ᠣᠢᠷ᠎ᠠ ᠶ᠋ᠢᠨ ᠵᠢᠯ ᠳ᠋ᠦ᠍ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠴᠡᠩᠭᠡᠭ ᠤᠰᠤ ᠴᠡᠯᠡᠭᠡᠷ ᠠᠭᠤᠯᠠ ᠪᠣᠯ ᠠᠯᠲᠠ ᠮᠥᠩᠭᠥᠨ ᠠᠭᠤᠯᠠ》 ᠭᠡᠬᠦ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠣᠢᠯᠠᠭᠠᠭᠳᠠᠬᠤᠨ ᠢ᠋ ᠪᠠᠲᠤ ᠪᠡᠬᠢ ᠪᠣᠢ ᠪᠣᠯᠭᠠᠵᠤ ᠂ ᠬᠠᠤᠯᠢ ᠴᠠᠭᠠᠵᠠ ᠶ᠋ᠢᠨ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠂ ᠣᠷᠴᠢᠨ ᠲᠣᠭᠣᠷᠢᠨ ᠤ᠋ ᠨᠡᠢᠲᠡ ᠶ᠋ᠢᠨ ᠠᠰᠠᠷᠠᠮᠵᠢ ᠶ᠋ᠢᠨ ᠵᠠᠷᠭᠤ ᠶ᠋ᠢᠨ ᠬᠡᠷᠡᠭ ᠢ᠋ ᠢᠯᠡ ᠪᠡᠷ ᠰᠢᠭᠦᠨ ᠰᠢᠢᠳᠪᠦᠷᠢᠯᠡᠵᠦ ᠂ ᠣᠷᠳᠣᠰ ᠬᠣᠲᠠ ᠶ᠋ᠢᠨ ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠠᠤᠯᠢ ᠶᠣᠰᠣᠭᠠᠷ ᠵᠠᠰᠠᠨ ᠰᠠᠢᠵᠢᠷᠠᠭᠤᠯᠵᠤ ᠂ ᠠᠮᠢ ᠠᠬᠤᠢ ᠶ᠋ᠢᠨ ᠪᠣᠯᠪᠠᠰᠤᠨ ᠤ᠋ ᠪᠠᠢᠭᠤᠯᠤᠯᠲᠠ ᠳ᠋ᠤ᠌ ᠴᠢᠩᠭ᠎ᠠ ᠬᠦᠴᠦᠲᠡᠢ ᠬᠠᠤᠯᠢ ᠴᠠᠭᠠᠵᠠ ᠶ᠋ᠢᠨ ᠪᠠᠲᠤᠯᠠᠭ᠎ᠠ ᠬᠠᠩᠭᠠᠵᠠᠢ ᠃
2012 ᠣᠨ ᠤ᠋ 4 ᠰᠠᠷ᠎ᠠ ᠶ᠋ᠢᠨ 21 ᠦ᠌ ᠦᠳᠡ ᠶ᠋ᠢᠨ ᠡᠮᠦᠨ᠎ᠡ ᠂ ᠶ᠋ᠢᠨ ᠬᠤᠸᠠ ᠬᠣᠲᠠ ᠶ᠋ᠢᠨ ᠪᠣᠬᠢᠷᠲᠤᠯ ᠦᠭᠡᠢ ᠠᠮᠢ ᠠᠬᠤᠢ ᠶ᠋ᠢᠨ ᠰᠣᠶᠣᠯ ᠤ᠋ᠨ ᠦᠢᠯᠡᠴᠢᠯᠡᠭᠡᠨ ᠦ᠌ ᠲᠥᠪ ᠡᠴᠡ ᠣᠷᠳᠣᠰ ᠬᠣᠲᠠ ᠶ᠋ᠢᠨ ᠨᠢᠭᠡᠨ ᠠᠭᠤᠷᠬᠠᠢ ᠶ᠋ᠢᠨ ᠦᠢᠯᠡᠰ ᠦ᠋ᠨ ᠺᠣᠮᠫᠠᠨᠢ ᠶ᠋ᠢᠨ ᠣᠷᠴᠢᠨ ᠲᠣᠭᠣᠷᠢᠨ ᠤ᠋ ᠪᠣᠬᠢᠷᠲᠤᠯ ᠤ᠋ᠨ ᠬᠠᠷᠢᠭᠤᠴᠠᠯᠭ᠎ᠠ ᠶ᠋ᠢᠨ ᠵᠢᠭᠤᠷᠭᠠᠨ ᠢ᠋ ᠵᠠᠭᠠᠯᠳᠤᠭᠰᠠᠨ ᠬᠡᠷᠡᠭ ᠢ᠋ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠦᠯᠵᠢᠶᠡᠨ ᠳᠡᠭᠡᠷ᠎ᠡ ᠢᠯᠡ ᠪᠡᠷ ᠲᠢᠩᠬᠢᠮ ᠨᠡᠭᠡᠭᠡᠵᠦ ᠰᠢᠭᠦᠵᠦ ᠪᠠᠢᠭ᠎ᠠ ᠨᠢ ᠣᠷᠳᠣᠰ ᠬᠣᠲᠠ ᠶ᠋ᠢᠨ ᠠᠩᠬᠠᠳᠠᠭᠴᠢ ᠤᠳᠠᠭ᠎ᠠ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠨᠡᠢᠭᠡᠮ ᠦ᠋ᠨ ᠵᠣᠬᠢᠶᠠᠨ ᠪᠠᠢᠭᠤᠯᠤᠯᠲᠠ ᠠ᠋ᠴᠠ ᠳᠤᠷᠠᠳᠤᠭᠰᠠᠨ ᠣᠷᠴᠢᠨ ᠲᠣᠭᠣᠷᠢᠨ ᠢ᠋ ᠪᠣᠬᠢᠷᠲᠤᠭᠤᠯᠤᠭᠰᠠᠨ ᠢᠷᠭᠡᠨ ᠦ᠌ ᠬᠡᠷᠡᠭ ᠦ᠋ᠨ ᠨᠡᠢᠲᠡ ᠶ᠋ᠢᠨ ᠠᠰᠠᠷᠠᠮᠵᠢ ᠶ᠋ᠢᠨ ᠵᠠᠷᠭᠤ ᠶ᠋ᠢᠨ ᠬᠡᠷᠡᠭ ᠪᠣᠯᠤᠨ᠎ᠠ ᠃
ᠲᠤᠰ ᠤᠳᠠᠭᠠᠨ ᠤ᠋ ᠲᠢᠩᠬᠢᠮ ᠦ᠋ᠨ ᠰᠢᠭᠦᠯᠲᠡ ᠳ᠋ᠦ᠍ 《 3+4 》 ᠤ᠋ ᠬᠡᠪ ᠵᠠᠭᠪᠤᠷ ᠢ᠋ ᠬᠡᠷᠡᠭᠯᠡᠵᠦ ᠂ 3 ᠰᠢᠭᠦᠭᠴᠢ ᠪᠣᠯᠤᠨ 4 ᠠᠷᠠᠳ ᠤ᠋ᠨ ᠬᠠᠪᠰᠤᠷᠤᠨ ᠰᠢᠭᠦᠭᠴᠢ ᠪᠡᠷ ᠬᠠᠤᠯᠢ ᠶᠣᠰᠣᠭᠠᠷ 7 ᠬᠥᠮᠦᠨ ᠬᠠᠮᠲᠤᠷᠠᠨ ᠵᠥᠪᠯᠡᠬᠦ ᠲᠢᠩᠬᠢᠮ ᠪᠦᠷᠢᠯᠳᠦᠭᠦᠯᠵᠦ ᠰᠢᠭᠦᠨ ᠲᠠᠰᠤᠯᠤᠯᠲᠠ ᠬᠢᠭᠰᠡᠨ ᠪᠠᠢᠨ᠎ᠠ᠃ ᠣᠷᠳᠣᠰ ᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ ᠬᠥᠮᠦᠨ ᠲᠣᠮᠢᠯᠠᠨ ᠲᠢᠩᠬᠢᠮ ᠦ᠋ᠨ ᠰᠢᠭᠦᠯᠲᠡ ᠶ᠋ᠢ ᠲᠣᠭᠣᠷᠢᠨ ᠦᠵᠡᠭᠦᠯᠵᠦ ᠂ ᠬᠡᠰᠡᠭ ᠬᠠᠤᠯᠢᠴᠢ ᠶ᠋ᠢᠨ ᠲᠥᠯᠥᠭᠡᠯᠡᠭᠴᠢ ᠂ ᠠᠵᠤ ᠠᠬᠤᠢᠯᠠᠯ ᠤ᠋ᠨ ᠲᠥᠯᠥᠭᠡᠯᠡᠭᠴᠢ ᠲᠢᠩᠬᠢᠮ ᠳ᠋ᠦ᠍ ᠬᠦᠷᠴᠦ ᠲᠢᠩᠬᠢᠮ ᠦ᠋ᠨ ᠰᠢᠭᠦᠯᠲᠡ ᠶ᠋ᠢ ᠰᠣᠨᠣᠰᠤᠭᠰᠠᠨ ᠪᠠᠢᠨ᠎ᠠ᠃ ᠣᠳᠣᠬᠠᠨ ᠳ᠋ᠤ᠌ ᠂ ᠲᠤᠰ ᠬᠡᠷᠡᠭ ᠢ᠋ ᠰᠢᠭᠦᠨ ᠰᠢᠢᠳᠪᠦᠷᠢᠯᠡᠵᠦ ᠪᠣᠢ ᠃
ᠦᠨᠡᠯᠡᠬᠦ 0ᠦᠨᠡᠯᠡᠯᠲᠡ᠎ᠲᠠᠢ