ᠣᠷᠳᠤᠰ ᠬᠣᠲᠠ ᠵᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ  ᠲᠥᠪᠯᠡᠷᠡᠭᠦᠯᠦᠨ ᠰᠤᠷᠤᠯᠴᠠᠬᠤ ᠬᠤᠷᠠᠯ ᠵᠢᠴᠢ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠢ᠋ ᠰᠢᠯᠢᠳᠡᠭᠵᠢᠭᠦᠯᠬᠦ ᠲᠤᠰᠬᠠᠢ ᠰᠡᠳᠦᠪᠲᠦ ᠪᠣᠯᠪᠠᠰᠤᠷᠠᠯ ᠎ᠤ᠋ᠨ ᠠᠩᠭᠢ ᠡᠷᠬᠢᠯᠡᠪᠡ
2022.03.01 ᠲᠣᠰ ᠥᠷᠲᠡᠭᠡᠨ᠎ᠦ ᠨᠠᠢᠷᠠᠭᠤᠯᠤᠭᠴᠢ

   2 ᠰᠠᠷ᠎ᠠ ᠎ᠶ᠋ᠢᠨ 18 ᠎ᠤ᠋ ᠦᠳᠡ᠎ ᠶ᠋ᠢᠨ ᠡᠮᠦᠨ᠎ᠡ ᠂ ᠣᠷᠳᠣᠰ ᠬᠣᠲᠠ ᠎ᠶ᠋ᠢᠨ ᠠᠷᠠᠳ ᠎ᠤ᠋ᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ 《 ᠬᠣᠷᠢᠳᠤᠭᠠᠷ ᠶᠡᠬᠡ ᠬᠤᠷᠠᠯ ᠢ᠋ ᠤᠭᠲᠤᠵᠤ ᠂ ᠬᠠᠤᠯᠢᠵᠢᠭᠰᠠᠨ ᠬᠤᠳᠠᠯᠳᠤᠭᠠᠨ ᠤ᠋ ᠣᠷᠴᠢᠨ  ᠢ᠋ ᠰᠢᠯᠢᠳᠡᠭᠵᠢᠭᠦᠯᠬᠦ ᠂ ᠥᠨᠳᠥᠷ  ᠴᠢᠨᠰᠠᠭᠠᠲᠤ ᠬᠥᠭᠵᠢᠯᠲᠡ᠎ᠳ᠋ᠦ᠍ ᠦᠢᠯᠡᠴᠢᠯᠡᠬᠦ 》  ᠲᠥᠪᠯᠡᠷᠡᠭᠦᠯᠦᠨ ᠰᠤᠷᠤᠯᠴᠠᠬᠤ ᠬᠤᠷᠠᠯ ᠵᠢᠴᠢ ᠬᠠᠤᠯᠢᠵᠢᠭᠰᠠᠨ ᠬᠤᠳᠠᠯᠳᠤᠭᠠᠨ ᠤ᠋ ᠡᠵᠡᠩᠨᠡᠯᠲᠡ᠎ ᠶ᠋ᠢᠨ ᠣᠷᠴᠢᠨ  ᠢ᠋ ᠰᠢᠯᠢᠳᠡᠭᠵᠢᠭᠦᠯᠬᠦ ᠲᠤᠰᠬᠠᠢ ᠰᠡᠳᠦᠪᠲᠦ ᠪᠣᠯᠪᠠᠰᠤᠷᠠᠯ ᠎ᠤ᠋ᠨ ᠠᠩᠭᠢ᠎ ᠶ᠋ᠢ ᠵᠣᠬᠢᠶᠠᠨ ᠪᠠᠢᠭᠤᠯᠤᠨ ᠬᠤᠷᠠᠯᠳᠤᠭᠤᠯᠪᠠ ᠃ ᠨᠠᠮ᠎ ᠤ᠋ᠨ ᠤᠳᠤᠷᠢᠳᠬᠤ ᠳᠤᠭᠤᠢᠯᠠᠩ ᠎ᠤ᠋ᠨ  ᠭᠡᠰᠢᠭᠦᠨ ᠂ ᠳᠡᠳ᠋ ᠬᠣᠷᠢᠶᠠᠨ ᠳᠠᠷᠤᠭ᠎ᠠ ᠵᠢᠶᠠ ᠴᠠᠩ ᠪᠢᠩ ᠨᠥᠬᠦᠷ ᠠ᠋ᠴᠠ ᠬᠤᠷᠠᠯ ᠡᠷᠬᠢᠯᠡᠵᠦ ᠂ ᠤᠳᠤᠷᠢᠳᠬᠤ ᠪᠠᠭ ᠤ᠋ᠨ   ᠭᠡᠢᠰᠭᠦᠨ ᠵᠢᠴᠢ ᠪᠦᠬᠦ ᠺᠠᠲ᠋ᠷ ᠴᠠᠭᠳᠠᠭ᠎ᠠ ᠬᠤᠷᠠᠯ᠎ ᠳ᠋ᠤ᠌  ᠣᠷᠤᠯᠴᠠᠭᠰᠠᠨ ᠪᠠᠢᠨ᠎ᠠ ᠃


   

    ᠬᠤᠷᠠᠯ ᠳᠡᠭᠡᠷ᠎ᠡ ᠪᠦᠬᠦ ᠣᠷᠣᠨ ᠤ ᠰᠢᠭᠦᠬᠦ ᠬᠣᠷᠢᠶ᠎ᠠ᠎  ᠶᠢᠨ 《 ᠬᠣᠷᠢᠳᠤᠭᠠᠷ ᠶᠡᠬᠡ ᠬᠤᠷᠠᠯ ᠢ᠋ ᠤᠭᠲᠤᠵᠤ ᠂ ᠬᠠᠤᠯᠢᠵᠢᠭᠰᠠᠨ ᠬᠤᠳᠠᠯᠳᠤᠭᠠᠨ ᠤ᠋ ᠣᠷᠴᠢᠨ  ᠢ᠋ ᠰᠢᠯᠢᠳᠡᠭᠵᠢᠭᠦᠯᠬᠦ ᠂ ᠥᠨᠳᠥᠷ  ᠴᠢᠨᠰᠠᠭᠠᠲᠤ ᠬᠥᠭᠵᠢᠯᠲᠡ᠎ᠳ᠋ᠦ᠍ ᠦᠢᠯᠡᠴᠢᠯᠡᠬᠦ 》 ᠶᠠᠷᠢᠯᠴᠠᠬᠤ ᠠᠵᠢᠯᠯᠠᠭ᠎ᠠ᠎ ᠶ᠋ᠢ ᠥᠷᠨᠢᠭᠦᠯᠬᠦ ᠮᠡᠳᠡᠭᠳᠡᠯ ᠂  ᠪᠥᠬᠥ ᠬᠣᠲᠠ᠎ᠶ᠋ᠢᠨ ᠰᠢᠭᠦᠬᠦ ᠬᠣᠷᠢᠶ᠎ᠠ᠎ ᠶ᠋ᠢᠨ 《 ᠬᠣᠷᠢᠳᠤᠭᠠᠷ ᠶᠡᠬᠡ ᠬᠤᠷᠠᠯ ᠢ᠋ ᠤᠭᠲᠤᠵᠤ ᠂ ᠬᠠᠤᠯᠢᠵᠢᠭᠰᠠᠨ ᠬᠤᠳᠠᠯᠳᠤᠭᠠᠨ ᠤ᠋ ᠣᠷᠴᠢᠨ  ᠢ᠋ ᠰᠢᠯᠢᠳᠡᠭᠵᠢᠭᠦᠯᠬᠦ ᠂ ᠥᠨᠳᠥᠷ  ᠴᠢᠨᠰᠠᠭᠠᠲᠤ ᠬᠥᠭᠵᠢᠯᠲᠡ᠎ᠳ᠋ᠦ᠍ ᠦᠢᠯᠡᠴᠢᠯᠡᠬᠦ 》 ᠶᠠᠷᠢᠯᠴᠠᠬᠤ ᠠᠵᠢᠯᠯᠠᠭ᠎ᠠ᠎ ᠶ᠋ᠢᠨ ᠬᠡᠷᠡᠭᠵᠢᠭᠦᠯᠬᠦ ᠲᠥᠰᠦᠯ ᠵᠡᠷᠭᠡ ᠠᠭᠤᠯᠭ᠎ᠠ᠎ ᠶ᠋ᠢ ᠲᠠᠢᠯᠪᠤᠷᠢᠯᠠᠭᠰᠠᠨ ᠪᠥᠭᠡᠳ《 ᠣᠷᠳᠣᠰ ᠬᠣᠲᠠ᠎ ᠶ᠋ᠢᠨ ᠲᠡᠷᠢᠭᠦᠨ ᠎ᠦ᠌ ᠪᠦᠲᠦᠭᠡᠨ ᠪᠠᠢᠭᠤᠯᠤᠯᠲᠠ᠎ ᠶ᠋ᠢᠨ ᠬᠠᠮᠤᠭ ᠎ᠤ᠋ᠨ ᠰᠢᠯᠢᠳᠡᠭ ᠬᠤᠳᠠᠯᠳᠤᠭᠠᠨ ᠎ᠤ᠋ ᠣᠷᠴᠢᠨ ᠲᠣᠭᠣᠷᠢᠨ ᠎ᠤ᠋ ᠠᠵᠢᠯᠯᠠᠭ᠎ᠠ᠎ᠶ᠋ᠢᠨ ᠲᠥᠰᠦᠯ (500 ᠵᠤᠷᠪᠤᠰ )》 ᠦ᠋ᠨ ᠲᠣᠭᠣᠷᠢᠨ ᠎ᠳ᠋ᠤ᠌ 《 ᠣᠷᠳᠣᠰ ᠬᠣᠲᠠ ᠎ᠶ᠋ᠢᠨ ᠠᠷᠠᠳ᠎ ᠤ᠋ᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ᠎ ᠶ᠋ᠢᠨ ᠳᠦᠷᠢᠮᠵᠢᠭᠰᠡᠨ ᠪᠣᠯᠪᠠᠰᠤᠨ ᠬᠠᠤᠯᠢ ᠴᠠᠭᠠᠵᠠ ᠎ᠶ᠋ᠢᠨ ᠨᠠᠢ᠍ᠮᠠᠨ ᠵᠤᠷᠪᠤᠰ ᠲᠣᠭᠲᠠᠭᠠᠯ》 ᠲᠠᠢ ᠤᠶᠠᠯᠳᠤᠭᠤᠯᠤᠨ ᠂ ᠪᠥᠬᠥ ᠬᠣᠲᠠ ᠎ᠶ᠋ᠢᠨ ᠲᠡᠷᠢᠭᠦᠨ ᠎ᠦ᠌ ᠵᠢᠱ᠌ᠢᠶᠡᠴᠢ ᠂ ᠬᠠᠮᠤᠭ ᠎ᠤ᠋ᠨ ᠰᠢᠯᠢᠳᠡᠭ ᠬᠤᠳᠠᠯᠳᠤᠭᠠᠨ ᠎ᠤ᠋ ᠣᠷᠴᠢᠨ ᠲᠣᠭᠣᠷᠢᠨ ᠎ᠢ᠋ ᠪᠠᠢᠭᠤᠯᠬᠤ ᠠᠵᠢᠯᠯᠠᠭ᠎ᠠ ᠎ᠶ᠋ᠢᠨ ᠭᠣᠣᠯᠳᠠᠯᠭ᠎ᠠ᠎ ᠲᠠᠢ ᠡᠭᠦᠷᠭᠡ ᠂ ᠣᠨᠴᠠᠭᠠᠢᠯᠠᠨ ᠪᠥᠬᠥ ᠤᠯᠤᠰ ᠎ᠤ᠋ᠨ ᠬᠠᠮᠤᠭ ᠤ᠋ᠨ ᠰᠢᠯᠢᠳᠡᠭ ᠬᠠᠤᠯᠢ᠎ ᠪᠠᠷ ᠵᠠᠰᠠᠬᠤ ᠣᠷᠴᠢᠨ ᠲᠣᠭᠣᠷᠢᠨ ᠎ᠢ᠋ ᠪᠠᠢᠭᠤᠯᠬᠤ ᠶᠠᠪᠤᠴᠠ ᠳ᠋ᠡᠬᠢ ᠬᠠᠮᠢᠶ᠎ᠠ ᠪᠥᠬᠥᠢ ᠡᠭᠦᠷᠭᠡ᠎ ᠶ᠋ᠢᠨ ᠭᠦᠢᠴᠡᠳᠬᠡᠬᠦ ᠲᠣᠭ᠎ᠠ᠎ ᠶ᠋ᠢ ᠪᠠᠢᠭᠤᠯᠬᠤ ᠲᠤᠬᠠᠢ ᠲᠤᠰᠬᠠᠢ ᠰᠡᠳᠦᠪᠲᠦ ᠪᠣᠯᠪᠠᠰᠤᠷᠠᠯ ᠬᠢᠪᠡ ᠃
   ᠬᠤᠷᠠᠯ  ᠳ᠋ᠤ ᠴᠢᠬᠤᠯᠠᠴᠢᠯᠠᠭᠰᠠᠨ ᠨᠢ ᠂ ᠨᠢᠭᠡ᠎ ᠳ᠋ᠦ᠍ ᠂  ᠣᠨᠤᠯ ᠤ᠋ᠨ ᠲᠠᠯ᠎ᠠ ᠳ᠋ᠤ ᠰᠢᠨᠵᠢᠯᠡᠬᠦ ᠤᠬᠠᠭᠠᠨᠴᠢ᠎ ᠪᠠᠷ ᠵᠡᠪᠰᠡᠭᠯᠡᠬᠦ ᠎ᠶ᠋ᠢ ᠪᠠᠷᠢᠮᠲᠠᠯᠠᠵᠤ ᠂ ᠤᠯᠤᠰ ᠲᠥᠷᠥ᠎ ᠶ᠋ᠢᠨ ᠦᠨᠡᠨᠴᠢ ᠰᠢᠳᠤᠷᠭᠤ ᠰᠠᠭᠤᠷᠢ ᠎ᠶ᠋ᠢ ᠪᠠᠲᠤ ᠲᠠᠯᠪᠢᠬᠤ ᠬᠡᠷᠡᠭᠲᠡᠢ ᠃ ᠶᠡᠷᠦᠩᠬᠡᠢ ᠱᠦᠵᠢ  ᠰᠢ ᠵᠢᠨ ᠫᠢᠩ᠎ ᠦ᠋ᠨ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠪᠠ ᠶᠡᠷᠦᠩᠬᠡᠢ ᠱᠦᠵᠢ  ᠰᠢ ᠵᠢᠨ ᠫᠢᠩ ᠎ᠦ᠋ᠨ ᠥᠪᠥᠷ ᠮᠣᠩᠭᠣᠯ᠎ ᠤ᠋ᠨ ᠴᠢᠬᠤᠯᠠ ᠶᠠᠷᠢᠶ᠎ᠠ ᠎ᠶ᠋ᠢᠨ ᠴᠢᠬᠤᠯᠠ ᠵᠢᠭᠠᠪᠤᠷᠢ ᠴᠣᠬᠣᠯᠠᠪᠤᠷᠢ ᠎ᠶ᠋ᠢᠨ ᠵᠣᠷᠢᠭ ᠰᠠᠨᠠᠭ᠎ᠠ᠎ ᠶ᠋ᠢ ᠭᠦᠨᠵᠡᠭᠡᠢ  ᠲᠤᠭᠤᠰᠢᠯᠠᠭᠤᠯᠵᠤ ᠂ ᠡᠯ᠎ᠡ ᠱᠠᠲᠤᠨ ᠎ᠤ᠋ ᠨᠠᠮ᠎ ᠤ᠋ᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠎ᠤ᠋ ᠥᠨᠳᠥᠷ ᠵᠡᠷᠭᠡ᠎ ᠶ᠋ᠢᠨ ᠰᠢᠭᠦᠬᠦ ᠬᠣᠷᠢᠶ᠎ᠠ᠎ ᠶ᠋ᠢᠨ ᠰᠢᠢᠳᠪᠦᠷᠢᠲᠦ ᠪᠣᠳᠣᠯᠭ᠎ᠠ ᠎ᠶ᠋ᠢᠨ ᠪᠠᠢᠷᠢᠯᠠᠭᠤᠯᠤᠯᠲᠠ ᠎ᠶ᠋ᠢ ᠲᠡᠷᠡ ᠬᠡᠪ᠎ ᠢ᠋ᠶ᠋ᠡᠷ ᠨᠢ  ᠨᠠᠢᠳᠠᠪᠤᠷᠢᠵᠢᠭᠤᠯᠬᠤ ᠬᠡᠷᠡᠭᠲᠡᠢ ᠃ ᠪᠠᠢᠷᠢᠯᠠᠭᠤᠯᠤᠯᠲᠠ᠎ ᠶ᠋ᠢᠨ ᠱᠠᠭᠠᠷᠳᠠᠯᠭ᠎ᠠ ᠎ᠶ᠋ᠢ ᠴᠢᠩᠭ᠎ᠠ ᠵᠢᠷᠤᠮᠯᠠᠨ ᠂ 《 ᠡᠷᠲᠡ ᠵᠢᠨ ᠤᠩᠰᠢᠯᠭ᠎ᠠ ᠵᠢᠨ ᠮᠥᠴᠡ》 ᠂ 《 ᠭᠤᠷᠪᠠᠨ ᠬᠤᠷᠠᠯ ᠨᠢᠭᠡ ᠬᠢᠴᠢᠶᠡᠯ》 ᠲᠤᠰᠬᠠᠢ ᠰᠡᠳᠦᠪ᠎ ᠢ᠋ᠶ᠋ᠡᠷ ᠰᠤᠳᠤᠯᠤᠨ ᠶᠠᠷᠢᠯᠴᠠᠬᠤ ᠂ ᠨᠡᠢᠲᠡᠯᠢᠭ ᠬᠡᠷᠡᠭ ᠎ᠦ᠋ᠨ ᠵᠢᠱ᠌ᠢᠶ᠎ᠡ᠎ ᠶ᠋ᠢᠨ ᠵᠠᠳᠠᠯᠤᠯᠲᠠ ᠬᠢᠬᠦ ᠵᠡᠷᠭᠡ ᠠᠷᠭ᠎ᠠ ᠮᠠᠶᠢᠭ ᠪᠣᠯᠤᠨ ᠠᠷᠭ᠎ᠠ ᠵᠠᠮ ᠎ᠢ᠋ᠶ᠋ᠠᠷ ᠦᠷᠭᠦᠯᠵᠢᠯᠡᠨ ᠳᠡᠮᠵᠢᠵᠦ ᠂ ᠤᠯᠤᠰ ᠲᠥᠷᠥ᠎ ᠶ᠋ᠢᠨ ᠬᠥᠮᠦᠵᠢᠯ ᠂ ᠲᠥᠷᠥ᠎ ᠶ᠋ᠢᠨ ᠪᠣᠳᠣᠯᠭ᠎ᠠ ᠬᠠᠤᠯᠢ ᠲᠣᠭᠲᠠᠭᠠᠯ ᠎ᠤ᠋ᠨ ᠰᠤᠷᠤᠯᠴᠠᠯᠭ᠎ᠠ ᠂ ᠨᠡᠢᠲᠡᠯᠢᠭ ᠬᠡᠷᠡᠭ ᠎ᠦ᠋ᠨ ᠵᠢᠱ᠌ᠢᠶ᠎ᠡ ᠎ᠶ᠋ᠢᠨ ᠬᠥᠮᠦᠵᠢᠯ ᠎ᠢ᠋ ᠭᠦᠨᠵᠡᠭᠡᠢ ᠥᠷᠨᠢᠭᠦᠯᠵᠦ ᠂ ᠦᠵᠡᠯ ᠰᠠᠨᠠᠭᠠᠨ ᠎ᠤ᠋ ᠲᠠᠨᠢᠯᠲᠠ ᠎ᠪᠠᠨ ᠤᠯᠠᠮ ᠨᠢᠭᠡ ᠠᠯᠬᠤᠮ ᠴᠢᠩᠭᠠᠷᠠᠭᠤᠯᠵᠤ ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠎ᠢ᠋ ᠰᠢᠯᠢᠳᠡᠭᠵᠢᠭᠦᠯᠬᠦ ᠎ᠶ᠋ᠢᠨ  ᠴᠢᠬᠤᠯᠠ ᠴᠢᠨᠠᠷ ᠪᠣᠯᠤᠨ ᠠᠬᠤᠢᠴᠢ  ᠴᠢᠨᠠᠷ᠎ ᠢ᠋ ᠣᠨᠣᠪᠴᠢᠲᠠᠢ ᠲᠠᠨᠢᠬᠤ ᠬᠡᠷᠡᠭᠲᠡᠢ ᠃
  ᠬᠣᠶᠠᠷ᠎ ᠲᠤ᠌ ᠭᠦᠨᠵᠡᠭᠡᠢ ᠰᠤᠳᠤᠯᠤᠨ ᠶᠠᠷᠢᠯᠴᠠᠵᠤ ᠪᠠᠢᠴᠠᠭᠠᠨ ᠦᠵᠡᠵᠦ ᠂ ᠲᠡᠷᠢᠭᠦᠨ ᠎ᠦ᠌ ᠪᠠᠷᠢᠮᠵᠢᠶ᠎ᠠ ᠳ᠋ᠤ ᠬᠠᠨᠳᠤᠭᠤᠯᠵᠤ ᠂ ᠬᠤᠳᠠᠯᠳᠤᠭ᠎ᠠ ᠡᠷᠬᠢᠯᠡᠬᠦ ᠬᠠᠮᠤᠭ ᠎ᠤ᠋ᠨ ᠰᠠᠢᠨ ᠣᠷᠴᠢᠨ ᠲᠣᠭᠣᠷᠢᠨ ᠎ᠢ᠋ ᠪᠠᠢᠭᠤᠯᠬᠤ ᠬᠡᠷᠡᠭᠲᠡᠢ ᠃ ᠡᠭᠦᠷᠭᠡ ᠬᠠᠷᠢᠭᠤᠴᠠᠯᠭ᠎ᠠ ᠎ᠪᠠᠨ ᠵᠢᠭᠰᠠᠭᠠᠨ ᠣᠷᠣᠭᠤᠯᠬᠤ ᠂ ᠠᠵᠢᠯ᠎ ᠢ᠋ᠶ᠋ᠠᠨ ᠵᠢᠭᠰᠠᠭᠠᠨ ᠣᠷᠣᠭᠤᠯᠬᠤ ᠂ ᠥᠪᠡᠷ ᠎ᠢ᠋ ᠎ᠪᠡᠨ ᠵᠢᠭᠰᠠᠭᠠᠨ ᠣᠷᠣᠭᠤᠯᠬᠤ᠎ ᠶ᠋ᠢ ᠪᠠᠷᠢᠮᠲᠠᠯᠠᠨ ᠂ ᠪᠠᠢᠴᠠᠭᠠᠨ ᠦᠵᠡᠵᠦ ᠭᠠᠷᠭᠠᠭᠰᠠᠨ ᠪᠣᠳᠠᠲᠠᠢ ᠠᠰᠠᠭᠤᠳᠠᠯ ᠂ ᠰᠢᠯᠲᠠᠭᠠᠨ ᠎ᠢ᠋ ᠵᠠᠳᠠᠯᠬᠤ ᠂ ᠰᠠᠢᠵᠢᠷᠠᠭᠤᠯᠬᠤ ᠠᠷᠭ᠎ᠠ ᠬᠡᠮᠵᠢᠶ᠎ᠡ ᠎ᠪᠡᠨ ᠵᠠᠬ᠎ᠠ ᠳᠡᠯᠭᠡᠭᠦᠷ᠎ ᠦ᠋ᠨ ᠭᠣᠣᠯ ᠴᠣᠭᠴᠠ᠎ ᠯᠤᠭ᠎ᠠ ᠭᠦᠢᠴᠡᠳ ᠰᠤᠳᠤᠯᠤᠨ ᠶᠠᠷᠢᠯᠴᠠᠵᠤ ᠂ ᠠᠰᠠᠭᠤᠳᠠᠯ ᠎ᠢ᠋ ᠣᠨᠣᠪᠴᠢᠲᠠᠢ ᠡᠷᠢᠨ ᠂  ᠪᠣᠳᠠᠲᠠᠢ ᠬᠢᠬᠦ᠎ ᠶ᠋ᠢ ᠦᠨᠡᠨᠬᠦ ᠪᠠᠲᠤᠯᠠᠨ ᠂  ᠠᠷᠭ᠎ᠠ ᠬᠡᠮᠵᠢᠶ᠎ᠡ᠎ ᠶ᠋ᠢ ᠦᠨᠡᠨᠬᠦ ᠭᠠᠷᠭᠠᠵᠤ ᠂ ᠳᠣᠪᠣᠢᠮ᠎ᠠ ᠠᠰᠠᠭᠤᠳᠠᠯ ᠎ᠢ᠋  ᠦᠨᠡᠨᠬᠦ ᠰᠢᠢᠳᠪᠦᠷᠢᠯᠡᠬᠦ ᠂  ᠡᠷᠬᠡ ᠲᠡᠭᠰᠢ ᠪᠥᠭᠡᠳ ᠢᠯᠡ ᠲᠣᠳᠣ ᠂ ᠲᠥᠰᠦᠭᠡᠯᠡᠵᠦ ᠪᠣᠯᠬᠤᠢᠴᠠ ᠬᠠᠤᠯᠢ᠎ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠴᠢᠷᠮᠠᠢᠨ ᠪᠠᠢᠭᠤᠯᠵᠤ ᠂ ᠬᠠᠤᠯᠢ ᠴᠠᠭᠠᠵᠠ ᠎ᠶ᠋ᠢᠨ ᠪᠠᠲᠤᠯᠠᠭ᠎ᠠ᠎ ᠶ᠋ᠢ ᠬᠠᠩᠭᠠᠬᠤ ᠬᠡᠷᠡᠭᠲᠡᠢ ᠃
   ᠭᠤᠷᠪᠠ ᠎ᠳ᠋ᠤ᠌᠂ ᠡᠭᠦᠳᠡ ᠨᠡᠭᠡᠭᠡᠵᠦ ᠢᠳᠬᠠᠯ ᠰᠣᠨᠣᠰᠴᠤ ᠂ ᠶᠠᠷᠢᠯᠴᠠᠭᠠᠨ ᠎ᠤ᠋ ᠠᠵᠢᠯᠯᠠᠭᠠᠨ ᠎ᠤ᠋ ᠭᠦᠨ ᠵᠤᠵᠠᠭᠠᠨ ᠠᠭᠤᠷ ᠠᠮᠢᠰᠬᠤᠯ᠎ ᠢ᠋ ᠪᠣᠢ ᠪᠣᠯᠭᠠᠬᠤ ᠬᠡᠷᠡᠭᠲᠡᠢ ᠃ 《 ᠡᠭᠦᠳᠡ ᠪᠠᠨ ᠨᠡᠭᠡᠭᠡᠵᠦ ᠪᠠᠢᠴᠠᠭᠠᠵᠤ ᠦᠵᠡᠬᠦ》 ᠶ᠋ᠢ ᠪᠠᠷᠢᠮᠲᠠᠯᠠᠵᠤ ᠂ ᠠᠰᠠᠭᠤᠳᠠᠯ᠎ ᠢ᠋ ᠰᠠᠨᠠᠭᠠᠴᠢᠯᠠᠭ᠎ᠠ ᠎ᠠ᠋ᠴᠠ ᠎ᠪᠠᠨ ᠳᠡᠯᠭᠡᠵᠦ ᠂  ᠠᠵᠤ ᠠᠬᠤᠢᠯᠠᠯ ᠪᠠ ᠣᠯᠠᠨ ᠲᠦᠮᠡᠨ ᠦ᠌ ᠦᠨᠡᠯᠡᠯᠲᠡ ᠶ᠋ᠢ ᠬᠦᠯᠢᠶᠡᠨ ᠠᠪᠴᠤ ᠂ ᠣᠪᠣᠷ ᠰᠤᠷᠲᠠᠯ ᠎ᠢ᠋ᠶ᠋ᠠᠨ ᠰᠠᠨᠠᠭᠠᠴᠢᠯᠠᠭ᠎ᠠ ᠎ᠠ᠋ᠴᠠ ᠎ᠪᠠᠨ ᠬᠤᠪᠢᠷᠠᠭᠤᠯᠵᠤ ᠂ ᠬᠠᠤᠯᠢ ᠎ᠪᠠᠷ ᠵᠠᠰᠠᠬᠤ ᠤᠬᠠᠮᠰᠠᠷ ᠂ ᠳᠦᠷᠢᠮ᠎ ᠦ᠋ᠨ ᠤᠬᠠᠮᠰᠠᠷ ᠂ ᠭᠡᠷ᠎ᠡ᠎ ᠶ᠋ᠢᠨ ᠵᠣᠷᠢᠭ ᠰᠠᠨᠠᠭ᠎ᠠ᠎ ᠲᠠᠢ ᠪᠠᠢᠬᠤ ᠬᠡᠷᠡᠭᠲᠡᠢ᠃ ᠠᠵᠤ ᠠᠬᠤᠢᠯᠠᠯ ᠪᠠ ᠣᠯᠠᠨ ᠲᠦᠮᠡᠨ ᠦ᠌ ᠪᠣᠳᠠᠲᠠᠢ ᠬᠡᠷᠡᠭᠴᠡᠭᠡ ᠱᠠᠭᠠᠷᠳᠠᠯᠭ᠎ᠠ᠎ ᠠ᠋ᠴᠠ ᠡᠭᠦᠰᠬᠦ᠎ ᠶ᠋ᠢ ᠪᠠᠷᠢᠮᠲᠠᠯᠠᠨ ᠂  ᠰᠠᠢᠲᠤᠷ ᠦᠢᠯᠡᠴᠢᠯᠡᠬᠦ  ᠬᠡᠷᠡᠭᠲᠡᠢ᠃ ᠸᠢᠴᠠᠲ᠎  ᠵᠢᠨ ᠨᠡᠢᠲᠡ ᠎ᠶ᠋ᠢᠨ  ᠳ᠋ᠤᠭᠠᠷ ᠵᠡᠷᠭᠡ ᠡᠯ᠎ᠡ ᠲᠥᠷᠥᠯ ᠎ᠦ᠋ᠨ ᠤᠬᠠᠭᠤᠯᠭ᠎ᠠ ᠎ᠶ᠋ᠢᠨ ᠲᠠᠪᠴᠠᠩ ᠎ᠢ᠋ ᠭᠦᠢᠴᠡᠳ ᠬᠡᠷᠡᠭᠯᠡᠵᠦ ᠂ ᠪᠦᠬᠦ ᠶᠠᠪᠤᠴᠠ ᠎ᠳ᠋ᠤ᠌ ᠣᠯᠠᠨ ᠬᠠᠷᠠᠭᠠᠰᠤ᠎ ᠠ᠋ᠴᠠ ᠶᠠᠷᠢᠯᠴᠠᠬᠤ ᠠᠵᠢᠯᠯᠠᠭ᠎ᠠ ᠎ᠶ᠋ᠢᠨ ᠠᠴᠢ ᠬᠣᠯᠪᠣᠭᠳᠠᠯ ᠂ ᠬᠥᠳᠡᠯᠦᠯ ᠂ ᠠᠬᠢᠴᠠ ᠪᠠ ᠦᠷ᠎ᠡ ᠪᠦᠲᠦᠮᠵᠢ᠎ ᠶ᠋ᠢ ᠳᠡᠯᠭᠡᠨ ᠦᠵᠡᠭᠦᠯᠵᠦ ᠂ ᠰᠢᠭᠦᠬᠦ ᠬᠣᠷᠢᠶ᠎ᠠ ᠎ᠶ᠋ᠢᠨ ᠬᠠᠤᠯᠢᠵᠢᠯ᠎ ᠤ᠋ᠨ ᠡᠵᠡᠩᠨᠡᠯᠲᠡ᠎ ᠶ᠋ᠢᠨ ᠣᠷᠴᠢᠨ ᠲᠣᠭᠣᠷᠢᠨ ᠎ᠢ᠋ ᠰᠢᠯᠢᠳᠡᠭᠵᠢᠭᠦᠯᠬᠦ ᠲᠠᠯ᠎ᠠ᠎ ᠪᠠᠷ ᠬᠢ  ᠪᠣᠳᠠᠲᠠᠢ ᠠᠵᠢᠯ ᠬᠢᠬᠦ ᠠᠷᠭ᠎ᠠ ᠬᠡᠮᠵᠢᠶ᠎ᠡ ᠎ᠶ᠋ᠢ ᠣᠯᠵᠤ  ᠦᠵᠡᠨ ᠂ ᠬᠠᠤᠯᠢᠵᠢᠭᠰᠠᠨ ᠬᠤᠳᠠᠯᠳᠤᠭᠠᠨ ᠤ᠋ ᠡᠵᠡᠩᠨᠡᠯᠲᠡ ᠎ᠶ᠋ᠢᠨ ᠣᠷᠴᠢᠨ ᠲᠣᠭᠣᠷᠢᠨ ᠎ᠢ᠋ ᠰᠢᠯᠢᠳᠡᠭᠵᠢᠭᠦᠯᠬᠦ ᠬᠦᠴᠦᠷᠬᠡᠭ ᠶᠡᠬᠡ ᠢᠳᠡᠪᠬᠢ ᠬᠦᠴᠦᠨ ᠎ᠢ᠋ ᠲᠥᠪᠯᠡᠷᠡᠭᠦᠯᠵᠦ ᠂《 ᠠᠷᠠᠳ ᠲᠦᠮᠡᠨ ᠎ᠳ᠋ᠦ᠍ ᠬᠠᠨᠤᠮᠵᠢᠲᠠᠢ ᠪᠣᠯᠭᠠᠬᠤ 》  ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )