ᠰᠡᠳᠬᠢᠴᠡ ᠶ᠋ᠢᠨ ᠣᠷᠴᠢᠨ ᠲᠣᠭᠣᠷᠢᠨ ᠢ᠋  ᠪᠦᠲᠦᠭᠡᠨ ᠪᠠᠢᠭᠤᠯᠵᠤ᠂  ᠰᠡᠳᠬᠢᠴᠡ ᠶ᠋ᠢᠨ  ᠲᠤᠷᠰᠢᠯᠭ᠎ᠠ ᠶ᠋ᠢ ᠪᠠᠶᠠᠯᠢᠭᠵᠢᠭᠤᠯᠬᠤ— ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ᠎ᠨᠢ ᠰᠡᠳᠬᠢᠴᠡ ᠶ᠋ᠢᠨ ᠡᠷᠡᠭᠦᠯ ᠮᠡᠨᠳᠦ ᠶ᠋ᠢᠨ ᠮᠡᠳᠡᠯᠭᠡ ᠶ᠋ᠢᠨ ᠲᠤᠰᠬᠠᠢ ᠰᠡᠳᠦᠪᠲᠦ ᠲᠠᠢᠯᠤᠮᠵᠢ ᠡᠷᠬᠢᠯᠡᠪᠡ
2021.11.09 ᠲᠣᠰ ᠥᠷᠲᠡᠭᠡᠨ ᠦ ᠨᠠᠢᠷᠠᠭᠤᠯᠤᠭᠴᠢ

     ᠺᠠᠲ᠋ᠷ ᠴᠠᠭᠳᠠᠭ᠎ᠠ ᠶ᠋ᠢᠨ ᠰᠡᠳᠬᠢᠴᠡ ᠶ᠋ᠢᠨ ᠳᠠᠷᠤᠭᠠᠰᠤ ᠶ᠋ᠢ ᠪᠦᠲᠦᠮᠵᠢᠲᠡᠢ ᠨᠠᠮᠳᠠᠭᠤᠯᠵᠤ ᠂ ᠥᠪᠡᠷ ᠢ᠋ ᠪᠡᠨ ᠲᠣᠬᠢᠷᠠᠭᠤᠯᠬᠤ ᠪᠠ ᠳᠠᠷᠤᠯᠲᠠ ᠶ᠋ᠢ ᠡᠰᠡᠷᠭᠦᠴᠡᠬᠦ ᠴᠢᠳᠠᠪᠤᠷᠢ ᠶ᠋ᠢ ᠳᠡᠭᠡᠭᠰᠢᠯᠡᠭᠦᠯᠵᠦ ᠂ ᠪᠡᠶ᠎ᠡ ᠰᠡᠳᠬᠢᠯ ᠦ᠋ᠨ ᠡᠷᠡᠭᠦᠯ ᠮᠡᠨᠳᠦ ᠶ᠋ᠢ ᠠᠬᠢᠭᠤᠯᠬᠤ ᠶ᠋ᠢᠨ ᠲᠥᠯᠥᠭᠡ ᠂ ᠣᠢᠷ᠎ᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠ᠋ᠴᠠ ᠰᠡᠳᠬᠢᠴᠡ ᠶ᠋ᠢᠨ ᠡᠷᠡᠭᠦᠯ ᠮᠡᠨᠳᠦ ᠶ᠋ᠢᠨ ᠮᠡᠳᠡᠯᠭᠡ ᠶ᠋ᠢᠨ ᠲᠤᠰᠬᠠᠢ ᠰᠡᠳᠦᠪᠲᠦ ᠲᠠᠢᠯᠤᠮᠵᠢ ᠬᠢᠵᠦ ᠂ ᠤᠯᠤᠰ ᠤ᠋ᠨ ᠬᠣᠶᠠᠳᠤᠭᠠᠷ ᠳᠡᠰ ᠦ᠋ᠨ ᠰᠡᠳᠬᠢᠴᠡ ᠶ᠋ᠢᠨ ᠯᠠᠪᠯᠠᠭ᠎ᠠ ᠥᠭᠭᠦᠭᠴᠢ ᠂ ᠤᠯᠤᠰ ᠤ᠋ᠨ ᠪᠦᠯᠬᠦᠮ ᠦ᠋ᠨ ᠬᠠᠪᠰᠤᠷᠤᠨ ᠵᠢᠯᠣᠭᠣᠳᠬᠤ ᠯᠠᠪᠯᠠᠭ᠎ᠠ ᠥᠭᠭᠦᠭᠴᠢ ᠂ ᠡᠨᠧᠷᠭᠢ ᠶ᠋ᠢᠨ ᠰᠡᠳᠬᠢᠴᠡ ᠶ᠋ᠢᠨ ᠵᠦᠢ ᠶ᠋ᠢᠨ ᠠᠰᠠᠭᠤᠨ ᠯᠠᠪᠯᠠᠭᠴᠢ  ᠥᠭᠭᠦᠭᠴᠢᠳ ᠠ᠋ᠴᠠ  ᠬᠢᠴᠢᠶᠡᠯ ᠵᠢᠭᠠᠬᠤ ᠪᠠᠷ ᠪᠣᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ  ᠭᠡᠰᠢᠭᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠨᠢᠦ ᠬᠠᠢ ᠯᠢᠶᠠᠩ ᠎ᠡᠴᠡ ᠲᠠᠢᠯᠤᠮᠵᠢ ᠶ᠋ᠢ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠡᠷ ᠲᠡᠭᠡᠨ  ᠠᠵᠢᠯᠯᠠᠵᠤ ᠪᠠᠢᠭ᠎ᠠ  ᠪᠠᠭ ᠤ᠋ᠨ  ᠭᠡᠰᠢᠭᠦᠨ᠂ ᠪᠦᠬᠦ ᠺᠠᠲ᠋ᠷ ᠴᠠᠭᠳᠠᠭ᠎ᠠ᠎ᠨᠠᠷ ᠣᠷᠤᠯᠴᠠᠭᠰᠠᠨ ᠪᠠᠢᠨ᠎ᠠ᠃


     

     ᠰᠠᠴᠤᠷᠠ ᠪᠠᠭᠰᠢ ᠎ᠡᠴᠡ  ᠲᠤᠰ ᠤᠳᠠᠭᠠᠨ ᠎ ᠤ ᠲᠠᠢᠯᠤᠮᠵᠢ ᠵᠢ 《 ᠰᠡᠳᠬᠢᠴᠡ ᠶ᠋ᠢᠨ ᠣᠷᠴᠢᠨ ᠲᠣᠭᠣᠷᠢᠨ ᠢ᠋ ᠪᠦᠲᠦᠭᠡᠨ  ᠪᠠᠢᠭᠤᠯᠵᠤ᠂  ᠰᠡᠳᠬᠢᠴᠡ ᠶ᠋ᠢᠨ  ᠲᠤᠷᠰᠢᠯᠭ᠎ᠠ ᠶ᠋ᠢ ᠪᠠᠶᠠᠯᠢᠭᠵᠢᠭᠤᠯᠬᠤ 》 ᠪᠠᠷ ᠰᠡᠳᠦᠪᠯᠡᠵᠦ ᠂ ᠥᠰᠥᠭ  ᠪᠢᠴᠢᠭ ᠢ᠋ᠶ᠋ᠡᠷ ᠲᠠᠢᠯᠪᠤᠷᠢᠯᠠᠨ ᠂ ᠵᠢᠷᠤᠭ ᠲᠠᠨᠢᠯᠴᠠᠭᠤᠯᠬᠤ ᠂ ᠰᠡᠳᠬᠢᠴᠡ ᠶ᠋ᠢ ᠰᠢᠯᠤᠭᠤᠳᠬᠠᠨ ᠬᠥᠲᠥᠯᠬᠦ ᠵᠡᠷᠭᠡ ᠬᠡᠯᠪᠡᠷᠢ ᠪᠡᠷ ᠳᠠᠮᠵᠢᠭᠤᠯᠤᠨ ᠂ ᠺᠠᠲ᠋ᠷ ᠴᠠᠭᠳᠠᠭ᠎ᠠ ᠳ᠋ᠤ᠌ ᠰᠡᠳᠬᠢᠴᠡ ᠶ᠋ᠢᠨ ᠡᠷᠡᠭᠦᠯ ᠮᠡᠨᠳᠦ ᠶ᠋ᠢᠨ ᠲᠠᠯ᠎ᠠ ᠎ᠪᠡᠷ ᠬᠢ ᠲᠤᠰᠬᠠᠢ ᠮᠡᠳᠡᠯᠭᠡ ᠶ᠋ᠢ ᠲᠠᠢᠯᠪᠤᠷᠢᠯᠠᠨ ᠥᠭᠴᠦ ᠂ ᠺᠠᠲ᠋ᠷ ᠴᠠᠭᠳᠠᠭ᠎ᠠ ᠨᠠᠷ ᠲᠤ᠌ ᠤᠷᠮ᠎ᠠ ᠰᠡᠳᠬᠢᠯᠭᠡ ᠪᠡᠨ ᠠᠭᠤᠵᠢᠷᠠᠭᠤᠯᠬᠤ ᠂ ᠳᠠᠷᠤᠯᠲᠠ  ᠎ᠪᠠᠨ ᠬᠥᠩᠭᠡᠷᠡᠭᠦᠯᠬᠦ ᠲᠤᠬᠠᠢ ᠵᠢᠯᠤᠭᠤᠳᠤᠮᠵᠢ ᠥᠭᠴᠡᠢ᠃  ᠮᠥᠨ ᠴᠤ᠌ ᠺᠠᠲ᠋ᠷ ᠴᠠᠭᠳᠠᠭ᠎ᠠ ᠶ᠋ᠢ ᠬᠥᠲᠥᠯᠦᠨ ᠵᠢᠯᠣᠭᠣᠳᠴᠤ  ᠪᠠᠢᠭᠰᠠᠭᠠᠷ᠂ ᠡᠷᠡᠭᠦᠯ ᠮᠡᠨᠳᠦ ᠶ᠋ᠢᠨ ᠵᠥᠪ ᠦᠵᠡᠯᠲᠡ ᠶ᠋ᠢ ᠪᠣᠢ ᠪᠣᠯᠭᠠᠵᠤ ᠂ ᠦᠷᠭᠦᠯᠵᠢ ᠲᠣᠬᠢᠶᠠᠯᠳᠤᠳᠠᠭ ᠰᠡᠳᠬᠢᠴᠡ ᠶ᠋ᠢᠨ ᠠᠰᠠᠭᠤᠳᠠᠯ ᠢ᠋ ᠢᠯᠭᠠᠨ ᠲᠠᠨᠢᠬᠤ ᠴᠢᠳᠠᠪᠤᠷᠢ  ᠵᠢ ᠳᠡᠭᠡᠭᠰᠢᠯᠡᠭᠦᠯᠦᠭᠰᠡᠨ ᠪᠠᠢᠨ᠎ᠠ᠃
       ᠨᠢᠦ ᠬᠠᠢ ᠯᠢᠶᠠᠩ ᠵᠢᠭᠠᠵᠤ ᠭᠠᠷᠭᠠᠭᠰᠠᠨ ᠨᠢ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠺᠠᠲ᠋ᠷ ᠴᠠᠭᠳᠠᠭ᠎ᠠ ᠶ᠋ᠢᠨ ᠪᠡᠶ᠎ᠡ ᠰᠡᠳᠬᠢᠴᠡ ᠵᠢᠨ ᠡᠷᠡᠭᠦᠯ ᠮᠡᠨᠳᠦ ᠶ᠋ᠢ  ᠡᠷᠬᠡᠪᠰᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ  ᠦᠵᠡᠬᠦ ᠬᠡᠷᠡᠭᠲᠡᠢ ᠂ ᠡᠢᠮᠦ᠎ ᠡᠴᠡ ᠪᠦᠬᠦ ᠺᠠᠲ᠋ᠷ ᠴᠠᠭᠳᠠᠭ᠎ᠠ ᠨᠠᠷ ᠎ᠨᠢ ᠲᠤᠰ ᠤᠳᠠᠭᠠᠨ ᠤ ᠰᠡᠳᠬᠢᠴᠡ ᠶ᠋ᠢᠨ ᠮᠡᠳᠡᠯᠭᠡ ᠶ᠋ᠢᠨ ᠲᠠᠢᠯᠤᠮᠵᠢ ᠪᠠᠷ ᠲᠣᠬᠢᠶᠠᠯ ᠪᠣᠯᠭᠠᠵᠤ ᠂ ᠪᠡᠶ᠎ᠡ ᠰᠡᠳᠬᠢᠯ ᠦ᠋ᠨ ᠡᠷᠡᠭᠦᠯ ᠮᠡᠨᠳᠦ ᠶ᠋ᠢ ᠤᠯᠠᠮ ᠨᠢᠭᠡ ᠠᠯᠬᠤᠮ ᠴᠢᠬᠤᠯᠠᠴᠢᠯᠠᠨ ᠠᠩᠬᠠᠷᠴᠤ ᠂  ᠬᠤᠪᠢ ᠪᠡᠶ᠎ᠡ ᠶ᠋ᠢᠨ ᠶᠡᠷᠦᠩᠬᠡᠢᠯᠡᠭᠰᠡᠨ ᠬᠡᠪ ᠴᠢᠨᠠᠷ ᠤ᠋ᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠡᠩ ᠰᠠᠢᠨ ᠣᠶᠤᠨ ᠰᠠᠨᠠᠭᠠᠨ ᠤ᠋ ᠳᠦᠷᠰᠦ ᠪᠠᠢᠳᠠᠯ ᠢ᠋ᠶ᠋ᠠᠷ  ᠠᠵᠢᠯᠯᠠᠵᠤ ᠂ ᠠᠷᠠᠳ ᠣᠯᠠᠨ ᠳ᠋ᠤ᠌ ᠨᠡᠩ ᠴᠢᠨᠠᠷ ᠰᠠᠢᠲᠠᠢ ᠥᠨᠳᠥᠷ ᠪᠦᠲᠦᠮᠵᠢᠲᠡᠢ ᠬᠠᠤᠯᠢ ᠴᠠᠭᠠᠵᠠ ᠶ᠋ᠢᠨ ᠦᠢᠯᠡᠴᠢᠯᠡᠭᠡ ᠬᠠᠩᠭᠠᠬᠤ ᠶ᠋ᠢ ᠬᠦᠰᠡᠵᠦ ᠪᠠᠢᠨ᠎ᠠ ᠭᠡᠵᠡᠢ ᠃
    ᠲᠠᠢᠯᠤᠮᠵᠢ ᠳᠠᠭᠤᠰᠤᠭᠰᠠᠨ ᠤ᠋ ᠳᠠᠷᠠᠭ᠎ᠠ ᠂ ᠺᠠᠲ᠋ᠷ ᠴᠠᠭᠳᠠᠭ᠎ᠠ ᠨᠠᠷ 《ᠲᠤᠰ ᠤᠳᠠᠭᠠᠨ ᠤ᠋ ᠰᠡᠳᠬᠢᠴᠡ ᠶ᠋ᠢᠨ ᠡᠷᠡᠭᠦᠯ ᠮᠡᠨᠳᠦ ᠶ᠋ᠢᠨ ᠮᠡᠳᠡᠯᠭᠡ ᠶ᠋ᠢᠨ ᠲᠠᠢᠯᠤᠮᠵᠢ ᠪᠠᠷ  ᠳᠠᠮᠵᠢᠭᠤᠯᠵᠤ ᠰᠡᠳᠬᠢᠴᠡ ᠶ᠋ᠢᠨ ᠡᠷᠡᠭᠦᠯ ᠮᠡᠨᠳᠦ ᠶ᠋ᠢᠨ ᠮᠡᠳᠡᠯᠭᠡ ᠶ᠋ᠢᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠰᠡᠳᠬᠢᠴᠡ ᠶ᠋ᠢᠨ ᠪᠠᠢᠳᠠᠯ ᠢ᠋ ᠵᠥᠪ ᠵᠣᠬᠢᠴᠠᠭᠤᠯᠬᠤ ᠠᠷᠭ᠎ᠠ ᠶ᠋ᠢ ᠰᠤᠷᠴᠤ ᠂ ᠬᠦᠨᠳᠦ ᠬᠡᠴᠡᠭᠦᠦ ᠠᠵᠢᠯ ᠤ᠋ᠨ ᠳᠠᠷᠤᠯᠲᠠ ᠳ᠋ᠤ᠌ ᠬᠥᠩᠭᠡᠨ ᠰᠢᠯᠤᠭᠤᠨ ᠢ᠋ᠶ᠋ᠠᠷ ᠣᠷᠣᠯᠴᠠᠵᠤ ᠂ ᠬᠡᠵᠢᠶᠡᠳᠡ ᠴᠣᠭ ᠪᠠᠳᠠᠷᠠᠩᠭᠤᠢ ᠎ᠪᠡᠷ ᠠᠵᠢᠯᠯᠠᠬᠤ ᠵᠣᠷᠢᠭ ᠰᠠᠨᠠᠭ᠎ᠠ  ᠵᠢ  ᠪᠠᠷᠢᠮᠲᠠᠯᠠᠵᠤ ᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠡᠯ᠎ᠡ ᠵᠦᠢᠯ ᠦ᠋ᠨ ᠠᠵᠢᠯ ᠢ᠋ ᠰᠢᠨ᠎ᠡ ᠳᠡᠭᠲᠡᠷ ᠲᠦ᠍ ᠭᠠᠷᠭᠠᠬᠤ ᠎ᠪᠡᠷ  ᠬᠦᠴᠦ᠎ᠪᠠᠨ ᠡᠷᠭᠦᠨ᠎ᠡ》ᠭᠡᠵᠦ ᠢᠯᠡᠷᠬᠡᠢᠯᠡᠵᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )