ᠪᠦᠬᠦ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠪᠠᠢᠭᠤᠯᠭ᠎ᠠ ᠶ᠋ᠢᠨ 《 ᠬᠣᠷᠢᠳᠤᠭᠠᠷ ᠶᠡᠬᠡ ᠬᠤᠷᠠᠯ ᠢ᠋ ᠤᠭᠲᠤᠵᠤ ᠂ ᠬᠠᠤᠯᠢᠵᠢᠭᠰᠠᠨ ᠬᠤᠳᠠᠯᠳᠤᠭᠠᠨ ᠤ᠋ ᠡᠵᠡᠩᠨᠡᠯᠲᠡ ᠵᠢ ᠰᠢᠯᠢᠳᠡᠭᠵᠢᠭᠦᠯᠬᠦ ᠂ ᠥᠨᠳᠥᠷ ᠴᠢᠨᠰᠠᠭᠠᠲᠤ ᠬᠥᠭᠵᠢᠯᠲᠡ ᠳ᠋ᠦ᠍ ᠦᠢᠯᠡᠴᠢᠯᠡᠬᠦ 》 ᠳᠠᠢᠴᠢᠯᠠᠯᠲᠠ ᠶ᠋ᠢᠨ ᠬᠤᠷᠠᠯ ᠂ ᠪᠥᠬᠥ ᠬᠣᠲᠠ ᠶ᠋ᠢᠨ 《 ᠬᠠᠷᠠᠯᠲᠠᠳ᠋ᠠᠭᠠᠨ ᠬᠦᠷᠴᠦ ᠲᠡᠷᠢᠭᠦᠨ ᠤ᠋ ᠬᠢ ᠶ᠋ᠢ ᠨᠡᠬᠡᠨ ᠳᠠᠪᠠᠬᠤ 》 ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠶᠡᠬᠡ ᠬᠤᠷᠠᠯ ᠬᠤᠷᠠᠯᠳᠤᠭᠰᠠᠨ ᠤ᠋ ᠳᠠᠷᠠᠭ᠎ᠠ ᠂ ᠣᠷᠳᠣᠰ ᠬᠣᠲᠠ᠎ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠦᠳᠲᠡᠷ ᠲᠦᠷᠭᠡᠨ ᠴᠤᠤᠷᠢᠶᠠᠲᠤᠨ ᠳᠠᠭᠠᠵᠤ ᠂ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠨ ᠲᠤᠭᠤᠰᠢᠯᠠᠭᠤᠯᠪᠠ ᠃
ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶ᠎ᠠ
2 ᠰᠠᠷ᠎ᠠ ᠶ᠋ᠢᠨ 16 ᠤ᠋ ᠡᠳᠦᠷ ᠂ ᠣᠷᠳᠣᠰ ᠬᠣᠲᠠ᠎ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ 2022 ᠣᠨ ᠤ᠋ 8 ᠳ᠋ᠤᠭᠠᠷ ᠤᠳᠠᠭᠠᠨ ᠤ᠋ ( ᠥᠷᠭᠡᠳᠬᠡᠭᠰᠡᠨ ) ᠬᠤᠷᠠᠯ ᠢ᠋ ᠬᠤᠷᠠᠯᠳᠤᠭᠤᠯᠵᠤ ᠂ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠨ ᠂ ᠪᠣᠳᠠᠲᠠᠢ ᠲᠤᠤᠱᠯᠠᠭᠤᠯᠬᠤ ᠠᠷᠭ᠎ᠠ ᠬᠡᠮᠵᠢᠶ᠎ᠡ ᠪᠡᠨ ᠰᠤᠳᠤᠯᠤᠨ ᠪᠠᠢᠷᠢᠯᠠᠭᠤᠯᠪᠠ ᠃
ᠬᠤᠷᠠᠯ ᠳ᠋ᠤ ᠂ ᠤᠯᠤᠰ ᠲᠥᠷᠥ ᠶ᠋ᠢᠨ ᠵᠣᠭᠰᠣᠴᠠ ᠪᠠᠨ ᠦᠨᠡᠨ ᠬᠦ᠌ ᠳᠡᠭᠡᠭᠰᠢᠯᠡᠭᠦᠯᠵᠦ ᠂ 《 ᠬᠣᠶᠠᠷ ᠢ᠋ ᠲᠣᠭᠲᠠᠭᠠᠬᠤ 》 ᠂ 《 ᠬᠣᠶᠠᠷ ᠢ᠋ ᠬᠠᠮᠠᠭᠠᠯᠠᠬᠤ 》 ᠶ᠋ᠢ ᠦᠨᠡᠨ ᠬᠦ᠌ ᠰᠡᠳᠬᠢᠯ ᠵᠢᠷᠦᠬᠡ᠂ ᠦᠢᠯᠡ ᠠᠵᠢᠯᠯᠠᠭᠠᠨ ᠳ᠋ᠤ ᠪᠠᠨ ᠰᠢᠩᠭᠡᠭᠡᠬᠦ ᠬᠡᠷᠡᠭᠲᠡᠢ ᠃ ᠨᠢᠭᠡ ᠳ᠋ᠦ᠍ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠂ ᠠᠵᠢᠯ ᠤ᠋ᠨ ᠠᠷᠭ᠎ᠠ ᠬᠡᠮᠵᠢᠶ᠎ᠡ ᠪᠡᠨ ᠭᠦᠨᠵᠡᠭᠡᠢᠷᠡᠭᠦᠯᠦᠨ ᠂ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢ ᠰᠠᠢᠲᠤᠷ ᠠᠳᠬᠤᠵᠤ ᠂ ᠡᠯ᠎ᠡ ᠲᠥᠷᠥᠯ ᠦ᠋ᠨ ᠵᠠᠬ᠎ᠠ ᠳᠡᠯᠭᠡᠭᠦᠷ ᠦ᠋ᠨ ᠭᠣᠣᠯ ᠴᠣᠭᠴᠠ ᠶ᠋ᠢᠨ ᠥᠮᠴᠢᠯᠡᠬᠦ ᠡᠷᠬᠡ ᠪᠣᠯᠤᠨ ᠬᠠᠤᠯᠢ ᠶᠣᠰᠣᠨ ᠡᠷᠬᠡ ᠠᠰᠢᠭ ᠢ᠋ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ ᠃ ᠬᠣᠶᠠᠷ ᠲᠤ᠌ ᠂ ᠲᠡᠷᠢᠭᠦᠨ ᠦ᠌ ᠠᠰᠠᠭᠤᠳᠠᠯ ᠳ᠋ᠤ᠌ ᠬᠠᠨᠳᠤᠵᠤ ᠂ ᠠᠰᠠᠭᠤᠳᠠᠯ ᠳ᠋ᠤ᠌ ᠴᠢᠭᠯᠡᠭᠦᠯᠬᠦ ᠶ᠋ᠢ ᠪᠠᠷᠢᠮᠲᠠᠯᠠᠵᠤ ᠂ ᠰᠠᠨᠠᠭᠠᠴᠢᠯᠠᠭ᠎ᠠ ᠡᠴᠡ ᠪᠡᠨ ᠡᠭᠦᠳᠡ ᠨᠡᠭᠡᠭᠡᠵᠦ ᠢᠳᠬᠠᠯ ᠰᠣᠨᠣᠰᠴᠤ ᠂ ᠠᠵᠤ ᠠᠬᠤᠢᠯᠠᠯ ᠪᠣᠯᠤᠨ ᠣᠯᠠᠨ ᠲᠦᠮᠡᠨ ᠦ᠌ ᠪᠣᠳᠠᠲᠠᠢ ᠬᠡᠷᠡᠭᠴᠡᠭᠡ ᠱᠠᠭᠠᠷᠳᠠᠯᠭᠠᠠ᠋ᠴᠠ ᠡᠭᠦᠰᠬᠦ ᠶ᠋ᠢ ᠪᠠᠷᠢᠮᠲᠠᠯᠠᠵᠤ ᠂ ᠬᠠᠤᠯᠢ ᠬᠡᠷᠡᠭᠵᠢᠭᠦᠯᠬᠦ ᠰᠤᠷᠲᠠᠯ ᠢ᠋ᠶ᠋ᠠᠨ ᠤᠯᠠᠮ ᠨᠢᠭᠡ ᠠᠯᠬᠤᠮ ᠬᠤᠪᠢᠷᠠᠭᠤᠯᠵᠤ ᠂ ᠬᠠᠤᠯᠢ ᠪᠠᠷ ᠵᠠᠰᠠᠬᠤ ᠤᠬᠠᠮᠰᠠᠷ ᠢ᠋ᠶ᠋ᠠᠨ ᠭᠦᠨᠵᠡᠭᠡᠢᠷᠡᠭᠦᠯᠵᠦ ᠂ ᠥᠨᠳᠥᠷ ᠪᠠᠷᠢᠮᠵᠢᠶ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶ᠋ᠢ ᠦᠨᠳᠦᠰᠦᠨ ᠱᠠᠭᠠᠷᠳᠠᠯᠭ᠎ᠠ ᠪᠣᠯᠭᠠᠬᠤ ᠬᠡᠷᠡᠭᠲᠡᠢ ᠃ ᠭᠤᠷᠪᠠ ᠳ᠋ᠤ᠌ ᠰᠢᠯᠭᠠᠨ ᠦᠨᠡᠯᠡᠵᠦ ᠬᠠᠷᠢᠭᠤᠴᠠᠯᠭ᠎ᠠ ᠨᠡᠬᠡᠮᠵᠢᠯᠡᠬᠦ ᠂ ᠱᠠᠩᠨᠠᠵᠤ ᠵᠣᠷᠢᠭᠵᠢᠭᠤᠯᠬᠤ ᠂ ᠲᠣᠬᠢᠷᠠᠭᠤᠯᠵᠤ ᠰᠢᠮᠳᠠᠭᠤᠯᠤᠨ ᠪᠠᠢᠴᠠᠭᠠᠬᠤ ᠂ ᠠᠯᠳᠠᠭ᠎ᠠ ᠶ᠋ᠢ ᠵᠠᠯᠠᠷᠠᠭᠤᠯᠬᠤ ᠂ ᠤᠬᠠᠭᠤᠯᠤᠨ ᠵᠢᠯᠣᠭᠣᠳᠬᠤ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠵᠦ ᠂ ᠬᠠᠷᠢᠭᠤᠴᠠᠯᠭ᠎ᠠ ᠶ᠋ᠢ ᠪᠣᠳᠠᠲᠠᠢᠵᠢᠭᠤᠯᠤᠨ ᠂ ᠪᠠᠲᠤᠯᠠᠭ᠎ᠠ ᠶ᠋ᠢ ᠴᠢᠩᠭᠠᠳᠬᠠᠵᠤ ᠂ ᠬᠥᠳᠡᠯᠭᠡᠬᠦ ᠬᠦᠴᠦᠨ ᠢ᠋ ᠬᠥᠭᠵᠢᠭᠡᠵᠦ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠯ᠎ᠡ ᠲᠥᠷᠥᠯ ᠦ᠋ᠨ ᠠᠵᠢᠯ ᠦᠢᠯᠡᠰᠦ᠋ᠨ ᠬᠥᠭᠵᠢᠯᠲᠡᠶ᠋ᠢᠨ ᠰᠢᠨ᠎ᠡ ᠰᠢᠪᠲᠤᠯᠤᠯᠲᠠᠲᠠᠢ ᠪᠣᠯᠵᠤ ᠂ ᠳᠠᠬᠢᠨ ᠰᠢᠨ᠎ᠡ ᠳᠡᠭᠲᠡᠷ ᠲᠦ᠍ ᠭᠠᠷᠬᠤ ᠶ᠋ᠢ ᠲᠦᠯᠬᠢᠨ ᠠᠬᠢᠭᠤᠯᠵᠤ ᠂ ᠰᠢᠯᠢᠳᠡᠭ ᠬᠢᠷᠢ ᠪᠦᠲᠦᠮᠵᠢ ᠪᠡᠷ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠢ ᠬᠤᠷᠠᠯᠳᠤᠬᠤ ᠶ᠋ᠢ ᠤᠭᠲᠤᠬᠤ ᠬᠡᠷᠡᠭᠲᠡᠢ ᠃
ᠳ᠋ᠦᠩᠱᠧᠩ ᠲᠣᠭᠣᠷᠢᠭ ᠤ᠋ᠨ ᠠᠷᠠᠳ ᠶ᠋ᠢᠨ ᠰᠢᠭᠦᠬᠦ ᠬᠣᠷᠢᠶ᠎ᠠ
2 ᠰᠠᠷᠠᠶ᠋ᠢᠨ 16 ᠤ᠋ ᠡᠳᠦᠷ ᠂ ᠳ᠋ᠦᠩᠱᠧᠩ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠂ ᠪᠦᠬᠦ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠪᠠᠢᠭᠤᠯᠭ᠎ᠠ ᠶ᠋ᠢᠨ 《 ᠬᠣᠷᠢᠳᠤᠭᠠᠷ ᠶᠡᠬᠡ ᠬᠤᠷᠠᠯ ᠢ᠋ ᠤᠭᠲᠤᠬᠤ ᠂ ᠬᠠᠤᠯᠢᠵᠢᠭᠰᠠᠨ ᠬᠤᠳᠠᠯᠳᠤᠭᠠᠨ ᠤ ᠣᠷᠴᠢᠨ ᠲᠣᠭᠣᠷᠢᠨ ᠢ ᠰᠢᠯᠢᠳᠡᠭᠵᠢᠭᠦᠯᠬᠦ ᠂ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶ᠋ᠢ ᠪᠠᠲᠤᠯᠠᠬᠤ 》 ᠳᠠᠢᠴᠢᠯᠠᠯᠲᠠ ᠶ᠋ᠢᠨ ᠬᠤᠷᠠᠯ ᠂ ᠪᠥᠬᠥ ᠬᠣᠲᠠ ᠶ᠋ᠢᠨ 《 ᠲᠡᠷᠢᠭᠦᠨ ᠤ ᠬᠢ ᠶ᠋ᠢ ᠠᠳᠠᠯᠢᠳᠬᠠᠨ ᠰᠢᠯᠭᠠᠷᠠᠭᠤᠯᠵᠤ ᠳᠠᠪᠠᠬᠤ 》 ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ ᠰᠢᠯᠢᠳᠡᠭᠵᠢᠭᠦᠯᠬᠦ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠬᠤ ᠶ᠋ᠢᠨ ᠬᠠᠮᠲᠤ ᠂ ᠮᠠᠨ ᠤ ᠬᠣᠷᠢᠶ᠎ᠠ ᠶ᠋ᠢᠨ ᠦᠢᠯᠡᠴᠢᠯᠡᠭᠡ ᠪᠡᠨ ᠰᠢᠯᠢᠳᠡᠭᠵᠢᠭᠦᠯᠬᠦ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ ᠰᠢᠯᠢᠳᠡᠭᠵᠢᠭᠦᠯᠬᠦ ᠠᠵᠢᠯ ᠢ᠋ ᠪᠠᠢᠷᠢᠯᠠᠭᠤᠯᠵᠠᠢ ᠃
ᠬᠤᠷᠠᠯ ᠳ᠋ᠤ ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ 《 ᠬᠠᠤᠯᠢ ᠶᠣᠰᠣᠭᠠᠷ ᠰᠢᠭᠦᠬᠦ᠂ᠠᠵᠤ ᠠᠬᠤᠢᠯᠠᠯ ᠢ᠋ ᠬᠠᠮᠠᠭᠠᠯᠠᠬᠤ 》 ᠵᠡᠷᠭᠡ ᠠᠷᠭ᠎ᠠ ᠠᠪᠴᠠᠯ ᠢ᠋ ᠳᠤᠷᠠᠳᠴᠤ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠳ᠋ᠤ ᠦᠢᠯᠡᠴᠢᠯᠡᠬᠦ ᠪᠠᠲᠤᠯᠠᠭ᠎ᠠ ᠶ᠋ᠢᠨ ᠳᠤᠮᠳᠠ ᠬᠠᠤᠯᠢ ᠴᠠᠭᠠᠵᠠ᠎ᠶ᠋ᠢᠨ ᠡᠭᠦᠷᠭᠡ ᠴᠢᠳᠠᠪᠬᠢ ᠶ᠋ᠢᠨ ᠦᠢᠯᠡᠳᠦᠯ ᠢ᠋ᠶ᠋ᠡᠨ ᠨᠡᠩ ᠰᠠᠢᠨ ᠪᠠᠳᠠᠷᠠᠭᠤᠯᠬᠤ ᠬᠡᠷᠡᠭᠲᠡᠢ ᠃ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠪᠠ ᠬᠠᠤᠯᠢ ᠴᠠᠭᠠᠵᠠ ᠶ᠋ᠢᠨ ᠮᠡᠳᠡᠯᠭᠡ ᠶ᠋ᠢ ᠲᠦᠭᠡᠮᠡᠯᠵᠢᠭᠦᠯᠬᠦ ᠤᠬᠠᠭᠤᠯᠭ᠎ᠠ ᠶ᠋ᠢ ᠴᠢᠩᠭᠠᠳᠬᠠᠵᠤ ᠂ ᠡᠵᠡᠩᠨᠡᠯᠲᠡᠶ᠋ᠢᠨ ᠣᠷᠴᠢᠨ ᠨᠥᠬᠥᠴᠡᠯ ᠦ᠋ᠨ ᠳᠡᠭᠡᠭᠰᠢᠯᠡᠯᠲᠡᠶ᠋ᠢ ᠡᠬᠢ ᠡᠭᠦᠰᠦᠯ ᠡᠴᠡ ᠨᠢ ᠴᠢᠷᠮᠠᠢᠨ ᠠᠬᠢᠭᠤᠯᠵᠤ ᠂ ᠠᠵᠤ ᠠᠬᠤᠢᠯᠠᠯᠲᠠᠨ ᠢ᠋ ᠰᠡᠳᠬᠢᠯ ᠲᠠᠯᠪᠢᠨ ᠬᠢᠵᠦ᠂ ᠠᠳᠠᠯ ᠦᠢᠯᠡᠰ ᠪᠣᠰᠬᠠᠬᠤ ᠂ ᠰᠠᠨᠠᠭ᠎ᠠ ᠠᠮᠤᠷ ᠪᠡᠯᠡ ᠣᠷᠣᠭᠤᠯᠬᠤ ᠂ ᠰᠠᠨᠠᠭ᠎ᠠ ᠠᠮᠤᠷ ᠡᠵᠡᠩᠨᠡᠬᠦ ᠂ ᠬᠠᠤᠯᠢ ᠪᠠᠷ ᠵᠠᠰᠠᠬᠤ ᠰᠠᠢᠨ ᠰᠠᠢᠬᠠᠨ ᠣᠷᠴᠢᠨ ᠨᠥᠬᠥᠴᠡᠯ ᠢ᠋ ᠬᠠᠤᠯᠢ ᠶᠣᠰᠣᠭᠠᠷ ᠪᠣᠢ ᠪᠣᠯᠭᠠᠬᠤ ᠬᠡᠷᠡᠭᠲᠡᠢ ᠬᠡᠮᠡᠨ ᠱᠠᠭᠠᠷᠳᠠᠪᠠ ᠃
ᠳᠠᠯᠠᠳ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ
2 ᠰᠠᠷ᠎ᠠ ᠶ᠋ᠢᠨ 15 ᠤ᠋ ᠡᠳᠦᠷ ᠤ᠋ᠨ ᠦᠳᠡᠳ᠋ᠦ᠍ ᠂ ᠳᠠᠯᠠᠳ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠲᠤᠰᠬᠠᠢ ᠰᠡᠳᠦᠪᠲᠦ ᠨᠠᠮ ᠤ᠋ᠨ ᠤᠳᠤᠷᠢᠳᠬᠤ ᠳᠤᠭᠤᠢᠯᠠᠩ ᠤ᠋ᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠂ ᠪᠥᠬᠥ ᠬᠣᠲᠠ᠎ᠶ᠋ᠢᠨ 《 ᠲᠡᠷᠢᠭᠦᠨ ᠤ ᠬᠢ ᠶ᠋ᠢ ᠳᠠᠪᠠᠵᠤ ᠰᠢᠨ᠎ᠡ ᠶ᠋ᠢ ᠡᠭᠦᠳᠬᠦ 》 ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ ᠰᠢᠯᠢᠳᠡᠭᠵᠢᠭᠦᠯᠬᠦ ᠬᠤᠷᠠᠯ ᠤ᠋ᠨ ᠵᠣᠷᠢᠭ ᠰᠠᠨᠠᠭ᠎ᠠ ᠶ᠋ᠢ ᠦᠳᠲᠡᠷ ᠲᠦᠷᠭᠡᠨ ᠤᠯᠠᠮᠵᠢᠯᠠᠬᠤ ᠶ᠋ᠢᠨ ᠬᠠᠮᠲᠤ ᠂ ᠮᠠᠨ ᠤ᠋ ᠬᠣᠷᠢᠶ᠎ᠠ ᠶ᠋ᠢᠨ ᠦᠢᠯᠡᠴᠢᠯᠡᠭᠡ ᠶ᠋ᠢᠨ ᠪᠠᠲᠤᠯᠠᠪᠤᠷᠢ ᠥᠭᠴᠦ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ ᠢ᠋ ᠪᠠᠢᠷᠢᠯᠠᠭᠤᠯᠵᠠᠢ ᠃
ᠬᠤᠷᠠᠯ ᠳᠦ ᠴᠢᠬᠤᠯᠠᠴᠢᠯᠠᠭᠰᠠᠨ ᠨᠢ ᠂ ᠬᠠᠤᠯᠢ ᠢ᠋ᠢᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ ᠢ᠋ ᠡᠨᠡ ᠵᠢᠯ ᠦ᠋ᠨ ᠠᠵᠢᠯ ᠤ᠋ᠨ ᠴᠢᠬᠤᠯᠠᠠ᠋ᠴᠠ ᠴᠢᠬᠤᠯᠠ ᠠᠵᠢᠯ ᠪᠣᠯᠭᠠᠨ ᠠᠳᠬᠤᠵᠤ ᠂ ᠰᠤᠯᠠᠷᠠᠭᠤᠯᠤᠯ ᠥᠬᠡᠢ ᠠᠳᠬᠤᠵᠤ ᠂ ᠬᠤᠰᠢᠭᠤᠨ ᠤ ᠠᠷᠠᠳ ᠤ᠋ᠨ ᠰᠢᠭᠦᠬᠦ ᠬᠣᠷᠢᠶᠠᠶ᠋ᠢᠨ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ ᠰᠢᠯᠢᠳᠡᠭᠵᠢᠭᠦᠯᠬᠦ ᠠᠵᠢᠯ ᠢ᠋ ᠨᠡᠩ ᠥᠨᠳᠥᠷ ᠲᠦᠪᠰᠢᠨ ᠳ᠋ᠦ᠍ ᠬᠦᠷᠭᠡᠬᠦ ᠶ᠋ᠢ ᠠᠬᠢᠭᠤᠯᠬᠤ ᠬᠡᠷᠡᠭᠲᠡᠢ ᠃ ᠪᠦᠬᠦ ᠰᠢᠭᠦᠬᠦ ᠬᠣᠷᠢᠶᠠᠨ ᠤ᠋ ᠲᠠᠨᠢᠯᠲᠠ ᠶ᠋ᠢ ᠳᠡᠭᠡᠭᠰᠢᠯᠡᠭᠦᠯᠵᠦ ᠂ ᠠᠷᠭ᠎ᠠ ᠠᠪᠴᠠᠯ ᠢ᠋ᠶ᠋ᠠᠨ ᠨᠠᠷᠢᠯᠢᠭ ᠣᠨᠣᠪᠴᠢᠲᠠᠢ ᠪᠠᠢᠯᠭᠠᠵᠤ ᠂ ᠤᠬᠠᠭᠤᠯᠭ᠎ᠠ ᠶ᠋ᠢᠨ ᠡᠷᠴᠢᠮ ᠢ᠋ᠶ᠋ᠡᠨ ᠴᠢᠩᠭᠠᠯᠠᠵᠤ ᠂ ᠰᠢᠭᠦᠬᠦ ᠬᠣᠷᠢᠶᠠᠨ ᠤ᠋ ᠬᠠᠤᠯᠢᠵᠢᠭᠰᠠᠨ ᠡᠵᠡᠩᠨᠡᠯᠲᠡ ᠶ᠋ᠢᠨ ᠣᠷᠴᠢᠨ ᠢ᠋ ᠰᠢᠯᠢᠳᠡᠭᠵᠢᠭᠦᠯᠬᠦ ᠣᠪᠣᠷ ᠪᠠ ᠵᠣᠷᠢᠭ ᠵᠣᠷᠢᠭ ᠢ᠋ ᠨᠡᠢᠭᠡᠮ ᠨᠡᠢᠲᠡ ᠳ᠋ᠦ᠍ ᠦᠨᠡᠨᠬᠦ ᠮᠡᠳᠡᠷᠡᠭᠦᠯᠬᠦ ᠬᠡᠷᠡᠭᠲᠡᠢ ᠃
ᠵᠡᠭᠦᠨᠭᠠᠷ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ
2 ᠰᠠᠷᠠᠶ᠋ᠢᠨ 17 ᠤ᠋ ᠦᠳᠡ ᠶ᠋ᠢᠨ ᠬᠣᠢᠨ᠎ᠠ ᠂ ᠵᠡᠭᠦᠨᠭᠠᠷ ᠬᠤᠰᠢᠭᠤᠨ ᠤ᠋ ᠠᠷᠠᠳᠤ᠋ᠨ ᠰᠢᠭᠦᠬᠦ ᠬᠣᠷᠢᠶ᠎ᠠ 《 ᠬᠣᠷᠢᠳᠤᠭᠠᠷ ᠶᠡᠬᠡ ᠬᠤᠷᠠᠯ ᠢ᠋ ᠤᠭᠲᠤᠵᠤ᠂ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠂ ᠥᠨᠳᠥᠷ ᠴᠢᠨᠰᠠᠭᠠᠲᠤ ᠬᠥᠭᠵᠢᠯᠲᠡ᠎ᠳ᠋ᠦ᠍ ᠦᠢᠯᠡᠴᠢᠯᠡᠬᠦ 》 ᠶᠡᠬᠡ ᠬᠤᠷᠠᠯ ᠬᠤᠷᠠᠯᠳᠤᠭᠤᠯᠵᠤ ᠂ ᠠᠩᠬᠠᠳᠤᠭᠠᠷ ᠤᠳᠠᠭᠠᠨ ᠤ᠋ ᠠᠵᠢᠯ ᠤ᠋ᠨ ᠲᠣᠬᠢᠷᠠᠭᠤᠯᠤᠯᠲᠠ ᠶ᠋ᠢᠨ ᠬᠤᠷᠠᠯ ᠳᠡᠭᠡᠷ᠎ᠡ ᠶᠡᠬᠡ ᠶᠠᠷᠢᠯᠴᠠᠭᠠᠨ ᠤ᠋ ᠠᠵᠢᠯᠯᠠᠭ᠎ᠠ ᠶ᠋ᠢ ᠲᠤᠭᠤᠰᠢᠯᠠᠭᠤᠯᠬᠤ ᠨᠠᠢᠳᠠᠪᠤᠷᠢᠵᠢᠭᠤᠯᠬᠤ ᠠᠵᠢᠯᠢ᠋ ᠪᠠᠢᠷᠢᠯᠠᠭᠤᠯᠵᠠᠢ ᠃
ᠬᠤᠷᠠᠯ ᠳ᠋ᠤ ᠴᠢᠬᠤᠯᠠᠴᠢᠯᠠᠭᠰᠠᠨ ᠨᠢ ᠂ ᠨᠢᠭᠡᠳ᠋ᠦ᠍᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠬᠣᠯᠪᠣᠭᠳᠠᠯ ᠪᠦᠬᠦᠢ ᠠᠭᠤᠯᠭ᠎ᠠ ᠵᠢᠴᠢ ᠱᠠᠭᠠᠷᠳᠠᠯᠭ᠎ᠠ ᠶ᠋ᠢ ᠣᠨᠣᠪᠴᠢᠲᠠᠢ ᠬᠠᠷᠢᠴᠠᠭᠤᠯᠵᠤ ᠂ ᠴᠢᠨᠠᠷ ᠪᠠ ᠥᠨᠳᠥᠷ ᠪᠦᠲᠦᠮᠵᠢᠲᠡᠢ ᠪᠠᠢᠬᠤ ᠶ᠋ᠢ ᠪᠠᠲᠤᠯᠠᠬᠤ ᠬᠡᠷᠡᠭᠲᠡᠢ᠃ ᠡᠯ᠎ᠡ ᠲᠥᠷᠥᠯ ᠦ᠋ᠨ ᠠᠵᠢᠯ ᠢ᠋ ᠡᠮᠬᠢ ᠵᠢᠷᠤᠮ ᠲᠠᠢ ᠠᠬᠢᠭᠤᠯᠬᠤ ᠶ᠋ᠢ ᠪᠠᠲᠤᠯᠠᠬᠤ ᠬᠡᠷᠡᠭᠲᠡᠢ ; ᠬᠣᠶᠠᠷ ᠲᠤ᠌ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢᠯᠠᠵᠤ ᠂ ᠬᠣᠯᠪᠣᠭᠠᠯᠠᠨ ᠬᠥᠳᠡᠯᠦᠯᠴᠡᠬᠦ ᠪᠡᠨ ᠴᠢᠩᠭᠠᠳᠬᠠᠬᠤ ᠬᠡᠷᠡᠭᠲᠡᠢ ᠃ ᠭᠤᠷᠪᠠ ᠳ᠋ᠤ᠌᠂ ᠰᠢᠭᠦᠨ ᠲᠠᠰᠤᠯᠬᠤ ᠡᠭᠦᠷᠭᠡ ᠴᠢᠳᠠᠪᠤᠷᠢ ᠶ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠰᠢᠭᠦᠬᠦ ᠬᠣᠷᠢᠶᠠᠨ ᠤ᠋ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠢ᠋ ᠪᠣᠢ ᠪᠣᠯᠭᠠᠬᠤ ᠳᠤᠮᠳᠠᠬᠢ ᠲᠤᠰᠢᠶᠠᠯ ᠬᠠᠷᠢᠭᠤᠴᠠᠯᠭ᠎ᠠ ᠪᠠ ᠡᠭᠦᠷᠭᠡ ᠶ᠋ᠢ ᠣᠨᠣᠪᠴᠢᠲᠠᠢ ᠡᠵᠡᠮᠰᠢᠬᠦ ᠬᠡᠷᠡᠭᠲᠡᠢ ︔ ᠳᠥᠷᠪᠡᠳ᠋ᠦ᠍ ᠂ ᠶᠠᠷᠢᠶ᠎ᠠ ᠬᠡᠯᠡᠯᠴᠡᠭᠡᠨ ᠦ᠌ ᠤᠬᠠᠭᠤᠯᠭ᠎ᠠ ᠶ᠋ᠢ ᠴᠢᠬᠤᠯᠠᠴᠢᠯᠠᠵᠤ ᠂ ᠪᠥᠬᠥ ᠶᠠᠪᠤᠴᠠ ᠶ᠋ᠢᠨ ᠣᠯᠠᠨ ᠲᠠᠯ᠎ᠠ ᠠ᠋ᠴᠠ ᠠᠷᠠᠳ ᠤ᠋ᠨ ᠰᠠᠨᠠᠯ ᠢ᠋ ᠰᠣᠨᠣᠰᠴᠤ ᠂ ᠠᠷᠠᠳᠤ᠋ᠨ ᠵᠣᠪᠠᠨᠢᠯ ᠢ᠋ ᠰᠢᠢᠳᠪᠦᠷᠢᠯᠡᠬᠦᠶ᠋ᠢ ᠴᠢᠬᠤᠯᠠᠴᠢᠯᠠᠵᠤ ᠂ ᠥᠪᠡᠷ ᠦ᠋ᠨ ᠬᠤᠪᠢᠰᠬᠠᠯᠲᠤ ᠵᠣᠷᠢᠭ ᠰᠠᠨᠠᠭ᠎ᠠ ᠪᠠᠷ ᠬᠠᠤᠯᠢᠵᠢᠯ ᠤ᠋ᠨ ᠬᠤᠳᠠᠯᠳᠤᠭ᠎ᠠ ᠡᠷᠬᠢᠯᠡᠬᠦ ᠣᠷᠴᠢᠨ ᠢ᠋ ᠰᠢᠯᠢᠳᠡᠭᠵᠢᠭᠦᠯᠬᠦ ᠬᠡᠷᠡᠭᠲᠡᠢ ᠃
ᠡᠵᠡᠨ ᠬᠣᠷᠣᠭ᠎ᠠ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ
2 ᠳ᠋ᠤᠭᠠᠷ ᠰᠠᠷ᠎ᠠ ᠶ᠋ᠢᠨ 16 ᠤ᠋ ᠡᠳᠦᠷ ᠂ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠬᠢᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠂ ᠪᠦᠬᠦ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠪᠠᠢᠭᠤᠯᠭᠠᠶ᠋ᠢᠨ 《 ᠬᠣᠷᠢᠳᠤᠭᠠᠷ ᠶᠡᠬᠡ ᠬᠤᠷᠠᠯ ᠢ᠋ ᠤᠭᠲᠤᠬᠤ ᠂ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠂ ᠥᠨᠳᠥᠷ ᠴᠢᠨᠰᠠᠭᠠᠲᠤ ᠬᠥᠭᠵᠢᠯᠲᠡᠶ᠋ᠢ ᠪᠠᠲᠤᠯᠠᠬᠤ 》 ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠵᠠᠢ ᠃
ᠬᠤᠷᠠᠯ ᠳ᠋ᠤ ᠂ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ ᠰᠡᠳᠬᠢᠯᠭᠡ ᠪᠡᠨ ᠦᠨᠡᠨ ᠬᠦ᠌ ᠳᠡᠭᠡᠭᠰᠢᠯᠡᠭᠦᠯᠵᠦ ᠂ ᠲᠤᠯᠭᠠᠮ᠎ᠠ ᠰᠡᠳᠬᠢᠯᠭᠡ ᠪᠡᠨ ᠶᠡᠬᠡ ᠶᠠᠷᠢᠯᠴᠠᠬᠤ ᠠᠵᠢᠯᠯᠠᠭ᠎ᠠ ᠶ᠋ᠢᠨ ᠡᠯ᠎ᠡ ᠵᠦᠢᠯ ᠦ᠋ᠨ ᠪᠠᠢᠷᠢᠯᠠᠭᠤᠯᠤᠯᠲᠠᠶ᠋ᠢᠨ ᠱᠠᠭᠠᠷᠳᠠᠯᠭ᠎ᠠ ᠳ᠋ᠤ᠌ ᠦᠳᠲᠡᠷ ᠲᠦᠷᠭᠡᠨ ᠨᠢᠭᠡᠳᠬᠡᠵᠦ ᠥᠭᠬᠦ ᠬᠡᠷᠡᠭᠲᠡᠢ ᠃ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠢ᠋ ᠰᠢᠯᠢᠳᠡᠭᠵᠢᠭᠦᠯᠬᠦ ᠴᠢᠬᠤᠯᠠ ᠶᠡᠬᠡ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠡᠭᠦᠷᠭᠡᠯᠡᠨ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠣᠢᠯᠠᠭᠠᠭᠳᠠᠬᠤᠨ ᠢ᠋ᠶ᠋ᠠᠨ ᠬᠤᠪᠢᠷᠠᠭᠤᠯᠬᠤ ᠬᠡᠷᠡᠭᠲᠡᠢ ᠃ ᠬᠢᠨᠠᠨ ᠬᠡᠷᠡᠭᠵᠢᠭᠦᠯᠬᠦ ᠭᠣᠣᠯ ᠠᠵᠢᠯ ᠢ᠋ ᠲᠥᠪᠯᠡᠷᠡᠭᠦᠯᠦᠨ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠢ᠋ ᠴᠢᠩᠭᠠᠳᠬᠠᠵᠤ ᠂ ᠳᠦᠷᠢᠮ ᠲᠣᠭᠲᠠᠭᠠᠯ ᠤ᠋ᠨ ᠬᠠᠲᠠᠭᠤ ᠬᠢᠵᠠᠭᠠᠷᠯᠠᠯ ᠢ᠋ ᠴᠢᠩᠭᠠᠳᠬᠠᠨ ᠂ ᠠᠵᠢᠯ ᠤ᠋ᠨ ᠠᠷᠭ᠎ᠠ ᠬᠡᠮᠵᠢᠶ᠎ᠡ ᠪᠡᠨ ᠤᠯᠠᠮ ᠨᠠᠷᠢᠯᠢᠭᠵᠢᠭᠤᠯᠵᠤ ᠂ ᠪᠣᠳᠠᠲᠤ ᠠᠵᠢᠯᠯᠠᠭ᠎ᠠ ᠪᠠ ᠪᠣᠳᠠᠲᠤ ᠠᠵᠢᠯᠯᠠᠭ᠎ᠠ ᠪᠠᠷ ᠢ᠋ᠶ᠋ᠠᠨ ᠪᠦᠬᠦ ᠬᠤᠰᠢᠭᠤᠨ ᠤ᠋ ᠨᠡᠢᠭᠡᠮ ᠠᠵᠤ ᠠᠬᠤᠢ ᠶ᠋ᠢᠨ ᠴᠢᠨᠠᠷ ᠰᠠᠢᠲᠠᠢ ᠬᠥᠭᠵᠢᠯᠲᠡ ᠶ᠋ᠢ ᠪᠠᠲᠤᠯᠠᠬᠤ ᠬᠡᠷᠡᠭᠲᠡᠢ ᠃
ᠦᠦᠰᠢᠨ ᠬᠤᠰᠢᠭᠤᠨ ᠤ᠋ ᠠᠷᠠᠳᠶ᠋ᠢᠨ ᠰᠢᠭᠦᠬᠦ ᠬᠣᠷᠢᠶ᠎ᠠ
2 ᠰᠠᠷ᠎ᠠ ᠶ᠋ᠢᠨ 18 ᠤ᠋ ᠡᠳᠦᠷ ᠂ ᠦᠦᠰᠢᠨ ᠬᠤᠰᠢᠭᠤᠨ ᠤ᠋ ᠠᠷᠠᠳᠤ᠋ᠨ ᠰᠢᠭᠦᠬᠦ ᠬᠣᠷᠢᠶ᠎ᠠ 《 ᠬᠣᠷᠢᠳᠤᠭᠠᠷ ᠶᠡᠬᠡ ᠬᠤᠷᠠᠯ ᠢ᠋ ᠤᠭᠲᠤᠬᠤ ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠂ ᠥᠨᠳᠥᠷ ᠴᠢᠨᠰᠠᠭᠠᠲᠤ ᠬᠥᠭᠵᠢᠯᠲᠡ᠎ᠳ᠋ᠦ᠍ ᠦᠢᠯᠡᠴᠢᠯᠡᠬᠦ 》 ᠶᠠᠷᠢᠯᠴᠠᠬᠤ ᠠᠵᠢᠯᠯᠠᠭ᠎ᠠ ᠥᠷᠨᠢᠭᠦᠯᠬᠦ ᠲᠤᠬᠠᠢ ᠪᠠᠢᠷᠢᠯᠠᠭᠤᠯᠤᠯᠲᠠ ᠵᠢᠴᠢ ᠲᠤᠰᠬᠠᠢ ᠰᠡᠳᠦᠪᠲᠦ ᠰᠤᠷᠤᠯᠴᠠᠯᠭᠠᠶ᠋ᠢᠨ ᠬᠤᠷᠠᠯ ᠬᠤᠷᠠᠯᠳᠤᠭᠤᠯᠪᠠ ᠃ ᠬᠤᠷᠠᠯ ᠠ᠋ᠴᠠ ᠪᠦᠬᠦ ᠬᠣᠷᠢᠶᠠᠨ ᠤ᠋ ᠡᠯ᠎ᠡ ᠰᠠᠯᠠᠭ᠎ᠠ ᠮᠥᠴᠢᠷ ᠦ᠋ᠨ ᠬᠢᠨ ᠶᠡᠬᠡ ᠶᠠᠷᠢᠯᠴᠠᠭᠠᠨ ᠤ᠋ ᠠᠵᠢᠯᠯᠠᠭ᠎ᠠ ᠥᠷᠨᠢᠭᠦᠯᠬᠦ ᠲᠤᠬᠠᠢ ᠤᠯᠠᠮ ᠨᠢᠭᠡ ᠠᠯᠬᠤᠮ ᠪᠠᠢᠷᠢᠯᠠᠭᠤᠯᠤᠯᠲᠠ ᠬᠢᠬᠦ ᠂ ᠨᠡᠩ ᠲᠣᠳᠣᠷᠬᠠᠢ ᠱᠠᠭᠠᠷᠳᠠᠯᠭ᠎ᠠ ᠳᠤᠷᠠᠳᠴᠠᠢ ᠃
ᠳᠠᠷᠠᠭᠠᠴᠢ ᠵᠢᠨ ᠠᠯᠬᠤᠮ ᠳ᠋ᠤ᠌ ᠂ ᠦᠦᠰᠢᠨ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠨᠢ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠨ ᠂ ᠡᠭᠦᠳᠡ ᠨᠡᠭᠡᠭᠡᠵᠦ ᠢᠳᠬᠠᠯ ᠰᠣᠨᠣᠰᠬᠤ ᠂ ᠨᠢᠭᠡᠳᠦᠯᠲᠡᠢ ᠲᠥᠯᠥᠪᠯᠡᠨ ᠨᠡᠢᠲᠡᠳ᠋ᠦ᠍ᠨᠢ ᠬᠠᠷᠠᠭᠠᠯᠵᠠᠬᠤ ᠶ᠋ᠢ ᠪᠠᠷᠢᠮᠲᠠᠯᠠᠨ ᠂ ᠶᠡᠬᠡ ᠶᠠᠷᠢᠯᠴᠠᠯᠭ᠎ᠠ ᠶ᠋ᠢᠨ ᠦᠷ᠎ᠡ ᠪᠦᠲᠦᠮᠵᠢ ᠶ᠋ᠢ ᠦᠨᠡᠨᠬᠦ ᠠᠵᠢᠯ ᠤ᠋ᠨ ᠬᠥᠳᠡᠯᠭᠡᠭᠴᠢ ᠬᠦᠴᠦᠨ ᠪᠠ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠂ ᠲᠣᠭᠲᠠᠭᠤᠨ ᠡᠷᠬᠡ ᠲᠡᠭᠰᠢ ᠢᠯᠡ ᠲᠣᠳᠣ ᠂ ᠤᠷᠢᠳᠴᠢᠯᠠᠨ ᠲᠥᠰᠦᠪᠯᠡᠵᠦ ᠪᠣᠯᠬᠤ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠴᠢᠷᠮᠠᠢᠨ ᠪᠠᠢᠭᠤᠯᠵᠤ ᠂ ᠥᠨᠳᠥᠷ ᠵᠣᠭᠰᠣᠴᠠ ᠂ ᠥᠨᠳᠥᠷ ᠪᠠᠷᠢᠮᠵᠢᠶ᠎ᠠ ᠂ ᠥᠨᠳᠥᠷ ᠱᠠᠭᠠᠷᠳᠠᠯᠭ᠎ᠠ ᠨᠢ ᠶᠡᠬᠡ ᠶᠠᠷᠢᠯᠴᠠᠭ᠎ᠠ ᠶ᠋ᠢᠨ ᠠᠵᠢᠯᠯᠠᠭ᠎ᠠ ᠶ᠋ᠢ ᠭᠦᠨᠵᠡᠭᠡᠢ ᠪᠥᠭᠡᠳ ᠪᠣᠳᠠᠲᠠᠢ ᠠᠵᠢᠯᠯᠠᠭ᠎ᠠ ᠪᠠᠷ ᠢ᠋ᠶ᠋ᠠᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠢ ᠬᠤᠷᠠᠯᠳᠤᠬᠤ ᠶ᠋ᠢ ᠤᠭᠲᠤᠨ᠎ᠠ ᠭᠡᠵᠡᠢ ᠃
ᠣᠲᠣᠭ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ
2 ᠰᠠᠷ᠎ᠠ ᠶ᠋ᠢᠨ 17 ᠤ᠋ ᠦᠳᠡ ᠶ᠋ᠢᠨ ᠡᠮᠦᠨ᠎ᠡ ᠂ ᠣᠲᠣᠭ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠣᠣᠯ ᠳᠤᠭᠤᠢᠯᠠᠩ ᠤ᠋ᠨ ᠰᠤᠷᠤᠯᠴᠠᠯᠭ᠎ᠠ ( ᠥᠷᠭᠡᠳᠬᠡᠭᠰᠡᠨ ) ᠦ᠌ ᠬᠤᠷᠠᠯ ᠵᠢᠴᠢ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠤᠰᠬᠠᠢ ᠰᠡᠳᠦᠪᠲᠦ ᠰᠤᠷᠤᠯᠴᠠᠯᠭᠠᠶ᠋ᠢᠨ ᠬᠤᠷᠠᠯ ᠬᠢᠵᠦ ᠂ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ ᠳ᠋ᠤ᠌ ᠪᠠᠢᠷᠢᠯᠠᠭᠤᠯᠤᠯᠲᠠ ᠬᠢᠵᠡᠢ ᠃
ᠬᠤᠷᠠᠯ ᠠ᠋ᠴᠠ ᠂ ᠤᠯᠤᠰ ᠲᠥᠷᠥ᠎ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂《 ᠬᠣᠶᠠᠷ ᠢ᠋ ᠲᠣᠭᠲᠠᠭᠠᠬᠤ 》 ᠶ᠋ᠢ ᠰᠡᠳᠬᠢᠯ ᠵᠢᠷᠦᠬᠡᠨ ᠳ᠋ᠡᠭᠡᠨ ᠬᠤᠪᠢᠷᠠᠭᠤᠯᠵᠤ ᠂ ᠠᠵᠢᠯ ᠦᠢᠯᠡᠰ ᠲᠡᠭᠡᠨ ᠪᠠᠢᠷᠢᠯᠠᠭᠤᠯᠵᠤ ᠂ ᠪᠣᠳᠠᠲᠠᠢ ᠲᠠᠢ ᠪᠠᠨ ᠤᠶᠠᠯᠳᠤᠭᠤᠯᠤᠨ ᠂ ᠠᠷᠭ᠎ᠠ ᠬᠡᠮᠵᠢᠶ᠎ᠡ ᠪᠡᠨ ᠨᠠᠷᠢᠯᠢᠭᠵᠢᠭᠤᠯᠵᠤ ᠂ ᠨᠠᠢᠳᠠᠪᠤᠷᠢᠵᠢᠭᠤᠯᠤᠯᠲᠠ ᠶ᠋ᠢ ᠰᠠᠢᠲᠤᠷ ᠠᠳᠬᠤᠬᠤ ᠬᠡᠷᠡᠭᠲᠡᠢ ᠃ ᠰᠢᠭᠦᠨ ᠲᠠᠰᠤᠯᠵᠤ ᠭᠦᠢᠴᠡᠳᠬᠡᠬᠦ ᠡᠭᠦᠷᠭᠡ ᠴᠢᠳᠠᠪᠤᠷᠢ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠠᠵᠢᠯ ᠢ᠋ᠶ᠋ᠠᠨ ᠬᠤᠪᠢᠳᠠᠨ ᠬᠠᠮᠵᠢᠯᠴᠠᠬᠤ ᠪᠠᠨ ᠴᠢᠩᠭᠠᠷᠠᠭᠤᠯᠵᠤ ᠂ ᠲᠣᠭᠲᠠᠭᠤᠨ ᠂ ᠲᠥᠪ ᠭᠣᠣᠯᠴᠢ ᠂ ᠢᠯᠡ ᠲᠣᠳᠣ ᠂ ᠲᠥᠰᠦᠭᠡᠯᠡᠵᠦ ᠪᠣᠯᠬᠤ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯᠢ᠋ ᠴᠢᠷᠮᠠᠢᠨ ᠪᠣᠢ ᠪᠣᠯᠭᠠᠬᠤ ᠬᠡᠷᠡᠭᠲᠡᠢ ᠃ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠠᠵᠢᠯ ᠤ᠋ᠨ ᠠᠷᠭ᠎ᠠ ᠬᠡᠮᠵᠢᠶ᠎ᠡ ᠪᠡᠨ ᠰᠢᠯᠢᠳᠡᠭᠵᠢᠭᠦᠯᠵᠦ ᠂ ᠬᠠᠤᠯᠢ ᠴᠠᠭᠠᠵᠠ ᠶ᠋ᠢᠨ ᠪᠠᠲᠤᠯᠠᠭᠠᠶ᠋ᠢᠨ ᠦᠢᠯᠡᠴᠢᠯᠡᠭᠡᠨ ᠦ᠌ ᠴᠢᠳᠠᠮᠵᠢ ᠶ᠋ᠢ ᠭᠦᠢᠴᠡᠳ ᠪᠠᠳᠠᠷᠠᠭᠤᠯᠵᠤ ᠂ ᠣᠲᠣᠭ ᠤ᠋ᠨ ᠠᠵᠤ ᠠᠬᠤᠢ ᠶ᠋ᠢᠨ ᠴᠢᠨᠠᠷ ᠰᠠᠢᠲᠠᠢ ᠬᠥᠭᠵᠢᠯᠲᠡ᠎ᠳ᠋ᠦ᠍ ᠬᠦᠴᠦᠨ ᠪᠦᠬᠦᠢ ᠬᠠᠤᠯᠢ ᠴᠠᠭᠠᠵᠠ᠎ᠶ᠋ᠢᠨ ᠪᠠᠲᠤᠯᠠᠭ᠎ᠠ ᠬᠠᠩᠭᠠᠬᠤ ᠬᠡᠷᠡᠭᠲᠡᠢ ᠬᠡᠮᠡᠨ ᠱᠠᠭᠠᠷᠳᠠᠪᠠ ᠃
ᠦᠨᠡᠯᠡᠬᠦ 0ᠦᠨᠡᠯᠡᠯᠲᠡ ᠲᠠᠢ