ᠵᠠᠷᠭᠤ ᠶ᠋ᠢᠨ ᠵᠠᠷᠤᠳᠠᠯ ᠢ 《 ᠰᠦᠯᠵᠢᠶᠡᠨ ᠳᠡᠭᠡᠷ᠎ᠡ ᠲᠤᠰᠢᠶᠠᠵᠤ 》᠂ 《 ᠰᠦᠯᠵᠢᠶᠡᠨ ᠳᠡᠭᠡᠷ᠎ᠡ ᠪᠤᠴᠠᠭᠠᠬᠤ》 ᠶ᠋ᠢ ᠤᠯᠠᠮ ᠰᠠᠢᠨ ᠬᠢᠵᠦ ᠂ ᠵᠠᠷᠭᠤ ᠶ᠋ᠢᠨ ᠵᠠᠷᠤᠳᠠᠯ ᠲᠤᠰᠢᠶᠠᠬᠤ ᠰᠦᠢᠳᠬᠡᠯ ᠪᠤᠴᠠᠭᠠᠬᠤ ᠴᠠᠭ ᠢ ᠪᠣᠭᠣᠨᠢᠰᠬᠠᠬᠤ ᠶ᠋ᠢᠨ ᠲᠥᠯᠥᠭᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠵᠠᠷᠭᠤ ᠶ᠋ᠢᠨ ᠵᠠᠷᠤᠳᠠᠯ 《 ᠨᠢᠭᠡ ᠬᠡᠷᠡᠭ ᠨᠢᠭᠡ ᠳᠠᠩᠰᠠ ᠡᠷᠦᠬᠡ 》 ᠶ᠋ᠢᠨ ᠺᠤᠳ᠋ ᠰᠢᠷᠪᠢᠨ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠴᠢᠳᠠᠮᠵᠢ ᠶ᠋ᠢ ᠨᠡᠪᠲᠡᠷᠡᠭᠦᠯᠦᠭᠰᠡᠨ ᠪᠠᠢᠨ᠎ᠠ᠃ ᠣᠢᠷ᠎ᠠ ᠳᠤ ᠪᠠᠰᠠ ᠂ ᠪᠦᠬᠦ ᠶᠠᠪᠤᠴᠠ ᠶ᠋ᠢᠨ ᠰᠦᠯᠵᠢᠶᠡᠨ ᠳᠡᠭᠡᠷ᠎ᠡ ᠰᠦᠢᠳᠬᠡᠯ ᠪᠤᠴᠠᠭᠠᠬᠤ ᠰᠢᠨ᠎ᠡ ᠵᠠᠭᠪᠤᠷ ᠢ᠋ ᠪᠡᠶᠡᠯᠡᠭᠦᠯᠵᠦ ᠂ ᠲᠤᠬᠠᠢ ᠶ᠋ᠢᠨ ᠬᠦᠮᠦᠨ ᠦ ᠰᠦᠢᠳᠬᠡᠯ ᠪᠤᠴᠠᠭᠠᠬᠤ ᠵᠢᠨ ᠲᠥᠯᠦᠭᠡ ᠰᠢᠭᠦᠬᠦ ᠬᠣᠷᠢᠶ᠎ᠠ ᠂ ᠪᠠᠩᠬᠢ ᠬᠣᠶᠠᠷ ᠳᠠᠰᠢ ᠭᠦᠶᠦᠬᠦ ᠬᠦᠴᠢᠷ ᠠᠰᠠᠭᠤᠳᠠᠯ ᠢ᠋ ᠰᠢᠢᠳᠪᠦᠷᠢᠯᠡᠭᠰᠡᠨ ᠶᠤᠮ ᠃
ᠡᠮᠦᠨ᠎ᠡ ᠳᠤ ᠪᠠᠨ᠂ ᠲᠤᠬᠠᠢ ᠶ᠋ᠢᠨ ᠬᠥᠮᠦᠨ ᠵᠠᠷᠭᠤ ᠶ᠋ᠢᠨ ᠰᠦᠢᠳᠬᠡᠯ ᠢ᠋ ᠪᠤᠴᠠᠭᠠᠬᠤ ᠭᠡᠪᠡᠯ ᠂ ᠰᠢᠭᠦᠬᠦ ᠬᠣᠷᠢᠶᠠᠨ ᠳᠤ ᠬᠦᠷᠴᠦ ᠰᠦᠢᠳᠬᠡᠯ ᠪᠤᠴᠠᠭᠠᠬᠤ ᠭᠤᠶᠤᠴᠢᠯᠠᠯ ᠤ᠋ᠨ ᠪᠢᠴᠢᠭ᠌᠂ ᠬᠦᠴᠦᠨ ᠲᠠᠢ ᠪᠣᠯᠤᠭᠰᠠᠨ ᠬᠠᠤᠯᠢ ᠴᠠᠭᠠᠵᠠ᠎ᠶ᠋ᠢᠨ ᠪᠢᠴᠢᠭ᠌ ᠂ ᠪᠡᠶ᠎ᠡ ᠶ᠋ᠢᠨ ᠭᠠᠷᠤᠯ ᠤ᠋ᠨ ᠭᠡᠷᠡᠴᠢ ᠂ ᠪᠠᠩᠬᠢ ᠶ᠋ᠢᠨ ᠳᠠᠩᠰᠠ ᠶ᠋ᠢᠨ ᠮᠡᠳᠡᠭᠡ ᠵᠠᠩᠭᠢ ᠵᠡᠷᠭᠡ ᠪᠢᠴᠢᠭ᠌ ᠤ᠋ᠨ ᠮᠠᠲ᠋ᠧᠷᠢᠶᠠᠯ ᠵᠡᠷᠭᠡ ᠵᠢ ᠲᠤᠰᠢᠶᠠᠬᠤ ᠬᠡᠷᠡᠭᠲᠡᠢ ᠪᠠᠢᠳᠠᠭ ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠦᠯᠵᠢᠶᠡᠨ ᠳᠡᠭᠡᠷ᠎ᠡ ᠰᠦᠢᠳᠬᠡᠯ ᠪᠤᠴᠠᠭᠠᠬᠤ ᠴᠢᠳᠠᠮᠵᠢ ᠶ᠋ᠢ ᠵᠢᠩᠬᠢᠨᠢᠪᠡᠷ ᠨᠡᠪᠲᠡᠷᠡᠭᠦᠯᠦᠭᠰᠡᠨ ᠤ᠋ ᠳᠠᠷᠠᠭ᠎ᠠ ᠂ ᠲᠤᠬᠠᠢ ᠵᠢᠨ ᠬᠥᠮᠦᠨ ᠨᠢ ᠵᠥᠪᠬᠡᠨ ᠬᠡᠷᠡᠭ ᠪᠣᠯᠭᠠᠨ ᠳᠠᠩᠰᠠᠯᠠᠭᠤᠯᠬᠤ ᠳ᠋ᠠᠭᠠᠨ 《 ᠵᠠᠷᠭᠤ ᠶ᠋ᠢᠨ ᠰᠦᠢᠳᠬᠡᠯ ᠢ᠋ ᠪᠤᠴᠠᠭᠠᠬᠤ ᠪᠠᠩᠬᠢ ᠶ᠋ᠢᠨ ᠳᠠᠩᠰᠠᠨ ᠡᠷᠦᠬᠡ ᠶ᠋ᠢ ᠨᠤᠲᠠᠯᠠᠬᠤ ᠪᠢᠴᠢᠭ᠌ 》 ᠢ᠋ ᠲᠠᠭᠯᠠᠪᠠᠯ ᠰᠦᠢᠳᠬᠡᠯ ᠪᠤᠴᠠᠭᠠᠬᠤ ᠶᠠᠪᠤᠴᠠ ᠳ᠋ᠤ᠌ ᠰᠢᠭᠦᠬᠦ ᠬᠣᠷᠢᠶᠠᠨ ᠳ᠋ᠤ᠌ ᠬᠦᠷᠴᠦ ᠶᠠᠮᠠᠷ ᠴᠤ᠌ ᠭᠠᠷ ᠭᠦᠢᠴᠡᠳᠬᠡᠯ ᠬᠢᠬᠦ ᠴᠢᠬᠤᠯᠠ ᠦᠭᠡᠢ ᠂ ᠠᠷᠠᠳ ᠤ᠋ᠨ ᠰᠢᠭᠦᠬᠦ ᠬᠣᠷᠢᠶ᠎ᠠ ᠰᠠᠨᠠᠭᠠᠴᠢᠯᠠᠭ᠎ᠠ ᠡᠴᠡ ᠪᠡᠨ ᠲᠠᠰᠤᠯᠤᠯᠲᠠ ᠬᠦᠴᠦᠨ ᠲᠡᠢ ᠪᠣᠯᠤᠭᠰᠠᠨ ᠡᠳᠦᠷ ᠡᠴᠡ ᠡᠬᠢᠯᠡᠨ 15 ᠠᠵᠢᠯᠯᠠᠬᠤ ᠡᠳᠦᠷ ᠦ᠋ᠨ ᠳᠣᠲᠣᠷ᠎ᠠ ᠵᠠᠷᠭᠤ ᠶ᠋ᠢᠨ ᠰᠦᠢᠳᠬᠡᠯ ᠢ᠋ ᠲᠤᠬᠠᠢ ᠶ᠋ᠢᠨ ᠬᠥᠮᠦᠨ ᠳ᠋ᠦ᠍ ᠪᠤᠴᠠᠭᠠᠨ ᠥᠭᠬᠦ ᠪᠤᠯᠤᠨ᠎ᠠ᠃
ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠶᠠᠪᠤᠴᠠ
1. ᠲᠤᠬᠠᠢ ᠶ᠋ᠢᠨ ᠬᠥᠮᠦᠨ ᠬᠡᠷᠡᠭ ᠪᠣᠯᠭᠠᠨ ᠳᠠᠩᠰᠠᠯᠠᠭᠰᠠᠨ ᠮᠠᠲ᠋ᠧᠷᠢᠶᠠᠯ ᠢ᠋ᠶ᠋ᠠᠨ ᠲᠤᠰᠢᠶᠠᠵᠤ ᠂ ᠰᠢᠭᠦᠬᠦ ᠬᠣᠷᠢᠶᠠᠨ ᠤ᠋ ᠠᠵᠢᠯᠲᠠᠨ ᠰᠦᠢᠳᠬᠡᠯ ᠲᠤᠰᠢᠶᠠᠬᠤ ᠰᠤᠷᠠᠭ ᠵᠠᠩᠭᠢᠶ᠋ᠢ ᠰᠢᠩᠭᠡᠭᠡᠨ ᠣᠷᠣᠭᠤᠯᠤᠨ᠎ᠠ
2. ᠡᠯᠧᠺᠲ᠋ᠷᠣᠨ 《 ᠰᠦᠢᠳᠬᠡᠯ ᠲᠤᠰᠢᠶᠠᠬᠤ ᠮᠡᠳᠡᠭᠳᠡᠯ ᠦ᠋ᠨ ᠪᠢᠴᠢᠭ᠌ 》 ᠢ᠋ ᠴᠠᠬᠢᠮ ᠮᠡᠳᠡᠭᠡ ᠶ᠋ᠢᠨ ᠬᠡᠯᠪᠡᠷᠢ ᠪᠡᠷ ᠲᠤᠬᠠᠢ ᠶ᠋ᠢᠨ ᠬᠥᠮᠦᠨ ᠤ᠋ ᠦᠯᠡᠳᠡᠭᠡᠭᠰᠡᠨ ᠭᠠᠷ ᠤᠲᠠᠰᠤᠨ ᠳᠦ ᠢᠯᠡᠭᠡᠨ᠎ᠡ
3. ᠲᠤᠬᠠᠢ ᠶ᠋ᠢᠨ ᠬᠥᠮᠦᠨ ᠣᠬᠣᠷ ᠮᠡᠳᠡᠭᠡᠨ ᠦ᠌ ᠬᠣᠯᠪᠣᠭᠠᠰᠤ ᠶ᠋ᠢ ᠳᠠᠷᠤᠨ ᠡᠯᠧᠺᠲ᠋ᠷᠣᠨ ᠬᠡᠪᠯᠡᠯ ᠦ᠋ᠨ 《 ᠰᠦᠢᠳᠬᠡᠯ ᠲᠤᠰᠢᠶᠠᠬᠤ ᠮᠡᠳᠡᠭᠳᠡᠯ ᠦ᠋ᠨ ᠪᠢᠴᠢᠭ᠌ 》 ᠢ᠋ ᠣᠯᠵᠤ ᠂ ᠸᠢᠴᠠᠲ ᠂ ᡁᠢ ᠹᠦ᠋ ᠪᠣᠣ ᠶ᠋ᠢᠨ 《 ᠰᠦᠢᠳᠬᠡᠯ ᠲᠤᠰᠢᠶᠠᠬᠤ ᠮᠡᠳᠡᠭᠳᠡᠯ ᠦ᠋ᠨ ᠪᠢᠴᠢᠭ᠌ 》 ᠳᠡᠭᠡᠷᠡᠬᠢ ᠺᠣᠳ᠋ᠢ᠋ ᠰᠢᠷᠪᠢᠵᠦ ᠰᠦᠢᠳᠬᠡᠯ ᠲᠤᠰᠢᠶᠠᠨ᠎ᠠ
4. ᠰᠦᠢᠳᠬᠡᠯ ᠲᠤᠰᠢᠶᠠᠭᠠᠳ ᠠᠮᠵᠢᠯᠲᠠ ᠣᠯᠤᠭᠰᠠᠨ ᠤ᠋ ᠳᠠᠷᠠᠭ᠎ᠠ ᠲᠤᠬᠠᠢ ᠶ᠋ᠢᠨ ᠬᠥᠮᠦᠨ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ᠲᠦ᠍ ᠬᠦᠷᠴᠦ ᠵᠠᠷᠭᠤ ᠶ᠋ᠢᠨ ᠰᠦᠢᠳᠬᠡᠯ ᠦ᠋ᠨ ᠫᠢᠶᠣᠣ ᠪᠠᠷᠢᠮᠲᠠ ᠠᠪᠤᠨ᠎ᠠ
ᠰᠦᠯᠵᠢᠶᠡᠨ ᠳᠡᠭᠡᠷ᠎ᠡ ᠵᠠᠷᠤᠳᠠᠯ ᠪᠤᠴᠠᠭᠠᠬᠤ ᠶᠠᠪᠤᠴᠠ
1. ᠲᠤᠬᠠᠢ ᠶ᠋ᠢᠨ ᠬᠥᠮᠦᠨ 《 ᠵᠠᠷᠭᠤ ᠶ᠋ᠢᠨ ᠰᠦᠢᠳᠬᠡᠯ ᠢ᠋ ᠪᠤᠴᠠᠭᠠᠬᠤ ᠪᠠᠩᠬᠢ ᠶ᠋ᠢᠨ ᠳᠠᠩᠰᠠᠨ ᠡᠷᠦᠬᠡ ᠶ᠋ᠢ ᠨᠤᠲᠠᠯᠠᠭᠰᠠᠨ ᠪᠢᠴᠢᠭ᠌ 》 ᠢ᠋ ᠲᠠᠭᠯᠠᠬᠤ ᠶ᠋ᠢᠨ ᠬᠠᠮᠲᠤ ᠭᠠᠷ ᠤ᠋ᠨ ᠦᠰᠦᠭ ᠵᠢᠷᠤᠵᠤ ᠨᠤᠲᠠᠯᠠᠬᠤ ᠬᠡᠷᠡᠭᠲᠡᠢ
2. ᠬᠡᠷᠪᠡ ᠵᠠᠷᠭᠤ ᠶ᠋ᠢᠨ ᠰᠦᠢᠳᠬᠡᠯ ᠦ᠋ᠨ ᠰᠦᠢᠳᠬᠡᠯ ᠪᠤᠴᠠᠭᠠᠬᠤ ᠳᠠᠩᠰᠠᠨ ᠤ᠋ ᠮᠡᠳᠡᠭᠡ ᠵᠠᠩᠭᠢ ᠶ᠋ᠢ ᠬᠤᠪᠢᠷᠠᠭᠤᠯᠬᠤ ᠴᠢᠬᠤᠯᠠ ᠲᠠᠢ ᠪᠣᠯ ᠲᠤᠬᠠᠢ ᠶ᠋ᠢᠨ ᠬᠥᠮᠦᠨ ᠠᠷᠠᠳ ᠤ᠋ᠨ ᠰᠢᠭᠦᠬᠦ ᠬᠣᠷᠢᠶᠠᠨ ᠳ᠋ᠤ᠌ ᠪᠢᠴᠢᠭ᠌ ᠦ᠋ᠨ ᠲᠣᠳᠣᠷᠬᠠᠢᠯᠠᠯᠲᠠ ᠲᠤᠰᠢᠶᠠᠬᠤ ᠬᠡᠷᠡᠭᠲᠡᠢ
3. ᠬᠡᠷᠡᠭ ᠦ᠋ᠨ ᠰᠢᠭᠦᠨ ᠲᠠᠰᠤᠯᠤᠯᠲᠠ ᠬᠦᠴᠦᠨ ᠲᠡᠢ ᠪᠣᠯᠤᠭᠰᠠᠨ ᠤ᠋ ᠳᠠᠷᠠᠭ᠎ᠠ ᠂ ᠲᠤᠬᠠᠢ ᠶ᠋ᠢᠨ ᠬᠥᠮᠦᠨ ᠳ᠋ᠦ᠍ ᠵᠠᠷᠭᠤ ᠶ᠋ᠢᠨ ᠰᠦᠢᠳᠬᠡᠯ ᠢ᠋ ᠪᠤᠴᠠᠭᠠᠬᠤ ᠴᠢᠬᠤᠯᠠᠲᠠᠢ ᠪᠣᠯ ᠂ᠬᠣᠯᠪᠣᠭᠳᠠᠯ ᠪᠦᠬᠦᠢ ᠮᠠᠲ᠋ᠧᠷᠢᠶᠠᠯ ᠢ᠋ ᠰᠠᠨᠠᠭᠠᠴᠢᠯᠠᠭᠠᠠ᠋ᠴᠠ ᠪᠠᠨ ᠪᠦᠷᠢᠳᠦᠭᠦᠯᠵᠦ ᠂ ᠰᠦᠯᠵᠢᠶᠡᠨ ᠳᠡᠭᠡᠷ᠎ᠡ ᠰᠦᠢᠳᠬᠡᠯ ᠪᠤᠴᠠᠭᠠᠬᠤ ᠭᠤᠶᠤᠴᠢᠯᠠᠯ ᠬᠢᠨ᠎ᠡ
4. ᠰᠦᠢᠳᠬᠡᠯ ᠪᠤᠴᠠᠭᠠᠬᠤ ᠶᠠᠪᠤᠴᠠ ᠳ᠋ᠤ᠌ ᠲᠤᠬᠠᠢ ᠶ᠋ᠢᠨ ᠬᠥᠮᠦᠨ ᠳᠠᠬᠢᠨ ᠪᠢᠴᠢᠭᠯᠡᠭᠰᠡᠨ ᠮᠠᠲ᠋ᠧᠷᠢᠶᠠᠯ ᠢ᠋ᠶ᠋ᠠᠨ ᠳᠡᠪᠰᠢᠭᠦᠯᠬᠦ ᠴᠢᠬᠤᠯᠠ ᠦᠭᠡᠢ
5. ᠰᠦᠢᠳᠬᠡᠯ ᠪᠤᠴᠠᠭᠠᠬᠤ ᠭᠤᠶᠤᠴᠢᠯᠠᠯ ᠢ᠋ ᠰᠢᠭᠦᠬᠦ ᠲᠤᠰᠢᠶᠠᠯᠲᠠᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠭᠰᠡᠨ ᠦ ᠳᠠᠷᠠᠭ᠎ᠠ ᠡᠳ᠋ ᠦ᠋ᠨ ᠶᠠᠪᠤᠳᠠᠯ ᠤ᠋ᠨ ᠰᠠᠯᠠᠭ᠎ᠠ ᠮᠥᠴᠢᠷ ᠲᠦ᠍ ᠰᠢᠯᠵᠢᠭᠦᠯᠦᠨ ᠲᠤᠰᠢᠶᠠᠵᠤ ᠭᠦᠢᠴᠡᠳᠬᠡᠭᠦᠯᠦᠨ᠎ᠡ
6. ᠵᠠᠷᠭᠤ ᠶ᠋ᠢᠨ ᠰᠦᠢᠳᠬᠡᠯ ᠢ᠋ ᠪᠤᠴᠠᠭᠠᠬᠤ ᠨᠢ ᠬᠠᠤᠯᠢ ᠴᠠᠭᠠᠵᠠ᠎ᠶ᠋ᠢᠨ ᠪᠢᠴᠢᠭ᠌ ᠬᠦᠴᠦᠨ ᠲᠡᠢ ᠪᠣᠯᠤᠭᠰᠠᠨ ᠡᠳᠦᠷ ᠡᠴᠡ ᠡᠬᠢᠯᠡᠨ 15 ᠠᠵᠢᠯᠯᠠᠬᠤ ᠡᠳᠦᠷ ᠦ᠋ᠨ ᠳᠣᠲᠣᠷ᠎ᠠ ᠪᠠᠶᠡᠯᠡᠭᠦᠯᠦᠨ᠎ᠡ
ᠳᠠᠷᠠᠭ᠎ᠠ ᠪᠠᠷ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠡᠩ ᠥᠨᠳᠥᠷ ᠪᠦᠲᠦᠮᠵᠢᠲᠡᠢ ᠂ ᠳᠥᠭᠥᠮ ᠲᠦᠳᠡ ᠂ ᠣᠶᠤᠨᠴᠢ ᠵᠠᠷᠭᠤ ᠶ᠋ᠢᠨ ᠦᠢᠯᠡᠴᠢᠯᠡᠭᠡ ᠶ᠋ᠢ ᠲᠠᠰᠤᠷᠠᠯᠲᠠ ᠦᠭᠡᠢ ᠰᠦᠪᠡᠭᠴᠢᠯᠡᠵᠦ ᠂ ᠬᠡᠷᠡᠭᠯᠡᠬᠦ ᠳ᠋ᠦ᠍ ᠨᠡᠩ ᠳᠦᠭᠦᠮᠬᠡᠨ ᠠᠷᠭ᠎ᠠ ᠠᠪᠴᠠᠯ ᠢ᠋ ᠰᠦᠪᠡᠭᠴᠢᠯᠡᠵᠦ᠂ ᠣᠯᠠᠨ ᠲᠦᠮᠡᠨ ᠳ᠋ᠦ᠍ ᠦᠢᠯᠡᠴᠢᠯᠡᠬᠦ ᠪᠡᠷ ᠴᠢᠷᠮᠠᠢᠬᠤ ᠪᠤᠯᠤᠨ᠎ᠠ᠃
ᠦᠨᠡᠯᠡᠬᠦ 0ᠦᠨᠡᠯᠡᠯᠲᠡ᠎ᠲᠠᠢ