ᠬᠣᠲᠠ ᠶ᠋ᠢᠨ ᠨᠠᠮ ᠤ᠋ᠨ ᠬᠣᠷᠢᠶ᠎ᠠ ᠨᠢ ᠬᠣᠲᠠ ᠶ᠋ᠢᠨ ᠬᠡᠪᠴᠢᠶᠡᠨ ᠤ ᠨᠡᠢᠭᠡᠮ ᠦ᠋ᠨ ᠵᠠᠰᠠᠯᠲᠠ ᠶ᠋ᠢᠨ ᠣᠳᠣᠬᠢᠴᠢᠯᠠᠯᠲᠠ ᠶ᠋ᠢ ᠠᠬᠢᠭᠤᠯᠵᠦ ᠂ ᠵᠥᠷᠢᠴᠡᠯ ᠵᠢᠭᠤᠷᠠᠭᠠᠨ ᠢ᠋ ᠣᠯᠠᠨ ᠡᠰᠢᠴᠢᠯᠡᠨ ᠰᠢᠢᠳᠪᠦᠷᠢᠯᠡᠬᠦ ᠶ᠋ᠢ ᠴᠢᠩᠭᠠᠳᠬᠠᠬᠤ ᠲᠤᠬᠠᠢ ᠠᠵᠢᠯ ᠤ᠋ᠨ ᠪᠠᠢᠷᠢᠯᠠᠭᠤᠯᠤᠯᠲᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠥᠷᠢᠵᠢᠭᠤᠯᠬᠤ ᠶᠢᠨ ᠲᠥᠯᠦᠭᠡ ᠂ ᠣᠷᠳᠣᠰ ᠬᠣᠲᠠ ᠶ᠋ᠢᠨ ᠣᠨᠴᠠᠯᠢᠭ ᠲᠠᠢ ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠰᠢᠢᠳᠪᠦᠷᠢᠯᠡᠬᠦ ᠰᠢᠨ᠎ᠡ ᠬᠡᠪ ᠵᠠᠭᠪᠤᠷ ᠂ ᠰᠢᠨ᠎ᠡ ᠰᠢᠰᠲ᠋ᠧᠮ ᠢ᠋ ᠢᠳᠡᠪᠬᠢᠲᠡᠢ ᠰᠦᠪᠡᠭᠴᠢᠯᠡᠨ ᠂ 《 ᠨᠡᠢᠭᠡᠮ ᠦ᠋ᠨ ᠡᠶᠡᠳᠡᠭᠦᠯᠭᠡ ᠬᠢᠬᠦ ᠨᠢ ᠲᠡᠷᠢᠭᠦᠨ ᠂ ᠰᠢᠭᠦᠬᠦ ᠬᠣᠷᠢᠶ᠎ᠠ ᠬᠡᠷᠡᠭ ᠪᠣᠯᠭᠠᠨ ᠳᠠᠩᠰᠠᠯᠠᠬᠤ ᠨᠢ ᠳᠠᠷᠠᠭ᠎ᠠ 》 ᠭᠡᠬᠦ ᠠᠬᠢᠭᠤᠯᠬᠤ ᠬᠡᠯᠪᠡᠷᠢ ᠶ᠋ᠢᠨ ᠡᠶᠡᠳᠡᠭᠦᠯᠬᠦ ᠰᠢᠨ᠎ᠡ ᠠᠷᠭ᠎ᠠ ᠵᠠᠮ ᠢ᠋ ᠪᠠᠢᠭᠤᠯᠵᠠᠢ ᠃ 9 ᠰᠠᠷ᠎ᠠ ᠶ᠋ᠢᠨ 2 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠂ ᠣᠷᠳᠣᠰ ᠬᠣᠲᠠ ᠶ᠋ᠢᠨ ᠳ᠋ᠦᠩᠱᠧᠩ ᠲᠣᠭᠣᠷᠢᠭ ᠤ᠋ᠨ ᠨᠠᠮ ᠤ᠋ᠨ ᠬᠣᠷᠢᠶᠠᠨ ᠤ᠋ ᠳᠡᠳ᠋ ᠱᠦᠵᠢ ᠂ ᠵᠠᠰᠠᠭ ᠤ᠋ᠨ ᠣᠷᠳᠣᠨ ᠤ᠋ ᠣᠷᠣᠯᠠᠭᠴᠢ ᠳᠠᠷᠤᠭ᠎ᠠ ᠬᠠᠨ ᠲᠤᠤ ᠂ ᠣᠷᠳᠣᠰ ᠬᠣᠲᠠ ᠶ᠋ᠢᠨ ᠵᠠᠬᠢᠳᠠᠯ ᠰᠤᠷᠪᠤᠯᠵᠢᠯᠠᠭ᠎ᠠ ᠶ᠋ᠢᠨ ᠲᠣᠪᠴᠢᠶ᠎ᠠ ᠶ᠋ᠢᠨ ᠳᠠᠷᠤᠭ᠎ᠠ ᠶ᠋ᠢᠨ ᠱᠠᠨ ᠵᠡᠷᠭᠡ 10 ᠬᠥᠮᠦᠨ ᠪᠠᠶᠠᠨᠨᠠᠭᠤᠷ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠪᠣᠯᠤᠨ ᠯᠢᠨ ᠾᠧ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶᠠᠨ ᠳ᠋ᠤ᠌ ᠬᠦᠷᠴᠦ ᠪᠠᠢᠴᠠᠭᠠᠨ ᠰᠤᠷᠤᠯᠴᠠᠪᠠ ᠃
ᠪᠠᠢᠴᠠᠭᠠᠬᠤ ᠳᠤᠭᠤᠢᠯᠠᠩ ᠨᠢ ᠯᠢᠨ ᠾᠧ ᠲᠣᠭᠣᠷᠢᠭ ᠤ᠋ᠨ ᠵᠥᠷᠢᠴᠡᠯ ᠵᠢᠭᠤᠷᠠᠯᠳᠤᠭᠠᠨ ᠢ᠋ ᠰᠢᠢᠳᠪᠦᠷᠢᠯᠡᠬᠦ ᠵᠢᠯᠣᠭᠣᠳᠬᠤ ᠲᠥᠪ ᠢ᠋ ᠲᠣᠭᠣᠷᠢᠨ ᠪᠠᠢᠴᠠᠭᠠᠵᠤ ᠂ ᠬᠡᠷᠡᠭ ᠪᠣᠯᠭᠠᠨ ᠳᠠᠩᠰᠠᠯᠠᠬᠤ ᠶᠡᠬᠡ ᠲᠢᠩᠬᠢᠮ ᠂ ᠶᠡᠷᠦᠩᠬᠡᠢᠯᠡᠨ ᠵᠠᠰᠠᠬᠤ ᠲᠥᠪ ᠂ ᠵᠠᠷᠭᠤ ᠶ᠋ᠢᠨ ᠡᠶᠡᠳᠡᠭᠦᠯᠭᠡ ᠶ᠋ᠢ ᠵᠣᠯᠭᠠᠭᠤᠯᠬᠤ ᠲᠥᠪ ᠂ ᠰᠦᠯᠵᠢᠶᠡᠵᠢᠭᠦᠯᠬᠦ ᠦᠢᠯᠡᠴᠢᠯᠡᠭᠡᠨ ᠦ᠌ ᠬᠠᠮᠢᠶᠠᠷᠤᠯᠲᠠ ᠶ᠋ᠢᠨ ᠲᠥᠪ ᠂ ᠠᠷᠠᠳ ᠤ᠋ᠨ ᠡᠶᠡᠳᠡᠭᠦᠯᠬᠦ ᠲᠥᠪ ᠂ ᠵᠠᠬᠢᠳᠠᠯ ᠰᠤᠷᠪᠤᠯᠵᠢᠯᠠᠭ᠎ᠠ ᠶ᠋ᠢᠨ ᠭᠣᠮᠣᠳᠠᠯ ᠱᠠᠭᠠᠷᠳᠠᠯᠭ᠎ᠠ ᠶ᠋ᠢ ᠲᠥᠷᠥᠯ ᠬᠤᠪᠢᠶᠠᠨ ᠰᠢᠢᠳᠪᠦᠷᠢᠯᠡᠬᠦ ᠲᠥᠪ ᠵᠡᠷᠭᠡ ᠲᠠᠯᠠᠪᠤᠷ ᠢ᠋ᠶ᠋ᠠᠷ ᠲᠣᠭᠣᠷᠢᠨ ᠦᠵᠡᠭᠰᠡᠨ ᠪᠠᠢᠨ᠎ᠠ ᠃ ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠰᠢᠢᠳᠪᠦᠷᠢᠯᠡᠬᠦ ᠵᠢᠯᠣᠭᠣᠳᠬᠤ ᠲᠥᠪ ᠦ᠋ᠨ ᠪᠠᠢᠭᠤᠯᠤᠯᠲᠠ ᠶ᠋ᠢᠨ ᠪᠦᠲᠦᠴᠡ ᠪᠡᠷ ᠭᠣᠣᠯ ᠪᠣᠯᠭᠠᠵᠤ ᠂ ᠲᠠᠪᠴᠠᠩ ᠤ᠋ᠨ ᠪᠠᠢᠭᠤᠯᠤᠯᠲᠠ ᠂ ᠠᠵᠢᠯᠲᠠᠨ ᠤ᠋ ᠬᠠᠮᠢᠶᠠᠷᠤᠯᠲᠠ ᠂ ᠠᠵᠢᠯ ᠤ᠋ᠨ ᠬᠡᠪ ᠵᠠᠭᠪᠤᠷ ᠂ ᠭᠢᠯᠠᠰ ᠴᠡᠭ ᠦ᠋ᠨ ᠳᠠᠪᠠᠭᠤᠯᠢᠭ ᠵᠡᠷᠭᠡ ᠲᠠᠯ᠎ᠠ ᠪᠠᠷ ᠰᠠᠨᠠᠯ ᠢ᠋ᠶ᠋ᠠᠨ ᠰᠣᠯᠢᠯᠴᠠᠵᠠᠢ ᠃
ᠣᠢᠯᠠᠭᠠᠭᠰᠠᠨ ᠢ᠋ᠶ᠋ᠠᠷ ᠂ ᠯᠢᠨ ᠾᠧ ᠲᠣᠭᠣᠷᠢᠭ ᠤ᠋ᠨ ᠵᠥᠷᠢᠴᠡᠯ ᠵᠢᠭᠤᠷᠠᠯᠳᠤᠭᠠᠨ ᠤ᠋ ᠣᠯᠠᠨ ᠡᠰᠢᠵᠢᠭᠦᠯᠦᠨ ᠰᠢᠢᠳᠪᠦᠷᠢᠯᠡᠬᠦ ᠵᠢᠯᠣᠭᠣᠳᠬᠤ ᠲᠥᠪ ᠨᠢ ᠯᠢᠨ ᠾᠧ ᠲᠣᠭᠣᠷᠢᠭ ᠤ᠋ᠨ ᠨᠠᠮ ᠤ᠋ᠨ ᠬᠣᠷᠢᠶ᠎ᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠵᠥᠪᠯᠡᠯ ᠢ᠋ᠶ᠋ᠡᠷ ᠲᠦᠷᠦᠭᠦᠯᠡᠭᠦᠯᠵᠦ ᠂ ᠰᠢᠭᠦᠬᠦ ᠬᠣᠷᠢᠶ᠎ᠠ ᠂ ᠳᠣᠲᠣᠭᠠᠳᠤ ᠶ᠋ᠢ ᠬᠠᠮᠠᠭᠠᠯᠠᠬᠤ ᠂ ᠬᠠᠤᠯᠢ ᠴᠠᠭᠠᠵᠠ ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ ᠢ᠋ ᠪᠦᠬᠦ ᠲᠠᠯ᠎ᠠ ᠪᠠᠷ ᠡᠮᠬᠢᠯᠡᠨ ᠨᠡᠢᠯᠡᠭᠦᠯᠬᠦ ᠪᠡᠷ ᠳᠠᠮᠵᠢᠭᠤᠯᠤᠨ ᠂ ᠠᠷᠠᠳ ᠤ᠋ᠨ ᠡᠶᠡᠳᠡᠭᠦᠯᠦᠭᠴᠢ ᠶ᠋ᠢᠨ ᠣᠷᠣᠨ ᠨᠤᠲᠤᠭ ᠤ᠋ᠨ ᠳᠠᠪᠠᠭᠤᠯᠢᠭ ᠪᠠᠢᠳᠠᠯ᠂ ᠠᠵᠢᠯ ᠲᠥᠷᠥᠯ ᠦ᠋ᠨ ᠲᠤᠰᠬᠠᠢ ᠮᠡᠷᠭᠡᠵᠢᠯᠲᠡᠨ ᠦ᠌ ᠲᠤᠰᠬᠠᠢ ᠮᠡᠷᠭᠡᠵᠢᠯ ᠦ᠋ᠨ ᠳᠠᠪᠠᠭᠤᠯᠢᠭ ᠪᠣᠯᠤᠨ ᠬᠠᠤᠯᠢ ᠶ᠋ᠢᠨ ᠲᠤᠰᠢᠶᠠᠯᠲᠠᠨ ᠤ᠋ ᠬᠠᠤᠯᠢ ᠴᠠᠭᠠᠵᠠ ᠶ᠋ᠢᠨ ᠳᠠᠪᠠᠭᠤᠯᠢᠭ ᠢ᠋ ᠶᠡᠷᠦᠩᠬᠡᠢᠯᠡᠨ ᠂ ᠡᠯ᠎ᠡ ᠲᠠᠯ᠎ᠠ ᠶ᠋ᠢᠨ ᠡᠶᠡᠳᠡᠭᠦᠯᠬᠦ ᠨᠡᠢᠯᠡᠯ ᠬᠦᠴᠦᠨ ᠢ᠋ ᠳᠠᠢᠴᠢᠯᠠᠬᠤ ᠪᠠᠷ ᠦᠯᠦ ᠪᠠᠷᠠᠮ᠂ ᠨᠡᠢᠭᠡᠮ ᠦ᠋ᠨ ᠡᠯ᠎ᠡ ᠲᠥᠷᠥᠯ ᠦ᠋ᠨ ᠵᠠᠰᠠᠯᠲᠠ ᠶ᠋ᠢᠨ ᠲᠣᠣᠷ ᠰᠦᠯᠵᠢᠶᠡᠨ ᠳ᠋ᠦ᠍ ᠠᠭᠤᠰᠬᠠᠨ ᠂ ᠵᠥᠷᠢᠴᠡᠯ ᠵᠢᠭᠤᠷᠠᠯᠳᠤᠭᠠᠨ ᠢ᠋ ᠲᠥᠷᠥᠯ ᠬᠤᠪᠢᠶᠠᠨ ᠰᠢᠢᠳᠪᠦᠷᠢᠯᠡᠵᠡᠢ ᠃ ᠲᠤᠰ ᠲᠥᠪ ᠨᠢ ᠶᠡᠷᠦᠩᠬᠡᠢᠯᠡᠨ ᠵᠠᠰᠠᠬᠤ ᠂ ᠰᠦᠯᠵᠢᠶᠡᠴᠢᠯᠡᠭᠰᠡᠨ ᠦᠢᠯᠡᠴᠢᠯᠡᠭᠡᠨ ᠦ᠌ ᠬᠠᠮᠢᠶᠠᠷᠤᠯᠲᠠ ᠂ ᠵᠠᠷᠭᠤ ᠡᠶᠡᠳᠡᠭᠦᠯᠭᠡ ᠶ᠋ᠢ ᠵᠣᠯᠭᠠᠯᠴᠠᠭᠤᠯᠬᠤ ᠂ ᠠᠷᠠᠳ ᠤ᠋ᠨ ᠡᠶᠡᠳᠡᠭᠦᠯᠭᠡ ᠂ ᠵᠠᠰᠠᠭ ᠵᠠᠬᠢᠷᠭᠠᠨ ᠤ᠋ ᠡᠶᠡᠳᠡᠭᠦᠯᠭᠡ ᠂ ᠵᠠᠰᠠᠭ ᠵᠠᠬᠢᠷᠭᠠᠨ ᠤ᠋ ᠬᠥᠨᠳᠡᠯᠡᠨ ᠡᠴᠡ ᠲᠠᠰᠤᠯᠬᠤ ᠂ ᠬᠠᠤᠯᠢ ᠴᠠᠭᠠᠵᠠ ᠶ᠋ᠢᠨ ᠡᠶᠡᠳᠡᠭᠦᠯᠭᠡ ᠵᠡᠷᠭᠡ 8 ᠲᠣᠭᠣᠷᠢᠭ ᠳᠡᠰ ᠦ᠋ᠨ ᠲᠥᠪ ᠵᠢᠴᠢ 8 ᠡᠶᠡᠳᠡᠭᠦᠯᠬᠦ ᠠᠵᠢᠯ ᠤ᠋ᠨ ᠲᠠᠰᠤᠭ ᠲᠠᠢ ᠪᠠᠢᠵᠤ᠂ ᠵᠥᠷᠢᠴᠡᠯ ᠵᠢᠭᠤᠷᠠᠯᠳᠤᠭᠠᠨ ᠢ᠋ ᠲᠥᠷᠥᠯ ᠬᠤᠪᠢᠶᠠᠨ ᠵᠢᠯᠣᠭᠣᠳᠬᠤ ᠂ ᠮᠡᠳᠡᠭᠡ ᠵᠠᠩᠭᠢ ᠴᠤᠭᠯᠠᠭᠤᠯᠬᠤ ᠂ ᠬᠡᠷᠡᠭ ᠪᠣᠯᠭᠠᠨ ᠳᠠᠩᠰᠠᠯᠠᠬᠤ ᠂ ᠬᠠᠤᠯᠢ ᠴᠠᠭᠠᠵᠠ ᠪᠠᠷ ᠨᠤᠲᠠᠯᠠᠬᠤ ᠂ ᠠᠷᠠᠳ ᠤ᠋ᠨ ᠡᠶᠡᠳᠡᠭᠦᠯᠭᠡ ᠂ ᠵᠠᠰᠠᠭ ᠵᠠᠬᠢᠷᠭᠠᠨ ᠤ᠋ ᠬᠥᠨᠳᠡᠯᠡᠨ ᠡᠴᠡ ᠲᠠᠰᠤᠯᠬᠤ ᠂ ᠬᠠᠤᠯᠢᠴᠢ ᠶ᠋ᠢᠨ ᠯᠠᠪᠯᠠᠯᠭ᠎ᠠ ᠂ ᠬᠠᠤᠯᠢ ᠴᠠᠭᠠᠵᠠ ᠶ᠋ᠢᠨ ᠲᠤᠰᠠᠯᠠᠮᠵᠢ ᠦᠵᠡᠭᠦᠯᠬᠦ ᠂ ᠬᠠᠤᠯᠢ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠢᠢᠳᠪᠦᠷᠢᠯᠡᠬᠦ ᠭᠡᠬᠦ ᠮᠡᠲᠦ ᠪᠡᠷ ᠲᠤᠰ ᠲᠤᠰ ᠲᠤᠨᠢ ᠣᠷᠣᠨ ᠲᠣᠭᠣᠷᠢᠭ ᠪᠠᠢᠭᠤᠯᠤᠭᠰᠠᠨ ᠪᠠᠢᠨ᠎ᠠ ᠃ᠲᠤᠰ ᠵᠥᠷᠢᠴᠡᠯ ᠲᠣᠬᠢᠷᠠᠭᠤᠯᠬᠤ ᠲᠥᠪ ᠪᠠᠢᠭᠤᠯᠤᠭᠰᠠᠨ ᠠᠵᠢᠯᠯᠠᠭ᠎ᠠ ᠨᠢ ᠲᠤᠬᠠᠢ ᠶ᠋ᠢᠨ ᠬᠥᠮᠦᠨ ᠦ᠌ ᠵᠠᠭᠠᠯᠳᠤᠯᠭ᠎ᠠ ᠶ᠋ᠢᠨ ᠬᠦᠴᠢᠷᠳᠡᠯ ᠢ᠋ ᠬᠥᠩᠭᠡᠷᠡᠭᠦᠯᠦᠭᠰᠡᠨ ᠮᠥᠷᠲᠡᠭᠡᠨ ᠪᠠᠰᠠ ᠬᠠᠤᠯᠢ ᠴᠠᠭᠠᠵᠠ ᠶ᠋ᠢᠨ ᠡᠬᠢ ᠪᠠᠶᠠᠯᠢᠭ ᠪᠠ ᠵᠠᠰᠠᠭ ᠵᠠᠬᠢᠷᠭᠠᠨ ᠤ᠋ ᠥᠪᠡᠷ ᠦ᠋ᠨ ᠥᠷᠲᠡᠭ ᠢ᠋ ᠠᠷᠪᠢᠯᠠᠭᠰᠠᠨ ᠢ᠋ᠶ᠋ᠠᠷ ᠪᠠᠷᠠᠬᠤ ᠦᠭᠡᠢ ᠨᠡᠢᠭᠡᠮ ᠦ᠋ᠨ ᠵᠠᠰᠠᠯᠲᠠ ᠶ᠋ᠢᠨ ᠨᠡᠢᠭᠡᠮᠴᠢᠯᠡᠯᠲᠡ ᠂ ᠬᠠᠤᠯᠢᠵᠢᠯᠲᠠ ᠂ ᠤᠶᠤᠨᠴᠢᠯᠠᠯᠲᠠ ᠂ ᠲᠤᠰᠬᠠᠢᠵᠢᠯᠲᠠ ᠂ ᠰᠢᠨᠵᠢᠯᠡᠬᠦ ᠤᠬᠠᠭᠠᠨᠴᠢᠯᠠᠯᠲᠠ ᠂ ᠨᠠᠷᠢᠯᠢᠭᠵᠢᠭᠤᠯᠤᠯᠲᠠ ᠂ ᠬᠥᠮᠦᠨᠴᠢᠯᠡᠯᠲᠡ ᠶ᠋ᠢᠨ ᠲᠦᠪᠰᠢᠨ ᠢ᠋ ᠦᠨᠡᠨᠬᠦ ᠳᠡᠭᠡᠭᠰᠢᠯᠡᠭᠦᠯᠵᠦ ᠂ ᠣᠯᠠᠨ ᠲᠦᠮᠡᠨ ᠳ᠋ᠦ᠍ ᠦᠢᠯᠡᠴᠢᠯᠡᠬᠦ 《 ᠬᠠᠮᠤᠭ ᠡᠴᠦᠰ ᠦ᠋ᠨ ᠨᠢᠭᠡ ᠺᠢᠯᠣᠮᠧᠲ᠋ᠷ 》 ᠦ᠋ᠨ ᠬᠦᠴᠢᠷ ᠠᠰᠠᠭᠤᠳᠠᠯ ᠢ᠋ ᠪᠦᠲᠦᠮᠵᠢᠲᠡᠢ ᠰᠢᠢᠳᠪᠦᠷᠢᠯᠡᠵᠡᠢ ᠃
ᠲᠤᠰ ᠤᠳᠠᠭᠠᠨ ᠤ᠋ ᠪᠠᠢᠴᠠᠭᠠᠨ ᠰᠤᠷᠤᠯᠴᠠᠬᠤ ᠪᠠᠷ ᠳᠡᠮᠵᠢᠵᠦ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠨᠢ ᠣᠯᠠᠨ ᠡᠰᠢᠲᠦ ᠡᠶᠡᠳᠡᠭᠦᠯᠬᠦ ᠲᠣᠭᠲᠠᠴᠠ ᠶ᠋ᠢᠨ ᠪᠠᠢᠭᠤᠯᠤᠯᠲᠠ ᠶ᠋ᠢ ᠲᠦᠷᠭᠡᠳᠬᠡᠨ ᠠᠬᠢᠭᠤᠯᠬᠤ ᠳ᠋ᠤ᠌ ᠰᠡᠳᠬᠢᠴᠡ ᠪᠡᠨ ᠥᠷᠭᠡᠳᠬᠡᠵᠦ ᠂ ᠣᠢᠯᠠᠭᠠᠭᠳᠠᠬᠤᠨ ᠢ᠋ᠶ᠋ᠠᠨ ᠰᠢᠨᠡᠳᠬᠡᠨ ᠂ ᠲᠤᠷᠰᠢᠯᠭ᠎ᠠ ᠰᠤᠷᠭᠠᠮᠵᠢ ᠣᠯᠤᠭᠰᠠᠨ ᠪᠠᠢᠨ᠎ᠠ ᠃ ᠳᠠᠷᠠᠭᠠᠴᠢ ᠶ᠋ᠢᠨ ᠠᠯᠬᠤᠮ ᠳ᠋ᠤ᠌ ᠂ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠨᠢ ᠬᠣᠲᠠ ᠶ᠋ᠢᠨ ᠨᠠᠮ ᠤ᠋ᠨ ᠬᠣᠷᠢᠶᠠᠨ ᠤ᠋ ᠠᠵᠢᠯ ᠤ᠋ᠨ ᠪᠠᠢᠷᠢᠯᠠᠭᠤᠯᠤᠯᠲᠠ ᠶ᠋ᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠵᠤ ᠂ ᠣᠯᠠᠨ ᠡᠰᠢᠲᠦ ᠵᠥᠷᠢᠴᠡᠯ ᠢ᠋ ᠰᠢᠢᠳᠪᠦᠷᠢᠯᠡᠬᠦ ᠲᠣᠭᠲᠠᠴᠠ ᠶ᠋ᠢᠨ ᠪᠠᠢᠭᠤᠯᠤᠯᠲᠠ ᠪᠠᠷ ᠳᠠᠮᠵᠢᠨ ᠨᠡᠢᠭᠡᠮ ᠦ᠋ᠨ ᠵᠠᠰᠠᠯᠲᠠ ᠶ᠋ᠢᠨ ᠣᠳᠣᠬᠢᠴᠢᠯᠠᠯᠲᠠ ᠶ᠋ᠢ ᠠᠬᠢᠭᠤᠯᠬᠤ ᠶᠡᠬᠡ ᠲᠠᠯ᠎ᠠ ᠳ᠋ᠤ᠌ ᠲᠣᠬᠢᠷᠠᠭᠤᠯᠤᠨ ᠲᠥᠯᠥᠪᠯᠡᠵᠦ ᠂ ᠨᠠᠮ ᠵᠠᠰᠠᠭ ᠤ᠋ᠨ ᠭᠣᠣᠯ ᠤᠳᠤᠷᠢᠳᠤᠮᠵᠢ ᠶ᠋ᠢ ᠨᠢᠭᠡᠳᠦᠭᠡᠷ ᠪᠠᠢᠷᠢᠨ ᠳ᠋ᠤ᠌ ᠲᠠᠯᠪᠢᠨ᠂ ᠨᠡᠢᠭᠡᠮ ᠦ᠋ᠨ ᠣᠷᠣᠯᠴᠠᠯᠭ᠎ᠠ ᠪᠠᠷ ᠶᠡᠷᠦᠩᠬᠡᠢ ᠳᠠᠢᠴᠢᠯᠠᠯᠲᠠ ᠪᠣᠯᠭᠠᠨ ᠂ 《 ᠨᠠᠮ ᠤ᠋ᠨ ᠬᠣᠷᠢᠶ᠎ᠠ ᠤᠳᠤᠷᠢᠳᠬᠤ ᠂ ᠵᠠᠰᠠᠭ ᠤ᠋ᠨ ᠣᠷᠳᠣᠨ ᠭᠣᠣᠯᠯᠠᠨ ᠵᠢᠯᠣᠭᠣᠳᠬᠤ ᠂ ᠰᠢᠭᠦᠬᠦ ᠬᠣᠷᠢᠶ᠎ᠠ ᠪᠣᠳᠠᠲᠠᠢ ᠬᠠᠷᠢᠭᠤᠴᠠᠬᠤ ᠂ ᠣᠯᠠᠨ ᠰᠠᠯᠠᠭ᠎ᠠ ᠮᠥᠴᠢᠷ ᠬᠣᠯᠪᠣᠭᠠᠯᠠᠨ ᠬᠥᠳᠡᠯᠦᠯᠴᠡᠬᠦ 》ᠭᠡᠬᠦ ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠤ᠋ᠨ ᠲᠣᠭᠲᠠᠴᠠ ᠶ᠋ᠢ ᠰᠦᠪᠡᠭᠴᠢᠯᠡᠨ ᠪᠠᠢᠭᠤᠯᠵᠤ ᠂ ᠠᠷᠠᠳ ᠲᠦᠮᠡᠨ ᠦ᠌ ᠵᠥᠷᠢᠴᠡᠯ ᠵᠢᠭᠤᠷᠠᠯᠳᠤᠭᠠᠨ ᠢ᠋ ᠳᠥᠭᠥᠮ ᠲᠦᠳᠡ᠂ ᠴᠠᠭ ᠲᠤᠬᠠᠢ ᠳ᠋ᠤᠨᠢ ᠥᠨᠳᠥᠷ ᠪᠦᠲᠦᠮᠵᠢᠲᠡᠢ᠂ ᠡᠬᠢ ᠡᠭᠦᠰᠦᠯ ᠡᠴᠡ ᠨᠢ ᠰᠢᠢᠳᠪᠦᠷᠢᠯᠡᠬᠦ ᠠᠷᠭ᠎ᠠ ᠵᠠᠮ ᠢ᠋ ᠨᠡᠩ ᠰᠠᠢᠲᠤᠷ ᠬᠠᠩᠭᠠᠭᠰᠠᠨ ᠢ᠋ᠶ᠋ᠠᠷ ᠪᠠᠷᠠᠬᠤ ᠦᠭᠡᠢ ᠨᠡᠢᠭᠡᠮ ᠦ᠋ᠨ ᠡᠶ᠎ᠡ ᠵᠣᠬᠢᠴᠠᠯ ᠠᠮᠤᠷ ᠲᠣᠭᠲᠠᠭᠤᠨ ᠢ᠋ ᠦᠨᠡᠨᠬᠦ ᠬᠠᠮᠠᠭᠠᠯᠠᠭᠰᠠᠨ ᠪᠠᠢᠨ᠎ᠠ ᠃ ᠮᠥᠨ ᠴᠦ᠍ ᠬᠠᠤᠯᠢ ᠪᠠᠷ ᠵᠠᠰᠠᠭᠰᠠᠨ ᠠᠮᠤᠷ ᠲᠠᠢᠪᠤᠩ ᠣᠷᠳᠣᠰ ᠬᠣᠲᠠ ᠶ᠋ᠢ ᠨᠡᠩ ᠥᠨᠳᠥᠷ ᠲᠦᠪᠰᠢᠨ ᠢ᠋ᠶ᠋ᠡᠷ ᠪᠦᠲᠦᠭᠡᠨ ᠪᠠᠢᠭᠤᠯᠬᠤ ᠳ᠋ᠤ᠌ ᠬᠠᠤᠯᠢ ᠴᠠᠭᠠᠵᠠ ᠶ᠋ᠢᠨ ᠬᠦᠴᠦᠨ ᠨᠡᠮᠡᠷᠡᠯᠡᠶᠡ᠃
ᠦᠨᠡᠯᠡᠬᠦ 0ᠦᠨᠡᠯᠡᠯᠲᠡ ᠲᠠᠢ