ᠣᠷᠳᠣᠰ ᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ ᠶᠠᠷᠢᠯᠴᠠᠭᠠᠨ  ᠤ᠋ ᠠᠵᠢᠯᠯᠠᠭ᠎ᠠ ᠥᠷᠨᠢᠭᠦᠯᠬᠦ ᠲᠤᠰᠬᠠᠢ ᠰᠡᠳᠦᠪᠲᠦ ᠬᠤᠷᠠᠯ ᠢ ᠦᠷᠨᠢᠭᠦᠯᠪᠡ
2022.02.28 ᠲᠣᠰ ᠥᠷᠲᠡᠭᠡᠨ ᠦ ᠨᠠᠢᠷᠠᠭᠤᠯᠤᠭᠴᠢ

     ᠪᠦᠬᠦ ᠣᠷᠣᠨ ᠤ᠋ ᠤᠯᠤᠰ ᠲᠥᠷᠥ ᠬᠠᠤᠯᠢ ᠴᠠᠭᠠᠵᠠ᠎ᠶ᠋ᠢᠨ ᠪᠠᠢᠭᠤᠯᠭ᠎ᠠ᠎ ᠶ᠋ᠢᠨ 《 ᠬᠣᠷᠢᠳᠤᠭᠠᠷ ᠬᠤᠷᠠᠯ ᠢ  ᠤᠭᠲᠤᠬᠤ ᠂ ᠬᠠᠤᠯᠢᠵᠢᠭᠰᠠᠨ ᠬᠤᠳᠠᠯᠳᠤᠭ᠎ᠠ  ᠶᠢ ᠰᠢᠯᠢᠳᠡᠭᠵᠢᠭᠦᠯᠬᠦ ᠂  ᠴᠢᠨᠰᠠᠭᠠᠲᠤ ᠬᠥᠭᠵᠢᠯᠲᠡ ᠎ᠶ᠋ᠢ ᠪᠠᠲᠤᠯᠠᠬᠤ 》ᠶᠠᠷᠢᠯᠴᠠᠭᠠᠨ ᠤ᠋ ᠠᠵᠢᠯᠯᠠᠭ᠎ᠠ ᠎ᠶ᠋ᠢᠨ ᠲᠥᠪᠯᠡᠷᠡᠩᠭᠦᠢ ᠰᠤᠷᠤᠯᠴᠠᠯᠭ᠎ᠠ ᠎ᠶ᠋ᠢᠨ ᠱᠠᠲᠤᠨ ᠤ᠋ ᠱᠠᠭᠠᠷᠳᠠᠯᠭ᠎ᠠ᠎ᠶ᠋ᠢ ᠴᠢᠨᠠᠭᠰᠢᠳᠠ ᠲᠤᠤᠱᠯᠠᠭᠤᠯᠤᠨ ᠨᠠᠢᠳᠠᠪᠤᠷᠢᠵᠢᠭᠤᠯᠬᠤ ᠎ᠶ᠋ᠢᠨ ᠲᠥᠯᠥᠭᠡ ᠂ ᠣᠷᠳᠣᠰ ᠬᠣᠲᠠ᠎ᠶ᠋ᠢᠨ ᠠᠷᠠᠳ ᠎ᠤ᠋ᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ ᠨᠢ ᠳᠡᠭᠡᠳᠦ ᠰᠤᠷᠭᠠᠭᠤᠯᠢ ᠎ᠶ᠋ᠢᠨ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ ᠂ ᠰᠠᠯᠠᠭ᠎ᠠ ᠮᠥᠴᠢᠷ ᠳᠤᠭᠤᠢᠯᠠᠩ ᠬᠤᠪᠢᠶᠠᠨ ᠰᠤᠷᠤᠯᠴᠠᠬᠤ ᠵᠡᠷᠭᠡ ᠬᠡᠯᠪᠡᠷᠢ ᠎ᠪᠡᠷ ᠰᠤᠷᠤᠯᠴᠠᠬᠤ ᠲᠥᠯᠥᠪᠯᠡᠭᠡ ᠶᠣᠰᠣᠭᠠᠷ ᠂ ᠲᠤᠰᠬᠠᠢ ᠰᠡᠳᠦᠪᠲᠦ ᠰᠤᠷᠤᠯᠴᠠᠯᠭ᠎ᠠ ᠵᠢᠴᠢ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠵᠦ ᠂ ᠶᠡᠬᠡ ᠶᠠᠷᠢᠯᠴᠠᠭᠠᠨ ᠤ᠋ ᠠᠵᠢᠯᠯᠠᠭ᠎ᠠ ᠎ᠶ᠋ᠢᠨ ᠰᠤᠷᠤᠯᠴᠠᠯᠭ᠎ᠠ᠎ ᠶ᠋ᠢᠨ ᠥᠷᠨᠢᠯᠲᠡ ᠎ᠶ᠋ᠢ ᠪᠣᠢ ᠪᠣᠯᠭᠠᠵᠠᠢ ᠃
    2 ᠳ᠋ᠤᠭᠠᠷ ᠰᠠᠷ᠎ᠠ᠎ ᠶ᠋ᠢᠨ 21 ᠦ᠌ ᠡᠳᠦᠷ ᠎ᠦ᠋ᠨ 9  ᠴᠠᠭ ᠲᠤ᠌ ᠂ ᠣᠷᠳᠣᠰ ᠬᠣᠲᠠ᠎ ᠶ᠋ᠢᠨ ᠳᠤᠮᠳᠠ ᠵᠡᠷᠭᠡ ᠎ᠶ᠋ᠢᠨ ᠰᠢᠭᠦᠬᠦ ᠬᠣᠷᠢᠶ᠎ᠠ᠎ ᠶ᠋ᠢᠨ ᠪᠦᠬᠦ ᠤᠳᠤᠷᠢᠳᠬᠤ ᠪᠠᠭ ᠤᠨ ᠬᠢᠨ《 ᠥᠷᠯᠥᠭᠡ᠎ ᠶ᠋ᠢᠨ ᠤᠩᠰᠢᠯᠭ᠎ᠠ ᠨᠢᠭᠡ ᠮᠥᠴᠡ 》 ᠶ᠋ᠢᠨ ᠲᠥᠪᠯᠡᠷᠡᠩᠭᠦᠢ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ ᠂ ᠲᠥᠪᠯᠡᠷᠡᠩᠭᠦᠢ ᠰᠤᠷᠤᠯᠴᠠᠵᠤ ᠂ 《 ᠪᠦᠬᠦ ᠣᠷᠣᠨ ᠤ᠋ ᠤᠯᠤᠰ ᠲᠥᠷᠥ ᠬᠠᠤᠯᠢ ᠴᠠᠭᠠᠵᠠ᠎ ᠶ᠋ᠢᠨ ᠪᠠᠢᠭᠤᠯᠤᠯᠭ᠎ᠠ ᠎ᠶ᠋ᠢᠨ ᠬᠠᠤᠯᠢ᠎ ᠪᠠᠷ ᠵᠠᠰᠠᠬᠤ ᠡᠵᠡᠩᠨᠡᠯᠲᠡ᠎ ᠶ᠋ᠢᠨ ᠣᠷᠴᠢᠨ ᠲᠣᠭᠣᠷᠢᠨ ᠢ᠋ᠢᠡᠨ ᠰᠢᠯᠢᠳᠡᠭᠵᠢᠭᠦᠯᠬᠦ ᠶᠠᠷᠢᠯᠴᠠᠬᠤ ᠠᠵᠢᠯᠯᠠᠭ᠎ᠠ ᠎ᠶ᠋ᠢᠨ ᠰᠤᠷᠤᠯᠴᠠᠯᠭ᠎ᠠ᠎ ᠶ᠋ᠢᠨ ᠳᠡᠪᠲᠡᠷ 》 ᠢ᠋  ᠰᠤᠷᠤᠯᠴᠠᠭᠰᠠᠨ ᠪᠠᠢᠨ᠎ᠠ ᠃
    ᠡᠯ᠎ᠡ ᠰᠠᠯᠠᠭ᠎ᠠ ᠮᠥᠴᠢᠷ ᠳᠤᠭᠤᠢᠯᠠᠩ ᠠᠴᠠ ᠬᠤᠪᠢᠶᠠᠨ ᠰᠤᠷᠤᠯᠴᠠᠵᠤ ᠂ ᠨᠢᠭᠡ ᠬᠥᠮᠦᠨ ᠳᠠᠭᠠᠭᠤᠯᠤᠨ ᠤᠩᠰᠢᠬᠤ ᠂ ᠺᠠᠲ᠋ᠷ ᠴᠠᠭᠳᠠᠭ᠎ᠠ ᠬᠠᠮᠲᠤ ᠎ᠪᠠᠷ ᠤᠩᠰᠢᠬᠤ ᠬᠡᠯᠪᠡᠷᠢ ᠎ᠪᠡᠷ ᠶᠡᠷᠦᠩᠬᠡᠢ ᠱᠦᠵᠢ ᠰᠢ ᠵᠢᠨ ᠫᠢᠩ᠎ ᠦ᠋ᠨ ᠬᠠᠤᠯᠢ᠎ ᠪᠠᠷ ᠵᠠᠰᠠᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠮᠵᠢ ᠂ ᠲᠥᠪ᠎ ᠦ᠋ᠨ ᠤᠯᠤᠰ ᠲᠥᠷᠥ ᠬᠠᠤᠯᠢ ᠴᠠᠭᠠᠵᠠ᠎ ᠶ᠋ᠢᠨ ᠡᠯ᠎ᠡ ᠨᠢᠭᠡᠴᠡ ᠎ᠶ᠋ᠢᠨ ᠬᠠᠮᠢᠶ᠎ᠠ ᠪᠥᠬᠥᠢ ᠪᠢᠴᠢᠭ᠌ ᠮᠠᠲ᠋ᠧᠷᠢᠶᠠᠯ ᠂ ᠥᠪᠡᠷᠲᠡᠭᠡᠨ ᠵᠠᠰᠠᠬᠤ ᠣᠷᠣᠨ ᠤ᠋ ᠨᠠᠮ ᠎ᠤ᠋ᠨ ᠬᠣᠷᠢᠶ᠎ᠠ᠎ ᠶ᠋ᠢᠨ ᠤᠳᠤᠷᠢᠳᠤᠯᠭ᠎ᠠ᠎ ᠶ᠋ᠢᠨ ᠶᠠᠷᠢᠶ᠎ᠠ ᠵᠢᠴᠢ  ᠪᠢᠴᠢᠭ᠌ ᠮᠠᠲ᠋ᠧᠷᠢᠶᠠᠯ᠎ ᠤ᠋ᠨ ᠵᠣᠷᠢᠭ ᠰᠠᠨᠠᠭ᠎ᠠ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠨᠡᠢᠲᠡᠯᠢᠭ ᠬᠡᠷᠡᠭ᠎ ᠦ᠋ᠨ ᠵᠢᠱ᠌ᠢᠶ᠎ᠡ᠎ ᠶ᠋ᠢ ᠭᠦᠨᠵᠡᠭᠡᠢ ᠰᠤᠷᠤᠯᠴᠠᠭᠰᠠᠨ ᠪᠥᠭᠡᠳ ᠲᠤᠰ ᠪᠡᠶ᠎ᠡ᠎ ᠶ᠋ᠢᠨ ᠠᠵᠢᠯ ᠎ᠤ᠋ᠨ ᠪᠠᠢᠷᠢ᠎ ᠶ᠋ᠢᠨ ᠡᠭᠦᠷᠭᠡ ᠬᠠᠷᠢᠭᠤᠴᠠᠯᠭ᠎ᠠ ᠎ᠲᠠᠢ ᠎ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ᠎ ᠢ᠋ᠶ᠋ᠠᠨ ᠰᠣᠯᠢᠯᠴᠠᠵᠤ ᠂ ᠰᠤᠷᠤᠯᠴᠠᠬᠤ ᠠᠭᠤᠷ ᠠᠮᠢᠰᠬᠤᠯ ᠭᠦᠨ ᠵᠤᠵᠠᠭᠠᠨ ᠂ ᠶᠠᠷᠢᠯᠴᠠᠬᠤ ᠠᠭᠤᠷ ᠠᠮᠢᠰᠬᠤᠯ ᠬᠥᠷ ᠬᠥᠭᠵᠢᠶᠡᠨᠲᠡᠢ  ᠪᠤᠯᠤᠭᠰᠠᠨ ᠪᠠᠢᠨ᠎ᠠ ᠃
    ᠪᠦᠬᠦ ᠺᠠᠲ᠋ᠷ ᠴᠠᠭᠳᠠᠭ᠎ᠠ ᠲᠥᠪᠯᠡᠷᠡᠭᠦᠯᠦᠨ ᠰᠤᠷᠤᠯᠴᠠᠯᠭ᠎ᠠ᠎ ᠳ᠋ᠤ᠌ ᠣᠷᠣᠯᠴᠠᠵᠤ ᠂ ᠣᠷᠳᠣᠰ ᠬᠣᠲᠠ᠎ ᠶ᠋ᠢᠨ ᠳᠤᠮᠳᠠ ᠵᠡᠷᠭᠡ ᠎ᠶ᠋ᠢᠨ ᠰᠢᠭᠦᠬᠦ ᠬᠣᠷᠢᠶ᠎ᠠ 《 ᠬᠣᠷᠢᠳᠤᠭᠠᠷ ᠶᠡᠬᠡ ᠬᠤᠷᠠᠯ᠎ ᠢ᠋ ᠤᠭᠲᠤᠬᠤ ᠂ ᠬᠠᠤᠯᠢᠵᠢᠭᠰᠠᠨ ᠬᠤᠳᠠᠯᠳᠤᠭ᠎ᠠ ᠶᠢ ᠰᠢᠯᠢᠳᠡᠭᠵᠢᠭᠦᠯᠬᠦ ᠂ ᠥᠨᠳᠥᠷ  ᠴᠢᠨᠰᠠᠭᠠᠲᠤ ᠬᠥᠭᠵᠢᠯᠲᠡ ᠎ᠶ᠋ᠢ ᠪᠠᠲᠤᠯᠠᠬᠤ 》ᠶᠠᠷᠢᠯᠴᠠᠭᠠᠨ ᠤ᠋ ᠠᠵᠢᠯᠯᠠᠭ᠎ᠠ᠎ ᠶ᠋ᠢᠨ ᠲᠥᠪᠯᠡᠷᠡᠩᠭᠦᠢ ᠰᠤᠷᠤᠯᠴᠠᠬᠤ ᠬᠤᠷᠠᠯ ᠵᠢᠴᠢ ᠬᠠᠤᠯᠢᠵᠢᠭᠰᠠᠨ ᠬᠤᠳᠠᠯᠳᠤᠭᠠᠨ ᠤ᠋ ᠡᠵᠡᠩᠨᠡᠯᠲᠡ᠎ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠤᠰᠬᠠᠢ ᠰᠡᠳᠦᠪᠲᠦ ᠪᠣᠯᠪᠠᠰᠤᠷᠠᠯ᠎ ᠤ᠋ᠨ ᠠᠩᠭᠢ᠎ ᠶ᠋ᠢ ᠵᠣᠬᠢᠶᠠᠨ ᠪᠠᠢᠭᠤᠯᠤᠨ ᠬᠤᠷᠠᠯᠳᠤᠭᠤᠯᠪᠠ ᠃ ᠬᠤᠷᠠᠯ ᠳᠡᠭᠡᠷ᠎ᠡ ᠪᠦᠬᠦ ᠣᠷᠣᠨ ᠤ᠋ ᠰᠢᠭᠦᠬᠦ ᠬᠣᠷᠢᠶ᠎ᠠ ᠎ᠶ᠋ᠢᠨ 《  ᠬᠣᠷᠢᠳᠤᠭᠠᠷ ᠶᠡᠬᠡ ᠬᠤᠷᠠᠯ ᠎ᠢ᠋ ᠤᠭᠲᠤᠬᠤ ᠂ ᠬᠠᠤᠯᠢᠵᠢᠭᠰᠠᠨ  ᠬᠤᠳᠠᠯᠳᠤᠭ᠎ᠠ ᠶᠢ ᠰᠢᠯᠢᠳᠡᠭᠵᠢᠭᠦᠯᠬᠦ ᠂ ᠥᠨᠳᠥᠷ  ᠴᠢᠨᠰᠠᠭᠠᠲᠤ ᠬᠥᠭᠵᠢᠯᠲᠡ ᠎ᠶ᠋ᠢ ᠪᠠᠲᠤᠯᠠᠬᠤ 》 ᠶᠠᠷᠢᠯᠴᠠᠬᠤ ᠠᠵᠢᠯᠯᠠᠭ᠎ᠠ ᠎ᠶ᠋ᠢ ᠥᠷᠨᠢᠭᠦᠯᠬᠦ ᠮᠡᠳᠡᠭᠳᠡᠯ ᠂ ᠪᠥᠬᠥ ᠬᠣᠲᠠ ᠎ᠶ᠋ᠢᠨ ᠰᠢᠭᠦᠬᠦ ᠬᠣᠷᠢᠶ᠎ᠠ᠎ ᠶ᠋ᠢᠨ 《  ᠬᠣᠷᠢᠳᠤᠭᠠᠷ ᠶᠡᠬᠡ ᠬᠤᠷᠠᠯ ᠎ᠢ᠋ ᠤᠭᠲᠤᠬᠤ ᠂ ᠬᠠᠤᠯᠢᠵᠢᠭᠰᠠᠨ  ᠬᠤᠳᠠᠯᠳᠤᠭ᠎ᠠ ᠶᠢ ᠰᠢᠯᠢᠳᠡᠭᠵᠢᠭᠦᠯᠬᠦ ᠂ ᠥᠨᠳᠥᠷ  ᠴᠢᠨᠰᠠᠭᠠᠲᠤ ᠬᠥᠭᠵᠢᠯᠲᠡ ᠎ᠶ᠋ᠢ ᠪᠠᠲᠤᠯᠠᠬᠤ 》 ᠶᠠᠷᠢᠯᠴᠠᠬᠤ ᠠᠵᠢᠯᠯᠠᠭ᠎ᠠ ᠎ᠶ᠋ᠢᠨ ᠬᠡᠷᠡᠭᠵᠢᠭᠦᠯᠬᠦ ᠲᠥᠰᠦᠯ ᠵᠡᠷᠭᠡ ᠠᠭᠤᠯᠭ᠎ᠠ ᠎ᠶ᠋ᠢ ᠲᠠᠢᠯᠪᠤᠷᠢᠯᠠᠭᠰᠠᠨ ᠪᠥᠭᠡᠳ 《 ᠣᠷᠳᠣᠰ ᠬᠣᠲᠠ᠎ ᠶ᠋ᠢᠨ ᠲᠡᠷᠢᠭᠦᠨ ᠤ᠋ ᠪᠦᠲᠦᠭᠡᠨ ᠪᠠᠢᠭᠤᠯᠤᠯᠲᠠ᠎ ᠶ᠋ᠢᠨ ᠬᠠᠮᠤᠭ ᠤ᠋ᠨ ᠰᠢᠯᠢᠳᠡᠭ ᠬᠤᠳᠠᠯᠳᠤᠭᠠᠨ ᠤ᠋ ᠣᠷᠴᠢᠨ ᠲᠣᠭᠣᠷᠢᠨ ᠤ᠋ ᠠᠵᠢᠯᠯᠠᠭ᠎ᠠ ᠶ᠋ᠢᠨ ᠲᠥᠰᠦᠯ (᠎500 ᠵᠤᠷᠪᠤᠰ )᠎》 ᠦ᠋ᠨ ᠲᠣᠭᠣᠷᠢᠨ ᠳ᠋ᠤ 《 ᠣᠷᠳᠣᠰ ᠬᠣᠲᠠ ᠎ᠶ᠋ᠢᠨ ᠠᠷᠠᠳ ᠎ᠤ᠋ᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ ᠎ᠶ᠋ᠢᠨ ᠳᠦᠷᠢᠮᠵᠢᠭᠰᠡᠨ ᠪᠣᠯᠪᠠᠰᠤᠨ ᠬᠠᠤᠯᠢ ᠴᠠᠭᠠᠵᠠ ᠎ᠶ᠋ᠢᠨ ᠨᠠᠢ᠍ᠮᠠᠨ ᠵᠤᠷᠪᠤᠰ ᠲᠣᠭᠲᠠᠭᠠᠯ 》 ᠲᠠᠢ ᠤᠶᠠᠯᠳᠤᠭᠤᠯᠤᠨ ᠂ ᠪᠥᠬᠥ ᠬᠣᠲᠠ ᠎ᠶ᠋ᠢᠨ ᠲᠡᠷᠢᠭᠦᠨ ᠤ᠋ ᠵᠢᠱ᠌ᠢᠶᠡᠴᠢ ᠂ ᠬᠠᠮᠤᠭ ᠤ᠋ᠨ ᠰᠢᠯᠢᠳᠡᠭ ᠬᠤᠳᠠᠯᠳᠤᠭᠠᠨ ᠤ᠋ ᠣᠷᠴᠢᠨ ᠲᠣᠭᠣᠷᠢᠨ ᠢ᠋ ᠪᠠᠢᠭᠤᠯᠬᠤ ᠠᠵᠢᠯᠯᠠᠭ᠎ᠠ᠎ ᠶ᠋ᠢᠨ ᠭᠣᠣᠯᠳᠠᠯᠭ᠎ᠠ ᠎ᠲᠠᠢ ᠡᠭᠦᠷᠭᠡ ᠂ ᠣᠨᠴᠠᠭᠠᠢᠯᠠᠨ ᠪᠥᠬᠥ ᠤᠯᠤᠰ᠎ ᠤ᠋ᠨ ᠬᠠᠮᠤᠭ ᠰᠢᠯᠢᠳᠡᠭ ᠬᠠᠤᠯᠢ᠎ ᠪᠠᠷ ᠵᠠᠰᠠᠬᠤ ᠣᠷᠴᠢᠨ ᠲᠣᠭᠣᠷᠢᠨ ᠢ᠋ ᠪᠠᠢᠭᠤᠯᠬᠤ ᠳᠤᠮᠳᠠᠬᠢ ᠬᠠᠮᠢᠶ᠎ᠠ ᠪᠥᠬᠥᠢ ᠡᠭᠦᠷᠭᠡ᠎ ᠶ᠋ᠢᠨ ᠭᠦᠢᠴᠡᠳᠬᠡᠬᠦ ᠲᠣᠭ᠎ᠠ᠎ᠶ᠋ᠢ ᠪᠠᠢᠭᠤᠯᠬᠤ ᠲᠤᠬᠠᠢ ᠲᠤᠰᠬᠠᠢ ᠰᠡᠳᠦᠪᠲᠦ ᠪᠣᠯᠪᠠᠰᠤᠷᠠᠯ ᠬᠢᠪᠡ ᠃
    ᠳᠠᠷᠠᠭᠠᠴᠢ ᠎ᠶ᠋ᠢᠨ ᠠᠯᠬᠤᠮ ᠎ᠳ᠋ᠤ᠌ ᠂ ᠣᠷᠳᠣᠰ ᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ ᠪᠠᠰᠠ 《 ᠨᠣᠮ ᠤᠩᠰᠢᠬᠤ ᠠᠩᠭᠢ》《 ᠰᠤᠳᠤᠯᠤᠨ ᠶᠠᠷᠢᠯᠴᠠᠬᠤ ᠠᠩᠭᠢ 》 ᠂ 《ᠨᠡᠢᠲᠡᠯᠢᠭ ᠬᠡᠷᠡᠭ᠎ ᠦ᠋ᠨ ᠵᠢᠱ᠌ᠢᠶ᠎ᠡ᠎ ᠶ᠋ᠢᠨ ᠬᠥᠮᠦᠵᠢᠯ 》 ᠵᠡᠷᠭᠡ ᠣᠯᠠᠨ ᠵᠦᠢᠯ ᠎ᠦ᠋ᠨ ᠬᠡᠯᠪᠡᠷᠢ ᠎ᠪᠡᠷ ᠰᠤᠷᠤᠯᠴᠠᠯᠭ᠎ᠠ ᠬᠥᠮᠦᠵᠢᠯ᠎ ᠢ᠋  ᠡᠬᠢᠨ ᠡᠴᠡ ᠨᠢ ᠳᠠᠭᠤᠰᠲᠠᠯ᠎ᠠ ᠲᠤᠤᠱᠯᠠᠭᠤᠯᠵᠤ ᠂ ᠺᠠᠲ᠋ᠷ ᠴᠠᠭᠳᠠᠭ᠎ᠠ ᠨᠢᠭᠡᠪᠦᠷᠢ ᠴᠥᠮ ᠶᠡᠬᠡ ᠬᠤᠷᠠᠯ ᠎ᠤ᠋ᠨ ᠶᠠᠷᠢᠯᠴᠠᠬᠤ ᠠᠵᠢᠯᠯᠠᠭ᠎ᠠ ᠎ᠳ᠋ᠤ᠌ ᠣᠷᠣᠯᠴᠠᠬᠤ᠎ ᠶ᠋ᠢ ᠪᠠᠲᠤᠯᠠᠵᠤ ᠂ ᠺᠠᠲ᠋ᠷ ᠴᠠᠭᠳᠠᠭ᠎ᠠ ᠎ᠪᠠᠨ ᠬᠥᠲᠥᠯᠦᠨ ᠵᠢᠯᠣᠭᠣᠳᠴᠤ ᠬᠠᠤᠯᠢ ᠎ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠎ᠢ᠋ ᠰᠢᠯᠢᠳᠡᠭᠵᠢᠭᠦᠯᠬᠦ᠎ ᠶ᠋ᠢᠨ ᠴᠢᠬᠤᠯᠠ ᠶᠡᠬᠡ ᠠᠴᠢ ᠬᠣᠯᠪᠣᠭᠳᠠᠯ ᠎ᠢ᠋ ᠤᠯᠤᠰ ᠲᠥᠷᠥ ᠎ᠶ᠋ᠢᠨ ᠳᠡᠭᠡᠳᠦ ᠬᠡᠮᠵᠢᠶ᠎ᠡ ᠎ᠪᠡᠷ ᠲᠠᠨᠢᠭᠤᠯᠵᠤ ᠂ ᠬᠠᠤᠯᠢ ᠬᠡᠷᠡᠭᠵᠢᠭᠦᠯᠬᠦ ᠣᠢᠯᠠᠭᠠᠭᠳᠠᠬᠤᠨ ᠎ᠢ᠋ ᠬᠤᠪᠢᠷᠠᠭᠤᠯᠵᠤ ᠂ ᠰᠠᠨᠠᠭᠠᠴᠢᠯᠠᠭ᠎ᠠ᠎ ᠠ᠋ᠴᠠ ᠎ᠪᠠᠨ ᠦᠢᠯᠡᠴᠢᠯᠡᠬᠦ ᠤᠬᠠᠮᠰᠠᠷ᠎ ᠢ᠋ ᠪᠣᠢ ᠪᠣᠯᠭᠠᠵᠤ ᠂ ᠰᠤᠷᠤᠯᠭ᠎ᠠ ᠎ᠶ᠋ᠢᠨ ᠦᠷ᠎ᠡ ᠪᠦᠲᠦᠮᠵᠢ ᠎ᠶ᠋ᠢ ᠪᠣᠳᠠᠲᠠᠢ ᠠᠵᠢᠯ᠎ ᠤ᠋ᠨ ᠳᠤᠮᠳᠠ᠎ ᠪᠠᠨ ᠦᠨᠡᠨᠬᠦ ᠬᠡᠷᠡᠭᠵᠢᠭᠦᠯᠵᠦ ᠂ ᠶᠠᠷᠢᠯᠴᠠᠬᠤ ᠠᠵᠢᠯᠯᠠᠭ᠎ᠠ᠎ ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠦᠨ ᠂ ᠣᠷᠳᠣᠰ ᠬᠣᠲᠠ᠎ ᠳ᠋ᠤ᠌ ᠰᠢᠨ᠎ᠡ ᠵᠠᠮ ᠢ᠋ᠶ᠋ᠠᠷ ᠬᠦᠴᠦᠯᠡᠨ ᠴᠢᠷᠮᠠᠢᠵᠤ ᠂ ᠬᠣᠰᠢᠭᠤᠴᠢ ᠣᠷᠣᠨ ᠎ᠢ᠋ ᠪᠦᠲᠦᠭᠡᠨ ᠪᠠᠢᠭᠤᠯᠵᠤ ᠂ ᠣᠳᠣᠬᠢᠴᠢᠯᠠᠭᠰᠠᠨ ᠣᠷᠳᠣᠰ ᠎ᠤ᠋ᠨ ᠰᠢᠨ᠎ᠡ ᠬᠠᠭᠤᠳᠠᠰᠤ ᠎ᠶ᠋ᠢ ᠪᠢᠴᠢᠭᠯᠡᠬᠦ ᠎ᠳ᠋ᠦ᠍ ᠬᠦᠴᠦᠨ ᠪᠦᠬᠦᠢ ᠬᠠᠤᠯᠢ ᠴᠠᠭᠠᠵᠠ ᠎ᠶ᠋ᠢᠨ ᠦᠢᠯᠡᠴᠢᠯᠡᠭᠡ ᠬᠠᠩᠭᠠᠬᠤ ᠪᠣᠯᠤᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )