2 ᠳ᠋ᠤᠭᠠᠷ ᠰᠠᠷ᠎ᠠ ᠶ᠋ᠢᠨ 11 ᠦ᠌ ᠡᠳᠦᠷ ᠦ᠋ᠨ ᠦᠳᠡ ᠶ᠋ᠢᠨ ᠡᠮᠦᠨᠡᠬᠢ 9 ᠴᠠᠭ ᠲᠤ᠌ ᠂ ᠣᠷᠳᠣᠰ ᠬᠣᠲᠠ ᠶ᠋ᠢᠨ ᠲᠠᠪᠤᠳᠤᠭᠠᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯᠳᠤᠭᠠᠨ ᠡᠬᠢᠯᠡᠵᠦ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠳᠡᠳ᠋ ᠱᠦᠵᠢ ᠂ ᠣᠷᠣᠯᠠᠭᠴᠢ ᠬᠣᠲᠠ ᠶ᠋ᠢᠨ ᠳᠠᠷᠤᠭ᠎ᠠ ᠳᠦ ᠬᠤᠢ ᠯᠢᠶᠠᠩ 《 ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠬᠡᠯ 》 ᠬᠢᠪᠡ ᠃ 《ᠬᠣᠶᠠᠷ ᠬᠤᠷᠠᠯ 》 ᠤ᠋ᠨ ᠵᠣᠷᠢᠭ ᠰᠠᠨᠠᠭ᠎ᠠ ᠵᠢᠴᠢ ᠣᠷᠳᠣᠰ ᠤ᠋ᠨ ᠬᠥᠭᠵᠢᠯᠲᠡ ᠶ᠋ᠢᠨ ᠴᠢᠭᠯᠡᠯᠲᠡ ᠲᠥᠷᠥ ᠶ᠋ᠢᠨ ᠪᠣᠳᠣᠯᠭ᠎ᠠ ᠶ᠋ᠢ ᠴᠠᠭ ᠲᠤᠬᠠᠢ ᠳ᠋ᠤᠨᠢ ᠣᠢᠯᠠᠭᠠᠨ ᠡᠵᠡᠮᠰᠢᠵᠦ ᠂ ᠴᠠᠭ ᠦᠶ᠎ᠡ ᠶ᠋ᠢᠨ ᠰᠤᠳᠠᠰᠤ ᠶ᠋ᠢ ᠣᠨᠣᠪᠴᠢᠲᠠᠢ ᠡᠵᠡᠮᠰᠢᠬᠦ ᠶ᠋ᠢᠨ ᠲᠥᠯᠥᠭᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠦᠬᠦ ᠺᠠᠳ᠋ᠷ ᠴᠠᠭᠳᠠᠭ᠎ᠠ ᠶ᠋ᠢ ᠵᠣᠬᠢᠶᠠᠨ ᠪᠠᠢᠭᠤᠯᠤᠨ ᠰᠦᠯᠵᠢᠶ᠎ᠡ ᠂ ᠲᠧᠯᠸᠢᠰ ᠂ ᠭᠠᠷ ᠤᠲᠠᠰᠤᠨ ᠵᠡᠷᠭᠡ ᠣᠯᠠᠨ ᠵᠦᠢᠯ ᠦ᠋ᠨ ᠠᠷᠭ᠎ᠠ ᠵᠠᠮ ᠢ᠋ᠶ᠋ᠠᠷ ᠳᠠᠮᠵᠢᠭᠤᠯᠤᠨ ᠂ ᠬᠤᠷᠠᠯ ᠤ᠋ᠨ ᠠᠬᠤᠢ ᠪᠠᠢᠳᠠᠯ ᠤ᠋ᠨ ᠰᠢᠭᠤᠳ ᠨᠡᠪᠲᠡᠷᠡᠭᠦᠯᠭᠡ ᠶ᠋ᠢ ᠬᠦᠯᠢᠶᠡᠨ ᠠᠪᠴᠤ ᠦᠵᠡᠵᠦ ᠂ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠴᠠᠭ ᠲᠤᠬᠠᠢ ᠳ᠋ᠤᠨᠢ ᠪᠦᠲᠦᠮᠵᠢᠲᠡᠢ ᠲᠤᠭᠤᠰᠢᠯᠠᠭᠤᠯᠬᠤ ᠶ᠋ᠢ ᠦᠨᠡᠨ ᠬᠦ᠌ ᠪᠠᠲᠤᠯᠠᠭᠰᠠᠨ ᠪᠠᠢᠨ᠎ᠠ᠃
ᠲᠤᠬᠠᠢ ᠶ᠋ᠢᠨ ᠲᠠᠯᠠᠪᠠᠢ ᠳ᠋ᠦ᠍᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠭᠡᠰᠢᠭᠦᠨ ᠵᠢᠴᠢ ᠪᠦᠬᠦ ᠺᠠᠳ᠋ᠷ ᠴᠠᠭᠳᠠᠭ᠎ᠠ《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠬᠡᠯ》 ᠢ᠋ ᠨᠠᠷᠢᠨ ᠬᠢᠨᠠᠮᠠᠭᠠᠢᠬᠦᠯᠢᠶᠡᠨ ᠠᠪᠴᠤ ᠦᠵᠡᠵᠦ᠂ ᠮᠡᠳᠡᠭᠦᠯᠦᠯᠲᠡ ᠶ᠋ᠢᠨ ᠭᠣᠣᠯᠳᠠᠯᠭ᠎ᠠ ᠳ᠋ᠤ ᠨᠠᠷᠢᠨ ᠲᠡᠮᠳᠡᠭᠯᠡᠯ ᠬᠢᠭᠰᠡᠨ ᠪᠠᠢᠨ᠎ᠠ᠃
《ᠬᠣᠶᠠᠷ ᠬᠤᠷᠠᠯ 》 ᠤ᠋ᠨ ᠡᠬᠢᠯᠡᠯᠲᠡ ᠶ᠋ᠢᠨ ᠶᠣᠰᠣᠯᠠᠯ ᠢ᠋ ᠬᠦᠯᠢᠶᠡᠨ ᠦᠵᠡᠬᠦ ᠪᠠᠷ ᠳᠠᠮᠵᠢᠨ ᠂ ᠪᠦᠬᠦ ᠺᠠᠳ᠋ᠷ ᠴᠠᠭᠳᠠᠭ᠎ᠠ ᠨᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠬᠤ ᠶᠠᠪᠤᠳᠠᠯ ᠢ᠋ ᠲᠡᠷᠡ ᠳᠠᠷᠤᠢ ᠳ᠋ᠤᠨᠢ ᠣᠢᠯᠠᠭᠠᠵᠤ ᠂ ᠲᠤᠰ ᠪᠡᠶ᠎ᠡ ᠶ᠋ᠢᠨ ᠠᠵᠢᠯ ᠤ᠋ᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠂ 《ᠬᠣᠶᠠᠷ ᠬᠤᠷᠠᠯ 》 ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠵᠤ᠂ ᠠᠷᠠᠳ ᠤ᠋ᠨ ᠰᠢᠭᠦᠬᠦ ᠬᠣᠷᠢᠶ᠎ᠠ ᠶ᠋ᠢᠨ ᠰᠢᠭᠦᠨ ᠲᠠᠰᠤᠯᠬᠤ ᠪᠠ ᠭᠦᠢᠴᠡᠳᠬᠡᠬᠦ ᠠᠵᠢᠯ ᠲᠠᠢ ᠦᠨᠡᠨᠬᠦ ᠨᠢᠭᠲᠠ ᠤᠶᠠᠯᠳᠤᠭᠤᠯᠵᠤ ᠂ ᠦᠨᠳᠦᠰᠦᠨ ᠬᠠᠤᠯᠢ ᠬᠠᠤᠯᠢ ᠴᠠᠭᠠᠵᠠ ᠠ᠋ᠴᠠ ᠣᠯᠭᠣᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠡᠷ ᠭᠦᠢᠴᠡᠳᠬᠡᠵᠦ ᠂ ᠠᠷᠠᠳ ᠤ᠋ᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ ᠠᠵᠢᠯ ᠤ᠋ᠨ ᠭᠣᠣᠯ ᠱᠤᠭᠤᠮ ᠤ᠋ᠨ ᠲᠣᠭᠣᠷᠢᠨ ᠳ᠋ᠤ᠌ ᠂ ᠤᠭ ᠰᠠᠨᠠᠭ᠎ᠠ ᠪᠠᠨ ᠦᠯᠦ ᠮᠠᠷᠲᠠᠨ ᠂ ᠡᠷᠡᠮᠡᠬᠡᠢᠯᠡᠨ ᠤᠷᠤᠭᠰᠢᠯᠠᠵᠤ ᠂ ᠣᠷᠳᠣᠰ ᠬᠣᠲᠠ ᠶ᠋ᠢᠨ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠳ᠋ᠦ᠍ ᠬᠦᠴᠦᠲᠡᠢ ᠬᠠᠤᠯᠢ ᠪᠠᠷᠢᠬᠤ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠵᠢ ᠵᠣᠷᠢᠭᠰᠠᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ