ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠵᠥᠪᠯᠡᠯ ᠦ᠋ᠨ ᠪᠠᠢᠩᠭᠤ ᠶ᠋ᠢᠨ ᠳᠡᠳ᠋ ᠱᠦᠵᠢ ᠡᠦ ᠶᠦᠩ ᠫᠢᠩ ᠨᠠᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠬᠦᠷᠴᠦ ᠪᠠᠢᠭᠤᠯᠤᠯᠭ᠎ᠠ ᠶ᠋ᠢᠨ ᠳᠦᠷᠢᠮᠵᠢᠭᠰᠡᠨ  ᠪᠦᠲᠦᠭᠡᠨ ᠪᠠᠢᠭᠤᠯᠤᠯᠲᠠ ᠶ᠋ᠢᠨ  ᠠᠵᠢᠯᠯᠠᠭ᠎ᠠ ᠳ᠋ᠤ᠌ ᠪᠠᠢᠴᠠᠭᠠᠨ ᠰᠤᠳᠤᠯᠤᠯᠲᠠ
2021.11.09 ᠲᠣᠰ ᠥᠷᠲᠡᠭᠡᠨ᠎ᠦ ᠨᠠᠢᠷᠠᠭᠤᠯᠤᠭᠴᠢ

     ᠡᠦ ᠶᠦᠩ ᠫᠢᠩ ᠨᠠᠷ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠦᠵᠡᠭᠦᠯᠦᠯᠭᠡ ᠶ᠋ᠢᠨ ᠲᠣᠭᠣᠷᠢᠭ ᠂ ᠨᠠᠮ ᠤ᠋ᠨ ᠪᠠᠢᠭᠤᠯᠤᠯᠲᠠ ᠶ᠋ᠢᠨ ᠴᠢᠬᠡᠴᠢ ᠵᠠᠰᠠᠭ ᠤ᠋ᠨ ᠬᠥᠮᠦᠵᠢᠯ ᠦ᠋ᠨ ᠰᠠᠭᠤᠷᠢᠨ ᠭᠠᠵᠠᠷ ᠂ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠨᠣᠮ ᠤ᠋ᠨ ᠰᠠᠩ ᠂ ᠰᠣᠶᠣᠯ ᠵᠠᠭᠤᠴᠢᠯᠠᠭᠤᠷ ᠤ᠋ᠨ ᠲᠥᠪ ᠂ ᠮᠡᠳᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠲᠥᠪ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠰᠠᠭᠤᠷᠢᠨ ᠭᠠᠵᠠᠷ ᠵᠡᠷᠭᠡ ᠲᠠᠯᠠᠪᠤᠷ ᠭᠠᠵᠠᠷ ᠢ᠋ ᠪᠠᠢᠴᠠᠭᠠᠨ ᠦᠵᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠣᠶᠤᠨᠲᠤ ᠨᠠᠮ ᠤ᠋ᠨ ᠪᠠᠢᠭᠤᠯᠤᠯᠲᠠ ᠶ᠋ᠢᠨ ᠲᠠᠪᠴᠠᠩ ᠤ᠋ᠨ ᠠᠵᠢᠯᠯᠠᠭᠠᠨ ᠤ᠋ ᠪᠠᠢᠳᠠᠯ ᠵᠢᠴᠢ ᠪᠠᠢᠭᠤᠯᠭ᠎ᠠ ᠶ᠋ᠢᠨ ᠳᠦᠷᠢᠮᠵᠢᠭᠰᠡᠨ ᠬᠠᠮᠢᠶᠠᠷᠤᠯᠲᠠ ᠶ᠋ᠢᠨ ᠠᠵᠢᠯᠯᠠᠭᠠᠨ ᠤ᠋ ᠪᠠᠢᠳᠠᠯ ᠢ᠋ ᠨᠠᠷᠢᠨ ᠣᠢᠯᠠᠭᠠᠪᠠ ᠃


    ᠡᠦ ᠶᠦᠩ ᠫᠢᠩ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠦᠷᠢᠮᠵᠢᠭᠰᠡᠨ ᠪᠠᠢᠭᠤᠯᠤᠯᠲᠠ ᠶ᠋ᠢ ᠳᠡᠭᠡᠳᠦ ᠬᠡᠮᠵᠢᠶ᠎ᠡ ᠪᠡᠷ ᠵᠥᠪᠰᠢᠶᠡᠷᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳᠦᠷᠢᠮ ᠲᠣᠭᠲᠠᠭᠠᠯ ᠲᠣᠭᠲᠠᠭᠠᠬᠤ ᠠᠵᠢᠯ ᠢ᠋ᠶ᠋ᠠᠨ ᠦᠷᠭᠦᠯᠵᠢᠯᠡᠨ ᠴᠢᠩᠭᠠᠳᠬᠠᠵᠤ ᠂ ᠨᠡᠢᠲᠡᠯᠢᠭ ᠲᠤᠷᠰᠢᠯᠭ᠎ᠠ ᠶ᠋ᠢ ᠳᠡᠯᠭᠡᠷᠡᠭᠦᠯᠵᠦ ᠂ ᠪᠠᠢᠭᠤᠯᠭ᠎ᠠ ᠶ᠋ᠢᠨ ᠳᠦᠷᠢᠮᠵᠢᠭᠰᠡᠨ ᠪᠠᠢᠭᠤᠯᠤᠯᠲᠠ ᠶ᠋ᠢᠨ ᠠᠵᠢᠯ ᠢ᠋ ᠪᠦᠬᠦ ᠲᠠᠯ᠎ᠠ ᠪᠠᠷ ᠲᠦᠯᠬᠢᠨ ᠠᠬᠢᠭᠤᠯᠬᠤ ᠶ᠋ᠢ ᠰᠠᠨᠠᠭᠤᠯᠵᠠᠢ ᠃
     

    ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ ᠂ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠰᠢᠨ᠎ᠡ ᠬᠡᠪ ᠪᠠᠢᠳᠠᠯ ᠂ ᠰᠢᠨ᠎ᠡ ᠱᠠᠭᠠᠷᠳᠠᠯᠭ᠎ᠠ ᠪᠠ ᠠᠷᠠᠳ ᠣᠯᠠᠨ ᠤ᠋ ᠰᠢᠨ᠎ᠡ ᠬᠦᠰᠡᠯ ᠡᠷᠡᠮᠡᠯᠵᠡᠯ ᠳ᠋ᠦ᠍ ᠰᠠᠨᠠᠭᠠᠴᠢᠯᠠᠭ᠎ᠠ᠎ᠠ᠋ᠴᠠ ᠪᠠᠨ ᠵᠣᠬᠢᠴᠠᠵᠤ ᠂ ᠣᠯᠠᠨ ᠵᠦᠢᠯ ᠦ᠋ᠨ ᠠᠷᠭ᠎ᠠ ᠬᠡᠮᠵᠢᠶ᠎ᠡ ᠶ᠋ᠢ ᠵᠡᠷᠭᠡᠪᠡᠷ ᠬᠡᠷᠡᠭᠯᠡᠨ ᠠᠵᠢᠯ ᠤ᠋ᠨ ᠪᠠᠢᠷᠢ ᠶ᠋ᠢᠨ ᠡᠭᠦᠷᠭᠡ ᠬᠠᠷᠢᠭᠤᠴᠠᠯᠭ᠎ᠠ ᠂ ᠳᠡᠰ ᠳᠠᠷᠠᠭᠠᠯᠠᠯ ᠂ ᠳᠦᠷᠢᠮ ᠰᠤᠷᠲᠠᠯ ᠤ᠋ᠨ   ᠪᠠᠢᠭᠤᠯᠤᠯᠲᠠ ᠂ ᠳᠣᠲᠣᠭᠠᠳᠤ ᠶ᠋ᠢᠨ ᠬᠢᠨᠠᠯᠲᠠ ᠵᠡᠷᠭᠡ ᠲᠠᠯ᠎ᠠ ᠶ᠋ᠢᠨ ᠠᠵᠢᠯ ᠢ᠋ ᠵᠢᠷᠤᠮᠵᠢᠭᠤᠯᠵᠤ ᠂ ᠪᠠᠢᠭᠤᠯᠤᠯᠭ᠎ᠠ ᠶ᠋ᠢᠨ ᠳᠦᠷᠢᠮᠵᠢᠭᠰᠡᠨ ᠪᠦᠲᠦᠭᠡᠨ ᠪᠠᠢᠭᠤᠯᠤᠯᠲᠠ ᠶ᠋ᠢᠨ ᠬᠢᠷᠢ ᠲᠦᠪᠰᠢᠨ ᠢ᠋ ᠤᠯᠠᠮ ᠨᠢᠭᠡ ᠠᠯᠬᠤᠮ ᠳᠡᠭᠡᠭᠰᠢᠯᠡᠭᠦᠯᠵᠦ ᠂  ᠠᠵᠢᠯ ᠤ᠋ᠨ ᠡᠷᠭᠢᠯᠲᠡ ᠶ᠋ᠢᠨ ᠦᠷ᠎ᠡ ᠪᠦᠲᠦᠮᠵᠢ ᠪᠠ ᠠᠵᠢᠯ ᠤ᠋ᠨ ᠬᠢᠷᠢ ᠲᠦᠪᠰᠢᠨ ᠢ᠋ ᠲᠠᠰᠤᠷᠠᠯᠲᠠ ᠦᠭᠡᠢ ᠳᠡᠭᠡᠭᠰᠢᠯᠡᠭᠦᠯᠬᠦ᠎ ᠪᠡᠷ  ᠪᠡᠯᠡᠬᠡᠨ ᠪᠣᠯᠵᠤ ᠪᠠᠢᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )