ᠣᠢᠷ᠎ᠠ ᠳ᠋ᠤ᠌ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠢᠷᠭᠡᠨ ᠦ᠌ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠨᠢᠭᠡᠳᠦᠭᠡᠷ ᠲᠢᠩᠬᠢᠮ ᠪᠣᠯᠤᠨ ᠵᠠᠭᠠᠯᠳᠤᠯᠭ᠎ᠠ ᠶ᠋ᠢ ᠵᠣᠬᠢᠴᠠᠭᠤᠯᠬᠤ ᠲᠥᠪ ᠨᠢ ᠰᠦᠯᠵᠢᠶᠡᠨ ᠳᠡᠭᠡᠷ᠎ᠡ ᠰᠢᠢᠳᠪᠦᠷᠯᠡᠬᠦ ᠠᠷᠭ᠎ᠠ ᠮᠠᠶᠢᠭ ᠢ᠋ᠶ᠋ᠠᠷ ᠭᠠᠵᠠᠷ ᠰᠢᠷᠣᠢ ᠶ᠋ᠢᠨ ᠳᠠᠭᠠᠭᠠᠴᠢᠯᠠᠨ ᠡᠵᠡᠩᠨᠡᠬᠦ ᠡᠷᠬᠡ ᠶ᠋ᠢᠨ ᠵᠢᠭᠤᠷᠠᠯᠳᠤᠭᠠᠨ ᠤ᠋ ᠬᠡᠷᠡᠭ ᠢ᠋ ᠠᠮᠵᠢᠯᠲᠠ ᠲᠠᠢ ᠡᠶᠡᠳᠡᠭᠦᠯᠵᠦ ᠂ ᠤᠯᠠᠮᠵᠢᠯᠠᠯᠲᠤ ᠡᠶᠡᠳᠡᠭᠦᠯᠭᠡ ᠶ᠋ᠢᠨ ᠴᠠᠭ ᠂ ᠣᠷᠣᠨ ᠵᠠᠢ ᠪᠠ ᠭᠠᠵᠠᠷ ᠣᠷᠣᠨ ᠤ᠋ ᠬᠢᠵᠠᠭᠠᠷᠯᠠᠯ ᠢ᠋ ᠡᠪᠳᠡᠵᠦ ᠂ ᠲᠤᠬᠠᠢ ᠶ᠋ᠢᠨ ᠬᠥᠮᠦᠨ ᠢ᠋ ᠭᠡᠷᠡᠴᠡ ᠪᠡᠨ ᠭᠠᠷᠴᠤ ᠳᠡᠢᠯᠬᠦ ᠦᠭᠡᠢ ᠪᠣᠯ ᠵᠥᠷᠢᠴᠡᠯ ᠵᠢᠭᠤᠷᠠᠯᠳᠤᠭᠠᠨ ᠢ᠋ ᠠᠷᠢᠯᠭᠠᠪᠠ ᠃ ᠭᠠᠵᠠᠷ ᠰᠢᠷᠣᠢ ᠶ᠋ᠢᠨ ᠵᠢᠭᠤᠷᠠᠯᠳᠤᠭᠠᠨ ᠤ᠋ ᠬᠡᠷᠡᠭ ᠨᠢ ᠡᠭᠡᠯ ᠠᠷᠠᠳ ᠤ᠋ᠨ ᠠᠮᠢᠳᠤᠷᠠᠯ ᠲᠠᠢ ᠨᠢᠭᠲᠠ ᠬᠣᠯᠪᠣᠭᠳᠠᠵᠤ ᠪᠠᠢᠳᠠᠭ ᠃ ᠳᠠᠭᠠᠭᠠᠨ ᠰᠢᠢᠳᠪᠦᠷᠢᠯᠡᠬᠦ ᠰᠢᠭᠦᠭᠴᠢ ᠬᠡᠷᠡᠭ ᠦ᠋ᠨ ᠡᠪᠬᠡᠮᠡᠯ ᠦ᠋ᠨ ᠮᠠᠲ᠋ᠧᠷᠢᠶᠠᠯ ᠢ᠋ ᠣᠯᠤᠭᠰᠠᠨ ᠤ᠋ ᠳᠠᠷᠠᠭ᠎ᠠ ᠂ ᠨᠢᠭᠡᠳᠦᠭᠡᠷ ᠰᠢᠭᠦᠯᠲᠡ ᠶ᠋ᠢᠨ ᠡᠪᠬᠡᠮᠡᠯ ᠢ᠋ ᠪᠠᠢᠴᠠᠭᠠᠨ ᠦᠵᠡᠵᠦ ᠂ ᠡᠯ᠎ᠡ ᠲᠠᠯ᠎ᠠ ᠶ᠋ᠢᠨ ᠲᠤᠬᠠᠢ ᠶ᠋ᠢᠨ ᠬᠥᠮᠦᠨ ᠡᠴᠡ ᠠᠰᠠᠭᠤᠭᠰᠠᠨ ᠤ᠋ ᠳᠠᠷᠠᠭ᠎ᠠ ᠲᠤᠰ ᠬᠡᠷᠡᠭ ᠦ᠋ᠨ ᠮᠠᠷᠭᠤᠯᠳᠤᠭᠠᠨ ᠲᠠᠢ ᠬᠠᠷᠠᠯᠲᠠ ᠶ᠋ᠢᠨ ᠲᠣᠭ᠎ᠠ ᠨᠢ ᠥᠨᠳᠥᠷ ᠪᠢᠰᠢ ᠪᠠᠢᠬᠤ ᠶ᠋ᠢ ᠣᠢᠯᠠᠭᠠᠭᠰᠠᠨ ᠪᠣᠯᠪᠠᠴᠤ ᠬᠣᠯᠪᠣᠭᠳᠠᠬᠤ ᠬᠠᠤᠯᠢ ᠴᠠᠭᠠᠵᠠ ᠶ᠋ᠢᠨ ᠬᠠᠷᠢᠴᠠᠭ᠎ᠠ ᠨᠢ ᠨᠡᠯᠢᠶᠡᠳ ᠪᠤᠳᠤᠯᠢᠶᠠᠨᠲᠠᠢ ᠪᠠᠢᠵᠤ ᠂ ᠡᠯ᠎ᠡ ᠲᠠᠯ᠎ᠠ ᠶ᠋ᠢᠨ ᠲᠤᠬᠠᠢ ᠶ᠋ᠢᠨ ᠬᠥᠮᠦᠨ ᠦ᠌ ᠠᠰᠢᠭ ᠲᠤᠰᠠ ᠶ᠋ᠢ ᠭᠦᠢᠴᠡᠳ ᠬᠠᠮᠠᠭᠠᠯᠠᠬᠤ ᠶ᠋ᠢᠨ ᠲᠥᠯᠥᠭᠡ ᠵᠥᠷᠢᠴᠡᠯ ᠵᠢᠭᠤᠷᠠᠯᠳᠤᠭᠠᠨ ᠢ᠋ ᠲᠣᠬᠢᠲᠠᠢ ᠰᠢᠢᠳᠪᠦᠷᠢᠯᠡᠵᠦ ᠂ ᠰᠢᠭᠦᠭᠴᠢ ᠨᠢ ᠡᠶᠡᠳᠡᠭᠦᠯᠬᠦ ᠠᠷᠭ᠎ᠠ ᠮᠠᠶᠢᠭ ᠢ᠋ᠶ᠋ᠠᠷ ᠳᠠᠮᠵᠢᠭᠤᠯᠤᠨ ᠬᠡᠷᠡᠭ ᠢ᠋ ᠳᠠᠭᠤᠰᠬᠠᠬᠤ ᠪᠠᠷ ᠬᠦᠴᠦᠯᠡᠨ ᠴᠢᠷᠮᠠᠢᠬᠤ ᠶ᠋ᠢᠨ ᠬᠠᠮᠲᠤ ᠂ ᠵᠠᠷᠭᠤ ᠡᠶᠡᠳᠡᠭᠦᠯᠭᠡ ᠶ᠋ᠢᠨ ᠲᠥᠪ ᠲᠦ᠍ ᠨᠠᠢᠳᠠᠵᠤ ᠡᠶᠡᠳᠦᠭᠦᠯᠦᠨ ᠂ ᠡᠶᠡᠳᠡᠭᠦᠯᠬᠦ ᠲᠥᠰᠦᠯ ᠢ᠋ᠶ᠋ᠡᠨ ᠬᠠᠮᠲᠤᠪᠠᠷ ᠶᠠᠷᠢᠯᠴᠠᠵᠤ ᠂ ᠡᠯ᠎ᠡ ᠲᠠᠯ᠎ᠠ ᠶ᠋ᠢᠨ ᠲᠤᠬᠠᠢ ᠶ᠋ᠢᠨ ᠬᠥᠮᠦᠨ ᠲᠡᠢ ᠢᠳᠡᠪᠬᠢᠲᠡᠢ ᠬᠠᠷᠢᠯᠴᠠᠵᠤ ᠴᠠᠭ ᠲᠤᠨᠢ ᠲᠣᠬᠢᠷᠠᠭᠤᠯᠤᠨ ᠰᠠᠨᠠᠭᠤᠯᠭ᠎ᠠ ᠳᠤᠷᠠᠳᠴᠤ ᠡᠯ᠎ᠡ ᠲᠠᠯ᠎ᠠ ᠶ᠋ᠢᠨ ᠲᠤᠬᠠᠢ ᠶ᠋ᠢᠨ ᠬᠥᠮᠦᠨ ᠢ᠋ ᠦᠨᠳᠦᠰᠦᠨ ᠳ᠋ᠡᠭᠡᠨ ᠰᠠᠨᠠᠯ ᠨᠢᠭᠡᠳᠴᠦ ᠴᠢᠳᠠᠭᠰᠠᠨ ᠪᠠᠢᠨ᠎ᠠ ᠃
ᠬᠢᠵᠢᠭ᠌ ᠦ᠋ᠨ ᠠᠬᠤᠢ ᠪᠠᠢᠳᠠᠯ ᠤ᠋ᠨ ᠳᠣᠣᠷ᠎ᠠ ᠲᠤᠬᠠᠢ ᠶ᠋ᠢᠨ ᠬᠥᠮᠦᠨ ᠦ᠌ ᠭᠠᠳᠠᠷ ᠣᠷᠣᠨ ᠳ᠋ᠤ᠌ ᠪᠠᠢᠬᠤ ᠶ᠋ᠢ ᠪᠣᠳᠣᠯᠬᠢᠯᠠᠵᠤ᠂ ᠴᠠᠭ ᠲᠤᠬᠠᠢ ᠳ᠋ᠤᠨᠢ ᠰᠢᠢᠳᠪᠦᠷᠢᠯᠡᠵᠦ ᠴᠢᠳᠠᠬᠤ ᠵᠠᠷᠴᠢᠮ ᠢ᠋ᠶ᠋ᠠᠷ ᠂ ᠭᠠᠷᠳᠠᠨ ᠬᠢᠭ᠌ᠴᠢ ᠡᠯ᠎ᠡ ᠲᠠᠯ᠎ᠠ ᠶ᠋ᠢᠨ ᠲᠤᠬᠠᠢ ᠶ᠋ᠢᠨ ᠬᠥᠮᠦᠨ ᠦ᠌ ᠵᠥᠪᠰᠢᠶᠡᠷᠡᠯ ᠢ᠋ ᠣᠯᠤᠭᠰᠠᠨ ᠤ᠋ ᠳᠠᠷᠠᠭ᠎ᠠ ᠰᠦᠯᠵᠢᠶᠡᠨ ᠳᠡᠭᠡᠷ᠎ᠡ ᠡᠪᠰᠡᠭᠦᠯᠬᠦ ᠶ᠋ᠢᠨ ᠬᠠᠮᠲᠤ ᠬᠠᠮᠤᠭ ᠡᠴᠦᠰ ᠲᠦ᠍ ᠡᠶᠡᠳᠡᠭᠦᠯᠭᠡ ᠶ᠋ᠢᠨ ᠬᠡᠯᠡᠯᠴᠡᠭᠡᠷ ᠢ᠋ ᠲᠡᠭᠦᠰ ᠠᠮᠵᠢᠯᠲᠠ ᠲᠠᠢ ᠲᠣᠭᠲᠠᠭᠠᠵᠤ ᠂ ᠬᠡᠯᠡᠯᠴᠡᠭᠡᠷ ᠲᠣᠭᠲᠠᠭᠰᠠᠨ ᠤ᠋ ᠳᠠᠷᠠᠭ᠎ᠠ ᠬᠠᠮᠤᠭ ᠤ᠋ᠨ ᠲᠦᠷᠦᠭᠦᠨ ᠳ᠋ᠦ᠍ ᠡᠯᠧᠺᠲ᠋ᠷᠣᠨ ᠢ᠋ᠶ᠋ᠠᠷ ᠬᠦᠷᠭᠡᠬᠦ ᠠᠷᠭ᠎ᠠ ᠮᠠᠶᠢᠭ ᠢ᠋ᠶ᠋ᠠᠷ ᠡᠯ᠎ᠡ ᠲᠠᠯ᠎ᠠ ᠶ᠋ᠢᠨ ᠲᠤᠬᠠᠢ ᠶ᠋ᠢᠨ ᠬᠥᠮᠦᠨ ᠳ᠋ᠦ᠍ ᠡᠶᠡᠳᠡᠭᠦᠯᠭᠡ ᠶ᠋ᠢᠨ ᠪᠢᠴᠢᠭ᠌ ᠢ᠋ ᠬᠦᠷᠭᠡᠵᠦ ᠂ ᠬᠡᠷᠡᠭ ᠦ᠋ᠨ ᠦᠷ᠎ᠡ ᠳ᠋ᠦᠩ ᠢ᠋ ᠦᠨᠡᠨ ᠬᠦ᠌ ᠬᠦᠷᠲᠡᠨ ᠂ ᠲᠤᠬᠠᠢ ᠶ᠋ᠢᠨ ᠬᠥᠮᠦᠨ ᠦ᠌ ᠵᠠᠷᠭᠤ ᠶ᠋ᠢᠨ ᠳᠤᠮᠳᠠ ᠨᠠᠢᠳᠠᠵᠤ ᠡᠶᠡᠳᠡᠭᠦᠯᠬᠦ ᠪᠡᠷ ᠨᠠᠢᠳᠠᠵᠤ ᠠᠮᠵᠢᠯᠲᠠ ᠣᠯᠤᠭᠰᠠᠨ ᠰᠢᠨ᠎ᠡ ᠰᠦᠪᠡᠭᠴᠢᠯᠡᠯᠲᠡ ᠶ᠋ᠢ ᠪᠡᠶᠡᠯᠡᠭᠦᠯᠪᠡ ᠃
ᠦᠨᠡᠯᠡᠬᠦ 0ᠦᠨᠡᠯᠡᠯᠲᠡ᠎ᠲᠠᠢ