2 ᠰᠠᠷ᠎ᠠ ᠶ᠋ᠢᠨ 14 ᠦ᠌ ᠡᠳᠦᠷ ᠦ᠋ᠨ ᠦᠳᠡ ᠶ᠋ᠢᠨ ᠬᠣᠢᠨ᠎ᠠ ᠂ ᠬᠣᠲᠠ ᠶ᠋ᠢᠨ ᠲᠠᠪᠤᠳᠤᠭᠠᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯᠳᠤᠭᠠᠨ ᠳᠥᠷᠪᠡᠳᠦᠭᠡᠷ ᠤᠳᠠᠭᠠᠨ ᠤ᠋ ᠪᠦᠭᠦᠳᠡ ᠬᠤᠷᠠᠯ ᠬᠢᠵᠦ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠮᠡᠳᠡᠭᠦᠯᠦᠯᠲᠡ ᠶ᠋ᠢ ᠪᠦᠷᠢᠨ ᠪᠢᠯᠧᠲ ᠢ᠋ᠶ᠋ᠡᠷ ᠪᠠᠲᠤᠯᠠᠵᠤ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠥᠩᠭᠡᠷᠡᠭᠰᠡᠨ ᠳᠥᠷᠪᠡᠨ ᠵᠢᠯ ᠦ᠋ᠨ ᠠᠵᠢᠯ ᠢ᠋ ᠭᠦᠢᠴᠡᠳ ᠨᠤᠲᠠᠯᠠᠵᠤ ᠂ ᠢᠯᠡᠳᠬᠡᠯ ᠳ᠋ᠦ᠍ ᠳᠤᠷᠠᠳᠤᠭᠰᠠᠨ ᠢᠷᠡᠬᠦ ᠲᠠᠪᠤᠨ ᠵᠢᠯ ᠦ᠋ᠨ ᠠᠵᠢᠯ ᠤ᠋ᠨ ᠲᠣᠬᠢᠷᠠᠭᠤᠯᠤᠯᠲᠠ ᠶ᠋ᠢ ᠵᠥᠪᠰᠢᠶᠡᠷᠡᠵᠦ ᠂ ᠲᠤᠰ ᠮᠡᠳᠡᠭᠦᠯᠦᠯᠲᠡ ᠶ᠋ᠢ ᠵᠥᠪᠰᠢᠶᠡᠷᠡᠬᠦ ᠪᠡᠷ ᠲᠣᠭᠲᠠᠪᠠ ᠃
ᠬᠤᠷᠠᠯ ᠤ᠋ᠨ ᠬᠤᠭᠤᠴᠠᠭᠠᠨ ᠳ᠋ᠤ᠌ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠄ ᠪᠦᠬᠦ ᠬᠣᠲᠠ ᠶ᠋ᠢᠨ ᠰᠢᠭᠦᠬᠦ ᠬᠣᠷᠢᠶ᠎ᠠ 《 ᠬᠠᠤᠯᠢ ᠴᠠᠭᠠᠵᠠ ᠶ᠋ᠢᠨ ᠬᠡᠷᠡᠭ ᠨᠢᠭᠡᠪᠦᠷᠢ ᠶ᠋ᠢᠨ ᠳᠤᠮᠳᠠ ᠠ᠋ᠴᠠ ᠠᠷᠠᠳ ᠣᠯᠠᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠮᠡᠳᠡᠷᠡᠭᠦᠯᠬᠦ ᠪᠡᠷ ᠴᠢᠷᠮᠠᠢᠬᠤ 》 ᠬᠠᠷᠠᠯᠲᠠ ᠶ᠋ᠢᠨ ᠲᠣᠭᠣᠷᠢᠨ ᠳ᠋ᠤ᠌ ᠂ ᠦᠨᠳᠦᠰᠦᠨ ᠬᠠᠤᠯᠢ ᠬᠠᠤᠯᠢ ᠴᠠᠭᠠᠵᠠ ᠶ᠋ᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠡᠷ ᠭᠦᠢᠴᠡᠳᠭᠡᠵᠦ ᠂ ᠠᠷᠠᠳ ᠤ᠋ᠨ ᠲᠥᠯᠥᠭᠡ ᠬᠠᠤᠯᠢ ᠪᠠᠷᠢᠬᠤ᠂ ᠲᠥᠪ ᠭᠣᠣᠯᠴᠢ ᠪᠠᠷ ᠬᠠᠤᠯᠢ ᠪᠠᠷᠢᠬᠤ᠂ ᠵᠣᠷᠢᠭᠲᠠᠢ ᠪᠠᠷ ᠰᠢᠨ᠎ᠡ ᠶ᠋ᠢ ᠡᠭᠦᠳᠬᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠶ᠋ᠢ ᠪᠠᠷᠢᠮᠲᠠᠯᠠᠬᠤ ᠵᠢ ᠭᠦᠢᠴᠡᠳ ᠨᠤᠲᠠᠯᠠᠪᠠ᠃ ᠬᠠᠤᠯᠢ ᠴᠠᠭᠠᠵᠠ ᠶ᠋ᠢᠨ ᠶᠠᠰᠤ ᠴᠢᠨᠠᠷ᠂ ᠦᠷ᠎ᠡ ᠪᠦᠲᠦᠮᠵᠢ ᠪᠠ ᠣᠯᠠᠨ ᠢ᠋ ᠢᠲᠡᠭᠡᠭᠦᠯᠬᠦ ᠬᠦᠴᠦᠨ ᠢ᠋ ᠦᠷᠭᠦᠯᠵᠢᠯᠡᠨ ᠳᠡᠭᠡᠭᠰᠢᠯᠡᠭᠦᠯᠬᠦ ᠶ᠋ᠢ ᠠᠬᠢᠭᠤᠯᠵᠤ᠂ ᠪᠦᠬᠦᠯᠢ ᠴᠣᠭᠴᠠ ᠶ᠋ᠢᠨ ᠠᠵᠢᠯ ᠢ᠋ ᠥᠪᠡᠷᠲᠡᠭᠡᠨ ᠵᠠᠰᠠᠬᠤ ᠣᠷᠣᠨ ᠤ᠋ ᠡᠮᠦᠨ᠎ᠡ ᠡᠩᠨᠡᠭᠡᠨ ᠳ᠋ᠦ᠍ ᠶᠠᠪᠤᠭᠳᠠᠭᠤᠯᠵᠤ᠂ ᠠᠷᠠᠳ ᠤ᠋ᠨ ᠰᠢᠭᠦᠬᠦ ᠬᠣᠷᠢᠢ᠎ᠠ ᠶ᠋ᠢᠨ ᠰᠢᠨ᠎ᠡ ᠴᠠᠭ ᠦᠶ᠎ᠡ ᠶ᠋ᠢᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠢᠯᠭ᠎ᠠ᠂ ᠣᠷᠳᠣᠰ ᠤ᠋ᠨ ᠰᠢᠭᠦᠬᠦ ᠬᠣᠷᠢᠢ᠎ᠠ ᠶ᠋ᠢᠨ ᠥᠩᠭᠡᠷᠡᠭᠰᠡᠨ ᠳᠥᠷᠪᠡᠨ ᠵᠢᠯ ᠳ᠋ᠦ᠍ ᠭᠠᠷᠭᠠᠭᠰᠠᠨ ᠴᠢᠷᠮᠠᠢᠯᠭ᠎ᠠ᠂ ᠣᠯᠤᠭᠰᠠᠨ ᠠᠮᠵᠢᠯᠲᠠ ᠶ᠋ᠢ ᠭᠦᠢᠴᠡᠳ ᠨᠤᠲᠠᠯᠠᠪᠠ᠃
2018 ᠣᠨ ᠠ᠋ᠴᠠ ᠨᠠᠰᠢ ᠂ ᠬᠣᠲᠠ ᠶ᠋ᠢᠨ ᠨᠠᠮ ᠤ᠋ᠨ ᠬᠣᠷᠢᠶᠠᠨ ᠤ᠋ ᠪᠠᠲᠤ ᠴᠢᠩᠭ᠎ᠠ ᠤᠳᠤᠷᠢᠳᠤᠯᠭ᠎ᠠ ᠂ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠵᠢᠴᠢ ᠪᠠᠢᠩᠭᠤ ᠶ᠋ᠢᠨ ᠬᠣᠷᠢᠶᠠᠨ ᠤ᠋ ᠬᠠᠤᠯᠢ ᠶᠣᠰᠣᠨ ᠤ᠋ ᠬᠢᠨᠠᠯᠲᠠ ᠂ ᠬᠣᠲᠠ ᠶ᠋ᠢᠨ ᠵᠠᠰᠠᠭ ᠤ᠋ᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠬᠠᠯᠠᠮᠵᠢᠯᠠᠯ ᠳᠡᠮᠵᠢᠯᠭᠡ ᠂ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠵᠢᠴᠢ ᠨᠡᠢᠭᠡᠮ ᠦ᠋ᠨ ᠡᠯ᠎ᠡ ᠡᠲᠡᠭᠡᠳ ᠦ᠋ᠨ ᠬᠢᠨ ᠦ᠌ ᠠᠷᠠᠳᠴᠢᠯᠠᠭᠰᠠᠨ ᠬᠢᠨᠠᠯᠲᠠ ᠂ ᠨᠡᠢᠭᠡᠮ ᠦ᠋ᠨ ᠬᠢᠨᠠᠯᠲᠠ ᠳᠣᠣᠷ᠎ᠠ ᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠠᠭᠤᠤ ᠶᠡᠬᠡ ᠲᠤᠭ ᠢ᠋ ᠥᠨᠳᠥᠷ ᠮᠠᠨᠳᠤᠭᠤᠯᠵᠤ ᠂ 《 ᠬᠠᠤᠯᠢ ᠪᠠᠷᠢᠬᠤ ᠬᠡᠷᠡᠭ ᠨᠢᠭᠡᠪᠦᠷᠢ ᠡᠴᠡ ᠠᠷᠠᠳ ᠣᠯᠠᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠮᠡᠳᠡᠷᠡᠭᠦᠯᠬᠦ ᠪᠡᠷ ᠴᠢᠷᠮᠠᠢᠬᠤ 》 ᠬᠠᠷᠠᠯᠲᠠ ᠶ᠋ᠢᠨ ᠲᠣᠭᠣᠷᠢᠨ ᠳ᠋ᠤ᠌ ᠂ ᠠᠷᠠᠳ ᠤ᠋ᠨ ᠲᠥᠯᠥᠭᠡ ᠬᠠᠤᠯᠢ ᠪᠠᠷᠢᠬᠤ ᠪᠠᠷ ᠦᠨᠡᠨᠴᠢ ᠰᠢᠳᠤᠷᠭᠤ ᠶ᠋ᠢ ᠪᠢᠴᠢᠭᠯᠡᠵᠦ ᠂ ᠲᠥᠪ ᠭᠣᠣᠯᠴᠢ ᠪᠠᠷ ᠬᠠᠤᠯᠢ ᠪᠠᠷᠢᠬᠤ ᠪᠠᠷ ᠬᠠᠷᠢᠭᠤᠴᠠᠯᠭ᠎ᠠ ᠡᠭᠦᠷᠭᠡᠯᠡᠬᠦ ᠶ᠋ᠢ ᠲᠠᠢᠯᠪᠤᠷᠢᠯᠠᠨ ᠂ ᠣᠷᠳᠣᠰ ᠬᠣᠲᠠ ᠶ᠋ᠢᠨ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠳ᠋ᠦ᠍ ᠬᠠᠤᠯᠢ ᠪᠠᠷᠢᠬᠤ ᠬᠦᠴᠦᠲᠡᠢ ᠦᠢᠯᠡᠴᠢᠯᠡᠭᠡ ᠶ᠋ᠢ ᠪᠦᠬᠦ ᠬᠦᠴᠦᠨ ᠢ᠋ᠶ᠋ᠡᠷ ᠢ᠋ᠶ᠋ᠡᠨ ᠬᠠᠩᠭᠠᠭᠰᠠᠨ ᠶᠤᠮ ᠃ ᠳᠥᠷᠪᠡᠨ ᠵᠢᠯ ᠦ᠋ᠨ ᠲᠣᠷᠰᠢ ᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠡᠯ᠎ᠡ ᠲᠥᠷᠥᠯ ᠦ᠋ᠨ ᠬᠡᠷᠡᠭ ᠢ᠋ ᠨᠡᠢᠲᠡ 32.7 ᠲᠦᠮᠡᠨ ᠬᠤᠪᠢ ᠬᠦᠯᠢᠶᠡᠨ ᠠᠪᠴᠤ ᠰᠢᠢᠳᠪᠦᠷᠢᠯᠡᠵᠦ ᠂ 31.7 ᠲᠦᠮᠡᠨ ᠬᠡᠷᠡᠭ ᠢ᠋ ᠰᠢᠭᠦᠵᠦ ᠭᠦᠢᠴᠡᠳᠬᠡᠨ ᠳᠠᠭᠤᠰᠬᠠᠵᠤ ᠂ ᠲᠤᠰ ᠲᠤᠰ ᠪᠦᠬᠦ ᠣᠷᠣᠨ ᠤ᠋ ᠰᠢᠭᠦᠬᠦ ᠬᠣᠷᠢᠶ᠎ᠠ ᠶ᠋ᠢᠨ ᠬᠡᠷᠡᠭ ᠦ᠋ᠨ ᠲᠣᠭᠠᠨ ᠤ᠋ 10% ᠂ 10.4% ᠶ᠋ᠢ ᠡᠵᠡᠯᠡᠪᠡ ᠃ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠡᠯ᠎ᠡ ᠲᠥᠷᠥᠯ ᠦ᠋ᠨ ᠬᠡᠷᠡᠭ ᠢ᠋ 2.8 ᠲᠦᠮᠡᠨ ᠬᠤᠪᠢ ᠬᠦᠯᠢᠶᠡᠨ ᠠᠪᠴᠤ ᠰᠢᠢᠳᠪᠦᠷᠢᠯᠡᠵᠦ᠂ 2.7 ᠲᠦᠮᠡᠨ ᠬᠡᠷᠡᠭ ᠢ᠋ ᠰᠢᠭᠦᠵᠦ ᠭᠦᠢᠴᠡᠳᠬᠡᠨ ᠳᠠᠭᠤᠰᠬᠠᠪᠠ᠃
2022 ᠣᠨ ᠳ᠋ᠤ᠌᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠰᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶᠠᠨ ᠤ᠋ ᠲᠣᠭᠣᠷᠢᠨ ᠳ᠋ᠤ᠌ ᠨᠡᠩ ᠨᠢᠭᠲᠠᠷᠠᠨ ᠪᠦᠯᠬᠦᠮᠳᠡᠵᠦ ᠂ ᠬᠣᠲᠠ ᠶ᠋ᠢᠨ ᠨᠠᠮ ᠤ᠋ᠨ ᠬᠣᠷᠢᠶᠠᠨ ᠤ᠋ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠰ ᠤᠳᠠᠭ᠎ᠠ ᠶ᠋ᠢᠨ ᠶᠡᠬᠡ ᠬᠤᠷᠠᠯ ᠤ᠋ᠨ ᠡᠯ᠎ᠡ ᠵᠦᠢᠯ ᠦ᠋ᠨ ᠰᠢᠢᠳᠪᠦᠷᠢ ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠲᠣᠭᠲᠠᠭᠤᠨ ᠢ᠋ ᠲᠡᠷᠢᠭᠦᠨ ᠳ᠋ᠦ᠍ ᠲᠠᠯᠪᠢᠬᠤ᠂ ᠲᠣᠭᠲᠠᠭᠤᠨ ᠤ᠋ ᠳᠤᠮᠳᠠ ᠤᠷᠤᠭᠰᠢᠯᠠᠬᠤ ᠶ᠋ᠢ ᠪᠠᠷᠢᠮᠲᠠᠯᠠᠵᠤ᠂ ᠲᠡᠷᠢᠭᠦᠨ ᠦ᠌ ᠬᠢ ᠲᠡᠢ ᠠᠳᠠᠯᠢᠳᠬᠠᠬᠤ᠂ ᠳᠠᠯᠳᠠ ᠬᠦᠴᠦᠨ ᠢ᠋ ᠭᠦᠨᠵᠡᠭᠡᠢ ᠠᠭᠤᠳᠠᠯᠬᠤ ᠶ᠋ᠢ ᠪᠠᠷᠢᠮᠲᠠᠯᠠᠵᠤ᠂ ᠲᠡᠷᠢᠭᠦᠨ ᠦ᠌ ᠬᠢ ᠶ᠋ᠢ ᠡᠭᠦᠳᠬᠦ ᠪᠡᠷ ᠴᠢᠷᠮᠠᠢᠵᠤ᠂ ᠡᠮᠦᠨ᠎ᠡ ᠡᠩᠨᠡᠭᠡᠨ ᠳ᠋ᠦ᠍ ᠶᠠᠪᠤᠬᠤ ᠶ᠋ᠢ ᠪᠠᠷᠢᠮᠲᠠᠯᠠᠵᠤ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠪᠡᠷ ᠣᠳᠣᠬᠢᠴᠢᠯᠠᠭᠰᠠᠨ ᠣᠷᠳᠣᠰ ᠤ᠋ᠨ ᠪᠦᠲᠦᠭᠡᠨ ᠪᠠᠢᠭᠤᠯᠤᠯᠲᠠ ᠳ᠋ᠤ᠌ ᠦᠢᠯᠡᠴᠢᠯᠡᠵᠦ᠂ ᠰᠢᠯᠢᠳᠡᠭ ᠬᠢᠷᠢ ᠪᠦᠲᠦᠮᠵᠢ ᠪᠡᠷ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠢ ᠬᠤᠷᠠᠯᠳᠤᠬᠤ ᠶ᠋ᠢ ᠤᠭᠲᠤᠬᠤ ᠪᠡᠷ ᠪᠠᠢᠨ᠎ᠠ᠃
ᠦᠨᠡᠯᠡᠬᠦ 0ᠦᠨᠡᠯᠡᠯᠲᠡ ᠲᠠᠢ