠦᠬᠦ ᠬᠣᠷᠢᠶ᠎ᠠ ᠪᠣᠯᠤᠨ ᠣᠷᠳᠣᠰ ᠬᠣᠲᠠ᠎ ᠶ᠋ᠢᠨ ᠠᠷᠠᠳ ᠎ᠤ᠋ᠨ ᠳᠤᠮᠳᠠ ᠵᠡᠷᠭᠡ ᠎ᠶ᠋ᠢᠨ ᠰᠢᠭᠦᠬᠦ ᠬᠣᠷᠢᠶ᠎ᠠ᠎ ᠶ᠋ᠢᠨ ᠵᠠᠷᠭᠤ᠎ ᠶ᠋ᠢᠨ ᠦᠢᠯᠡᠴᠢᠯᠡᠭᠡᠨ ᠎ᠦ᠌ ᠲᠥᠪ ᠵᠡᠷᠭᠡ ᠭᠠᠵᠠᠷ᠎ ᠢ᠋ᠶ᠋ᠠᠷ ᠲᠣᠭᠣᠷᠢᠨ ᠦᠵᠡᠵᠦ ᠂ ᠣᠷᠳᠣᠰ ᠬᠣᠲᠠ ᠎ᠶ᠋ᠢᠨ ᠰᠢᠭᠦᠬᠦ ᠬᠣᠷᠢᠶ᠎ᠠ᠎ ᠶ᠋ᠢᠨ ᠨᠢᠭᠡ ᠥᠷᠲᠡᠭᠡᠵᠢᠭᠰᠡᠨ ᠬᠡᠯᠪᠡᠷᠢ᠎ ᠶ᠋ᠢᠨ ᠣᠯᠠᠨ ᠡᠰᠢᠲᠦ ᠣᠢᠯᠠᠭᠠᠯᠴᠠᠭ᠎ᠠ ᠪᠣᠯᠤᠨ ᠵᠠᠷᠭᠤ ᠎ᠶ᠋ᠢᠨ ᠦᠢᠯᠡᠴᠢᠯᠡᠭᠡᠨ ᠎ᠦ᠌  ᠰᠢᠰᠲ᠋ᠧᠮ ᠎ᠦ᠋ᠨ ᠪᠦᠲᠦᠭᠡᠨ ᠪᠠᠢᠭᠤᠯᠤᠯᠲᠠ᠎ ᠶ᠋ᠢᠨ ᠪᠠᠢᠳᠠᠯ᠎ ᠢ᠋ ᠭᠦᠨᠵᠡᠭᠡᠢ ᠣᠢᠯᠠᠭᠠᠪᠠ ᠃

        ᠳᠠᠷᠠᠭ᠎ᠠ ᠨᠢ ᠂ ᠰᠢᠨᠵᠢᠯᠡᠨ ᠪᠠᠢᠴᠠᠭᠠᠬᠤ ᠳᠤᠭᠤᠢᠯᠠᠩ ᠤ᠋ᠨ ᠬᠢᠨ ᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ ᠪᠣᠯᠤᠨ ᠬᠢᠶ᠎ᠡ ᠪᠠᠭᠰᠢ ᠲᠣᠭᠣᠷᠢᠭ᠎ ᠤ᠋ᠨ ᠠᠷᠠᠳ ᠎ᠤ᠋ᠨ ᠰᠢᠭᠦᠬᠦ ᠬᠣᠷᠢᠶᠠᠨ᠎ ᠤ᠋ ᠬᠣᠯᠪᠣᠭᠳᠠᠯ ᠪᠦᠬᠦᠢ ᠬᠥᠮᠦᠰ᠎ ᠲᠡᠢ ᠶᠠᠷᠢᠯᠴᠠᠵᠠᠢ ᠃

 

 

      ᠰᠠᠭᠤᠳᠠᠯ᠎ ᠤ᠋ᠨ ᠬᠤᠷᠠᠯ ᠳᠡᠭᠡᠷ᠎ᠡ ᠂ ᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ ᠪᠣᠯᠤᠨ ᠬᠢᠶ᠎ᠡ ᠪᠠᠭᠰᠢ ᠲᠣᠭᠣᠷᠢᠭ ᠎ᠤ᠋ᠨ ᠰᠢᠭᠦᠬᠦ ᠬᠣᠷᠢᠶ᠎ᠠ ᠲᠣᠰᠪᠣᠷᠢ ᠨᠢᠭᠡ ᠥᠷᠲᠡᠭᠡᠵᠢᠭᠰᠡᠨ ᠬᠡᠯᠪᠡᠷᠢ᠎ ᠶ᠋ᠢᠨ ᠣᠯᠠᠨ ᠡᠰᠢᠲᠦ ᠵᠥᠷᠢᠴᠡᠯ ᠵᠢᠭᠤᠷᠠᠭᠠᠨ ᠎ᠢ᠋ ᠨᠠᠮᠳᠠᠭᠠᠬᠤ ᠪᠠ ᠵᠠᠷᠭᠤ ᠬᠢᠬᠦ ᠦᠢᠯᠡᠴᠢᠯᠡᠭᠡᠨ᠎ ᠦ᠌ ᠰᠢᠰᠲ᠋ᠧᠮ ᠎ᠦ᠋ᠨ ᠪᠠᠢᠭᠤᠯᠤᠯᠲᠠ᠎ ᠶ᠋ᠢᠨ ᠠᠵᠢᠯ ᠎ᠤ᠋ᠨ ᠪᠠᠢᠳᠠᠯ᠎ ᠢ᠋ ᠲᠠᠨᠢᠯᠴᠠᠭᠤᠯᠵᠤ ᠂ ᠬᠣᠶᠠᠷ ᠲᠠᠯ᠎ᠠ᠎ ᠪᠠᠷ ᠎ᠢ᠋ᠶ᠋ᠠᠨ ᠵᠥᠷᠢᠴᠡᠯ ᠵᠢᠭᠤᠷᠠᠭᠠᠨ ᠎ᠢ᠋ ᠣᠯᠠᠨ ᠡᠰᠢᠴᠢᠯᠡᠨ ᠨᠠᠮᠳᠠᠭᠠᠬᠤ ᠂ ᠢᠷᠭᠡᠨ ᠎ᠦ᠌ ᠬᠡᠷᠡᠭ ᠎ᠦ᠋ᠨ ᠲᠦᠪᠡᠭ ᠪᠤᠳᠤᠯᠢᠶᠠᠨᠲᠠᠢ ᠰᠠᠯᠭᠠᠬᠤ ᠂ ᠲᠦᠷᠭᠡᠨ ᠲᠠᠰᠤᠯᠬᠤ ᠲᠦᠷᠭᠡᠨ ᠰᠢᠭᠦᠯᠲᠡ᠎ ᠶ᠋ᠢᠨ ᠠᠵᠢᠯ᠎ ᠤ᠋ᠨ ᠲᠣᠭᠲᠠᠴᠠ᠎ ᠶ᠋ᠢᠨ ᠪᠠᠢᠭᠤᠯᠤᠯᠲᠠ ᠪᠠ ᠦᠷ᠎ᠡ ᠪᠦᠲᠦᠮᠵᠢ ᠣᠯᠬᠤ ᠂ ᠨᠢᠭᠡ ᠥᠷᠲᠡᠭᠡᠵᠢᠭᠰᠡᠨ ᠬᠡᠯᠪᠡᠷᠢ᠎ ᠶ᠋ᠢᠨ ᠵᠠᠷᠭᠤ ᠬᠢᠬᠦ ᠦᠢᠯᠡᠴᠢᠯᠡᠭᠡᠨ᠎ ᠦ᠌ ᠮᠡᠳᠡᠭᠡ ᠵᠠᠩᠭᠢ᠎ ᠶ᠋ᠢᠨ ᠲᠠᠪᠴᠠᠩ᠎ ᠤ᠋ᠨ ᠴᠢᠨᠠᠷ ᠦᠷ᠎ᠡ ᠠᠰᠢᠭ ᠎ᠤ᠋ᠨ ᠭᠦᠢᠴᠡᠳᠬᠡᠯ ᠲᠣᠭ᠎ᠠ ᠵᠢᠴᠢ ᠣᠶᠤᠨᠲᠤ ᠰᠢᠭᠦᠬᠦ ᠬᠣᠷᠢᠶ᠎ᠠ᠎ ᠶ᠋ᠢ ᠪᠦᠲᠦᠭᠡᠨ ᠪᠠᠢᠭᠤᠯᠬᠤ ᠵᠡᠷᠭᠡ ᠲᠠᠯ᠎ᠠ᠎ ᠪᠠᠷ ᠭᠦᠨᠵᠡᠭᠡᠢ ᠰᠣᠯᠢᠯᠴᠠᠭ᠎ᠠ ᠬᠢᠵᠡᠢ ᠃

      ᠯᠢ ᠵᠢᠩ ᠭᠦᠸᠧ ᠢᠯᠡᠷᠬᠡᠢᠯᠡᠬᠦ᠎ ᠳ᠋ᠡᠭᠡᠨ ᠂ ᠬᠣᠶᠠᠷ ᠣᠷᠣᠨ ᠎ᠤ᠋ ᠰᠢᠭᠦᠬᠦ ᠬᠣᠷᠢᠶ᠎ᠠ ᠬᠣᠢᠰᠢᠳᠠ ᠡᠯ᠎ᠡ ᠲᠥᠷᠥᠯ ᠎ᠦ᠋ᠨ ᠠᠵᠢᠯ᠎ᠤ᠋ᠨ ᠨᠡᠪᠲᠡᠷᠡᠯᠴᠡᠭᠡ ᠰᠣᠯᠢᠯᠴᠠᠭ᠎ᠠ ᠎ᠪᠠᠨ ᠦᠷᠭᠦᠯᠵᠢᠯᠡᠨ ᠴᠢᠩᠭ᠋ᠠᠳᠬᠠᠵᠤ ᠂ ᠬᠠᠷᠢᠯᠴᠠᠨ ᠰᠤᠷᠤᠯᠴᠠᠵᠤ ᠂ ᠬᠣᠶᠠᠷ ᠲᠠᠯ᠎ᠠ᠎ ᠶ᠋ᠢᠨ ᠠᠵᠢᠯ᠎ ᠤ᠋ᠨ ᠬᠠᠮᠲᠤ᠎ ᠶ᠋ᠢᠨ ᠳᠡᠭᠡᠭᠰᠢᠯᠡᠯᠲᠡ ᠎ᠶ᠋ᠢ ᠠᠬᠢᠭᠤᠯᠬᠤ᠎ ᠶ᠋ᠢ ᠬᠦᠰᠡᠵᠦ ᠪᠠᠢᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )