ᠴᠠᠭᠠᠨ ᠰᠠᠷ᠎ᠠ ᠵᠢᠨ ᠡᠬᠢ ᠪᠡᠷ ᠲᠦᠮᠡᠨ ᠪᠣᠳᠠᠰ ᠰᠢᠨᠡᠳᠦᠭᠰᠡᠨ ᠪᠠᠢᠨ᠎ᠠ ᠃ ᠪᠠᠷᠰ ᠵᠢᠯ ᠦ᠋ᠨ ᠰᠢᠨ᠎ᠡ ᠵᠢᠨ ᠶᠢᠰᠦᠨ ᠪᠣᠯ ᠂ ᠠᠮᠠᠷᠠᠯᠲᠠ ᠢ᠋ᠢᠨ ᠳᠠᠷᠠᠭᠠᠬᠢ ᠭᠤᠷᠪᠠᠳᠤᠭᠠᠷ ᠠᠵᠢᠯ ᠤ᠋ᠨ ᠡᠳᠦᠷ ᠪᠣᠯᠤᠨ᠎ᠠ᠃ ᠦᠵᠡᠯ ᠰᠠᠨᠠᠭ᠎ᠠ ᠪᠠᠨ ᠲᠥᠪ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶ᠎ᠠ ᠪᠣᠯᠤᠨ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠳᠡᠭᠡᠷ᠎ᠡ ᠦᠳᠲᠡᠷ ᠲᠦᠷᠭᠡᠨ ᠨᠢᠭᠡᠳᠬᠡᠵᠦ ᠂ 2022 ᠣᠨ ᠤ᠋ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠠᠵᠢᠯ ᠢ᠋ ᠰᠠᠢᠲᠤᠷ ᠬᠢᠵᠦ ᠂ ᠤᠷᠤᠭᠰᠢ ᠳᠠᠪᠰᠢᠬᠤ ᠵᠢᠨ ᠲᠥᠯᠦᠭᠡ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠨᠠᠮ ᠤ᠋ᠨ ᠤᠳᠤᠷᠢᠳᠬᠤ ᠳᠤᠭᠤᠢᠯᠠᠩ ᠤ᠋ᠨ 2022 ᠣᠨ ᠤ᠋ ᠳᠣᠯᠣᠳᠤᠭᠠᠷ ᠤᠳᠠᠭᠠᠨ ᠤ᠋ (ᠥᠷᠭᠡᠳᠬᠡᠭᠰᠡᠨ ) ᠬᠤᠷᠠᠯ ᠢ᠋ ᠬᠤᠷᠠᠯᠳᠤᠭᠤᠯᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠭᠡᠰᠢᠭᠦᠨ ᠵᠢᠴᠢ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠤᠯᠴᠠᠭᠰᠠᠨ ᠶᠤᠮ ᠃
ᠬᠤᠷᠠᠯ ᠨᠢ ᠪᠦᠬᠦ ᠣᠷᠣᠨ ᠤ᠋ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠤ᠋ ᠶᠡᠬᠡ ᠬᠤᠷᠠᠯ ᠤ᠋ᠨ ᠵᠣᠷᠢᠭ ᠰᠠᠨᠠᠭ᠎ᠠ ᠂ ᠥᠪᠡᠷᠲᠡᠭᠡᠨ ᠵᠠᠰᠠᠬᠤ ᠣᠷᠣᠨ ᠤ᠋ 《 ᠬᠣᠶᠠᠷ ᠬᠤᠷᠠᠯ 》 ᠤ᠋ᠨ ᠵᠣᠷᠢᠭ ᠰᠠᠨᠠᠭ᠎ᠠ ᠂ ᠪᠦᠬᠦ ᠤᠯᠤᠰ ᠤ᠋ᠨ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠣᠷᠢᠶᠠᠨ ᠳᠠᠷᠤᠭ᠎ᠠ ᠶ᠋ᠢᠨ ᠬᠤᠷᠠᠯ ᠂ ᠪᠦᠬᠦ ᠣᠷᠣᠨ ᠤ᠋ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠣᠷᠢᠶᠠᠨ ᠳᠠᠷᠤᠭ᠎ᠠ ᠶ᠋ᠢᠨ ᠬᠤᠷᠠᠯ ᠤ᠋ᠨ ᠵᠣᠷᠢᠭ ᠰᠠᠨᠠᠭ᠎ᠠ ᠂ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠦ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶ᠋ᠢᠨ ᠵᠢᠷᠭᠤᠳᠤᠭᠠᠷ ᠪᠦᠭᠦᠳᠡ ᠬᠤᠷᠠᠯ ᠂ ᠠᠷᠪᠠᠨ ᠨᠢᠭᠡᠳᠦᠭᠡᠷ ᠬᠤᠭᠤᠴᠠᠭᠠᠨ ᠤ᠋ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶ᠋ᠢᠨ ᠬᠣᠶᠠᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠪᠠ ᠃
ᠬᠤᠷᠠᠯ ᠳᠤ ᠴᠢᠬᠤᠯᠠᠴᠢᠯᠠᠭᠰᠠᠨ ᠨᠢ ᠂ ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠦᠨᠡᠨᠴᠢ ᠰᠢᠳᠤᠷᠭᠤ ᠵᠤᠭᠰᠤᠯᠲᠠ ᠲᠡᠢ ᠪᠠᠢᠬᠤ ᠬᠡᠷᠡᠭᠲᠡᠢ ᠂ 《 ᠬᠣᠶᠠᠷ ᠢ᠋ ᠬᠠᠮᠠᠭᠠᠯᠠᠬᠤ 》 ᠶ᠋ᠢ ᠢᠮᠠᠭᠲᠠ ᠬᠠᠮᠤᠭ ᠤ᠋ᠨ ᠳᠡᠭᠡᠳᠦ ᠤᠯᠤᠰ ᠲᠥᠷᠥ ᠶ᠋ᠢᠨ ᠵᠠᠷᠴᠢᠮ ᠪᠠ ᠤᠯᠤᠰ ᠲᠥᠷᠥ ᠶ᠋ᠢᠨ ᠦᠨᠳᠦᠰᠦᠨ ᠶᠣᠰᠣ ᠳᠦᠷᠢᠮ ᠪᠣᠯᠭᠠᠵᠤ ᠂ ᠨᠠᠮ ᠤ᠋ᠨ ᠬᠠᠤᠯᠢ ᠴᠠᠭᠠᠵᠠ ᠶ᠋ᠢᠨ ᠠᠵᠢᠯ ᠳ᠋ᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠪᠠᠲᠤ ᠪᠠᠷᠢᠮᠲᠠᠯᠠᠵᠤ ᠂ ᠤᠯᠤᠰ ᠲᠥᠷᠥ ᠶ᠋ᠢᠨ ᠦᠨᠡᠨᠴᠢ ᠰᠢᠳᠤᠷᠭᠤ ᠬᠥᠮᠦᠵᠢᠯ ᠢ᠋ ᠴᠢᠩᠭᠠᠳᠬᠠᠨ ᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ ᠶ᠋ᠢ ᠪᠠᠳᠠᠷᠠᠭᠤᠯᠵᠤ ᠂ ᠨᠠᠮ ᠤ᠋ᠨ ᠤᠳᠤᠷᠢᠳᠤᠯᠭ᠎ᠠ ᠪᠠ ᠨᠠᠮ ᠤ᠋ᠨ ᠪᠠᠢᠭᠤᠯᠤᠯᠲᠠ ᠶ᠋ᠢᠨ ᠪᠦᠬᠦ ᠶᠠᠪᠤᠴᠠ ᠳ᠋ᠤ᠌ ᠲᠤᠭᠤᠰᠢᠯᠠᠭᠤᠯᠬᠤ ᠶ᠋ᠢ ᠪᠠᠲᠤᠯᠠᠬᠤ ᠬᠡᠷᠡᠭᠲᠡᠢ ᠃
ᠬᠣᠶᠠᠷ ᠲᠤ᠌ 《 ᠬᠣᠶᠠᠷ ᠶᠡᠬᠡ ᠲᠠᠯ᠎ᠠ 》 ᠶ᠋ᠢ ᠬᠡᠬᠦᠳᠡᠭ ᠴᠡᠭᠡᠵᠢᠨ ᠳ᠋ᠡᠭᠡᠨ ᠡᠪᠦᠷᠯᠡᠵᠦ ᠂ 《 ᠤᠯᠤᠰ ᠤ᠋ᠨ ᠲᠣᠮᠣ ᠵᠦᠢᠯ 》 ᠢ᠋ ᠪᠠᠲᠤ ᠴᠡᠭᠡᠵᠢᠯᠡᠨ ᠂ ᠥᠪᠡᠷᠲᠡᠭᠡᠨ ᠵᠠᠰᠠᠬᠤ ᠣᠷᠣᠨ ᠤ᠋ 《 ᠬᠣᠶᠠᠷ ᠬᠤᠷᠠᠯ 》 ᠂ ᠪᠦᠬᠦ ᠣᠷᠣᠨ ᠤ᠋ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠶᠠᠪᠤᠳᠠᠯ ᠢ᠋ᠶ᠋ᠠᠷ ᠭᠣᠣᠯᠳᠠᠭᠤᠯᠤᠨ ᠂ ᠰᠢᠭᠦᠨ ᠲᠠᠰᠤᠯᠬᠤ ᠡᠭᠦᠷᠭᠡ ᠴᠢᠳᠠᠪᠤᠷᠢ ᠶ᠋ᠢ ᠭᠦᠢᠴᠡᠳ ᠪᠠᠳᠠᠷᠠᠭᠤᠯᠵᠤ ᠂ ᠢᠳᠡᠪᠬᠢᠲᠡᠢ ᠪᠡᠷ ᠬᠠᠷᠢᠭᠤᠴᠠᠯᠭ᠎ᠠ ᠡᠭᠦᠷᠭᠡᠯᠡᠨ ᠂ ᠴᠢᠨᠠᠷ ᠰᠠᠢᠲᠠᠢ ᠬᠥᠭᠵᠢᠯᠲᠡ ᠳ᠋ᠦ᠍ ᠦᠢᠯᠡᠴᠢᠯᠡᠬᠦ ᠲᠠᠯ᠎ᠠ ᠪᠠᠷ ᠪᠣᠳᠠᠲᠠᠢ ᠠᠷᠭ᠎ᠠ ᠤᠬᠠᠭᠠᠨ ᠭᠠᠷᠭᠠᠵᠤ ᠂ ᠦᠷ᠎ᠡ ᠪᠦᠲᠦᠮᠵᠢ ᠣᠯᠬᠤ ᠬᠡᠷᠡᠭᠲᠡᠢ ᠃ ᠬᠠᠤᠯᠢ ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠢ᠋ ᠰᠢᠯᠢᠳᠡᠭᠵᠢᠭᠦᠯᠬᠦ ᠶᠠᠪᠤᠳᠠᠯ ᠢ᠋ ᠡᠨᠡ ᠵᠢᠯ ᠦ᠋ᠨ ᠠᠵᠢᠯ ᠤ᠋ᠨ ᠭᠣᠣᠯ ᠱᠤᠭᠤᠮ ᠪᠠ ᠰᠢᠭᠦᠬᠦ ᠬᠣᠷᠢᠶᠠᠨ ᠤ᠋ ᠪᠦᠬᠦᠯᠢ ᠴᠣᠭᠴᠠ ᠶ᠋ᠢᠨ ᠠᠵᠢᠯ ᠤ᠋ᠨ ᠰᠢᠪᠲᠤᠯᠤᠯᠲᠠ ᠶ᠋ᠢᠨ ᠴᠠᠭ ᠪᠣᠯᠭᠠᠵᠤ ᠂ ᠬᠠᠤᠯᠢ ᠪᠠᠷᠢᠬᠤ ᠣᠪᠣᠷ ᠰᠤᠷᠲᠠᠯ ᠢ᠋ ᠤᠯᠠᠮ ᠴᠢᠨᠠᠭᠰᠢᠳᠠ ᠬᠤᠪᠢᠷᠠᠭᠤᠯᠵᠤ ᠂ ᠡᠯ᠎ᠡ ᠲᠥᠷᠥᠯ ᠦ᠋ᠨ ᠵᠠᠬ᠎ᠠ ᠳᠡᠯᠭᠡᠭᠦᠷ ᠦ᠋ᠨ ᠭᠣᠣᠯ ᠴᠣᠭᠴᠠ ᠶ᠋ᠢᠨ ᠥᠮᠴᠢᠯᠡᠬᠦ ᠡᠷᠬᠡ ᠪᠠ ᠬᠠᠤᠯᠢ ᠶᠣᠰᠣᠨ ᠤ᠋ ᠡᠷᠬᠡ ᠠᠰᠢᠭ ᠢ᠋ ᠬᠠᠤᠯᠢ ᠶᠣᠰᠣᠭᠠᠷ ᠬᠠᠮᠠᠭᠠᠯᠠᠨ ᠂ ᠬᠢᠨᠠᠮᠠᠭᠠᠢ ᠪᠣᠯᠭᠣᠮᠵᠢᠲᠠᠢ ᠰᠠᠢᠨ ᠰᠠᠨᠠᠭ᠎ᠠ ᠲᠠᠢ ᠪᠣᠯᠪᠠᠰᠤᠨ ᠬᠠᠤᠯᠢ ᠪᠠᠷᠢᠬᠤ ᠶ᠋ᠢ ᠪᠠᠷᠢᠮᠲᠠᠯᠠᠵᠤ ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠢ᠋ ᠰᠢᠯᠢᠳᠡᠭᠵᠢᠭᠦᠯᠬᠦ ᠳ᠋ᠦ᠍ ᠰᠢᠭᠦᠬᠦ ᠬᠣᠷᠢᠶᠠᠨ ᠤ᠋ ᠬᠦᠴᠦᠨ ᠴᠢᠳᠠᠯ ᠢ᠋ᠶ᠋ᠠᠨ ᠡᠷᠭᠦᠬᠦ ᠬᠡᠷᠡᠭᠲᠡᠢ ᠃
ᠭᠤᠷᠪᠠ ᠳ᠋ᠤ᠌ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠠᠵᠢᠯ ᠤ᠋ᠨ ᠪᠠᠢᠷᠢᠯᠠᠭᠤᠯᠤᠯᠲᠠ ᠶᠣᠰᠣᠭᠠᠷ ᠂ ᠡᠯ᠎ᠡ ᠵᠦᠢᠯ ᠦ᠋ᠨ ᠠᠵᠢᠯ ᠤ᠋ᠨ ᠡᠭᠦᠷᠭᠡ ᠶ᠋ᠢ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠨ ᠂ ᠳᠤᠲᠠᠭᠳᠠᠯ ᠢ᠋ᠶ᠋ᠠᠨ ᠬᠦᠴᠦᠯᠡᠨ ᠨᠥᠬᠥᠪᠥᠷᠢᠯᠡᠵᠦ ᠂ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠦᠨ ᠂ ᠡᠮᠦᠨ᠎ᠡ ᠡᠩᠨᠡᠭᠡᠨ ᠳ᠋ᠦ᠍ ᠣᠷᠣᠬᠤ ᠪᠠᠷ ᠴᠢᠷᠮᠠᠢᠨ᠎ᠠ ᠃ ᠨᠠᠷᠢᠯᠢᠭᠵᠢᠭᠤᠯᠤᠭᠰᠠᠨ ᠬᠠᠮᠢᠶᠠᠷᠤᠯᠲᠠ ᠂ ᠵᠢᠷᠤᠮᠵᠢᠭᠰᠠᠨ ᠪᠠᠢᠭᠤᠯᠤᠯᠲᠠ ᠪᠠᠷ 《 ᠭᠦᠢᠴᠡᠳᠬᠡᠬᠦ ᠳ᠋ᠦ᠍ ᠬᠦᠴᠢᠷ ᠠᠰᠠᠭᠤᠳᠠᠯ 》 ᠂ 《 ᠵᠠᠬᠢᠳᠠᠯ ᠰᠤᠷᠪᠤᠯᠵᠢᠯᠠᠭ᠎ᠠ ᠶ᠋ᠢᠨ ᠭᠡᠮ 》 ᠢ᠋ ᠬᠦᠴᠦᠯᠡᠨ ᠰᠢᠢᠳᠪᠦᠷᠢᠯᠡᠵᠦ ᠂ ᠬᠡᠷᠡᠭ ᠢ᠋ ᠰᠢᠢᠳᠪᠦᠷᠢᠯᠡᠬᠦ 《 ᠭᠤᠷᠪᠠᠨ ᠦᠷ᠎ᠡ ᠪᠦᠲᠦᠮᠵᠢ 》 ᠶ᠋ᠢᠨ ᠨᠢᠭᠡᠳᠦᠯᠲᠡᠢ ᠪᠠᠢᠬᠤ ᠶ᠋ᠢ ᠴᠢᠷᠮᠠᠢᠨ ᠪᠡᠶᠡᠯᠡᠭᠦᠯᠬᠦ ᠬᠡᠷᠡᠭᠲᠡᠢ ᠃ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠠᠵᠢᠯ ᠤ᠋ᠨ ᠠᠷᠭ᠎ᠠ ᠶ᠋ᠢ ᠴᠢᠩᠭ᠎ᠠ ᠨᠠᠢᠳᠠᠪᠤᠷᠢᠵᠢᠭᠤᠯᠵᠤ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠠᠵᠢᠯ ᠢ᠋ ᠦᠷᠭᠦᠯᠵᠢᠯᠡᠨ ᠠᠬᠢᠭᠤᠯᠵᠤ ᠂ ᠬᠣᠲᠠ ᠶ᠋ᠢᠨ ᠬᠡᠪᠴᠢᠶᠡᠨ ᠦ᠌ ᠨᠡᠢᠭᠡᠮ ᠦ᠋ᠨ ᠵᠠᠰᠠᠯᠲᠠ ᠳ᠋ᠤ᠌ ᠬᠠᠤᠯᠢ ᠴᠠᠭᠠᠵᠠ ᠶ᠋ᠢᠨ ᠣᠶᠤᠨ ᠤᠬᠠᠭᠠᠨ ᠨᠡᠮᠡᠷᠢᠯᠡᠨ᠎ᠡ ᠃ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠦᠢᠯᠡᠳᠦᠯ ᠴᠢᠳᠠᠪᠤᠷᠢ ᠶ᠋ᠢ ᠳᠡᠭᠡᠭᠰᠢᠯᠡᠭᠦᠯᠬᠦ ᠪᠡᠷ ᠡᠭᠦᠰᠴᠡ ᠪᠣᠯᠭᠠᠨ ᠂ ᠣᠶᠤᠨᠴᠢ ᠰᠢᠭᠦᠬᠦ ᠬᠣᠷᠢᠶᠠᠨ ᠤ᠋ ᠪᠠᠢᠭᠤᠯᠤᠯᠲᠠ ᠶ᠋ᠢ ᠭᠦᠨᠵᠡᠭᠡᠢᠷᠡᠭᠦᠯᠵᠦ ᠂ ᠬᠠᠤᠯᠢ ᠴᠠᠭᠠᠵᠠ ᠶ᠋ᠢᠨ ᠥᠨᠳᠥᠷ ᠦᠷ᠎ᠡ ᠪᠦᠲᠦᠮᠵᠢᠲᠡᠢ ᠮᠥᠷᠲᠡᠭᠡᠨ ᠳᠥᠭᠥᠮ ᠲᠦᠳᠡ ᠪᠠᠢᠬᠤ ᠶ᠋ᠢ ᠠᠷᠠᠳ ᠣᠯᠠᠨ ᠳ᠋ᠤ᠌ ᠦᠨᠡᠨᠬᠦ ᠮᠡᠳᠡᠷᠡᠭᠦᠯᠬᠦ ᠬᠡᠷᠡᠭᠲᠡᠢ ᠃
ᠳᠥᠷᠪᠡ ᠳ᠋ᠦ᠍᠂ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠦ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠵᠢᠷᠭᠤᠳᠤᠭᠠᠷ ᠪᠦᠭᠦᠳᠡ ᠬᠤᠷᠠᠯ ᠂ ᠠᠷᠪᠠᠨ ᠨᠢᠭᠡᠳᠦᠭᠡᠷ ᠬᠤᠭᠤᠴᠠᠭᠠᠨ ᠤ᠋ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠬᠣᠶᠠᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠪᠠ ᠡᠩᠨᠡᠭᠡ ᠶ᠋ᠢᠨ ᠬᠥᠮᠦᠵᠢᠯ ᠴᠡᠭᠴᠡᠯᠡᠯᠲᠡ ᠶ᠋ᠢᠨ ᠦᠷ᠎ᠡ ᠪᠦᠲᠦᠭᠡᠯ ᠢ᠋ ᠲᠠᠰᠤᠷᠠᠯᠲᠠ ᠦᠭᠡᠢ ᠪᠡᠬᠢᠵᠢᠭᠦᠯᠵᠦ ᠂ ᠲᠥᠪ ᠰᠤᠷᠲᠠᠯ ᠢ᠋ ᠡᠷᠬᠢᠮᠯᠡᠵᠦ ᠰᠠᠬᠢᠯᠭ᠎ᠠ ᠪᠠᠲᠤ ᠶ᠋ᠢ ᠴᠢᠩᠳᠠᠯᠠᠬᠤ ᠶ᠋ᠢ ᠪᠠᠷᠢᠮᠲᠠᠯᠠᠵᠤ ᠂ ᠬᠢᠨᠠᠯᠲᠠ ᠲᠠᠯᠪᠢᠵᠤ ᠬᠢᠵᠠᠭᠠᠷᠯᠠᠬᠤ ᠶ᠋ᠢ ᠴᠢᠩᠭᠠᠷᠠᠭᠤᠯᠵᠤ ᠂ 《 ᠬᠡᠷᠡᠭ ᠢ᠋ᠶ᠋ᠡᠷ ᠵᠠᠰᠠᠨ ᠰᠠᠢᠵᠢᠷᠠᠭᠤᠯᠬᠤ ᠶ᠋ᠢ ᠠᠬᠢᠭᠤᠯᠬᠤ 》 ᠰᠡᠷᠡᠮᠵᠢᠯᠡᠭᠦᠯᠬᠦ ᠬᠥᠮᠦᠵᠢᠯ ᠢ᠋ ᠬᠡᠪᠰᠢᠭᠦᠯᠦᠨ ᠥᠷᠨᠢᠭᠦᠯᠵᠦ ᠂ ᠴᠢᠩᠭ᠎ᠠ ᠪᠠᠢᠳᠠᠯ ᠤ᠋ᠨ ᠬᠥᠮᠦᠵᠢᠯ ᠢ᠋ᠶ᠋ᠡᠷ ᠺᠠᠲ᠋ᠷ ᠴᠠᠭᠳᠠᠭ᠎ᠠ ᠶ᠋ᠢ ᠬᠥᠲᠥᠯᠦᠨ ᠵᠢᠯᠣᠭᠣᠳᠴᠤ ᠪᠠᠶ᠋ᠢᠭᠠᠳ ᠪᠢᠰᠢᠷᠡᠨ ᠵᠢᠷᠦᠬᠡᠰᠢᠶᠡᠬᠦ ᠂ ᠰᠡᠷᠡᠮᠵᠢᠭᠦᠯᠬᠦ ᠂ ᠬᠣᠷᠢᠭ᠎ᠠ ᠱᠤᠭᠤᠮ ᠢ᠋ ᠰᠠᠬᠢᠭᠤᠯᠵᠤ ᠂ ᠰᠢᠭᠦᠬᠦ ᠬᠣᠷᠢᠶᠠᠨ ᠤ᠋ ᠡᠩᠨᠡᠭᠡ ᠶ᠋ᠢᠨ ᠰᠢᠨ᠎ᠡ ᠪᠠᠢᠳᠠᠯ ᠂ ᠰᠢᠨ᠎ᠡ ᠠᠮᠵᠢᠯᠲᠠ ᠪᠦᠲᠦᠭᠡᠯ ᠢ᠋ ᠠᠷᠠᠳ ᠣᠯᠠᠨ ᠳ᠋ᠤ᠌ ᠦᠨᠡᠨᠬᠦ ᠬᠦᠷᠲᠡᠭᠡᠵᠦ ᠂ ᠰᠢᠯᠢᠳᠡᠭ ᠬᠢᠷᠢ ᠪᠦᠲᠦᠮᠵᠢ ᠪᠡᠷ ᠨᠠᠮ ᠤ᠋ᠨ ᠬᠣᠷᠢᠨ ᠶᠡᠬᠡ ᠬᠤᠷᠠᠯ ᠤ᠋ᠨ ᠢᠯᠠᠯᠲᠠ ᠲᠠᠢ ᠪᠠᠷ ᠬᠤᠷᠠᠯᠳᠤᠬᠤ ᠶ᠋ᠢ ᠤᠭᠲᠤᠬᠤ ᠬᠡᠷᠡᠭᠲᠡᠢ ᠃
ᠦᠨᠡᠯᠡᠬᠦ 0ᠦᠨᠡᠯᠡᠯᠲᠡ ᠲᠠᠢ