ᠶᠡᠷᠦᠩᠬᠡᠢ ᠱᠦᠵᠢ ᠰᠢ ᠵᠢᠨ ᠫᠢᠩ ᠦ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯᠳᠤᠭᠠᠨ ᠤ᠋ ᠥᠪᠥᠷ ᠮᠣᠩᠭᠣᠯ ᠤ᠋ᠨ ᠲᠥᠯᠥᠭᠡᠯᠡᠭᠴᠢᠳ ᠦ᠋ᠨ ᠪᠦᠯᠬᠦᠮ ᠦ᠋ᠨ ᠬᠢᠨᠠᠨ ᠵᠥᠪᠯᠡᠬᠦ ᠳ᠋ᠦ᠍ ᠣᠷᠣᠯᠴᠠᠬᠤ ᠦᠶ᠎ᠡ ᠶ᠋ᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠲᠤᠤᠱᠯᠠᠭᠤᠯᠵᠤ ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠤ᠋ᠨ ᠪᠣᠯᠬᠢ ᠪᠦᠳᠦᠭᠦᠯᠢᠭ ᠠᠷᠠᠯᠵᠢᠶᠠᠯᠠᠭ᠎ᠠ ᠶ᠋ᠢᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠲᠤᠬᠠᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠬᠡᠷᠡᠭᠵᠢᠭᠦᠯᠬᠦ ᠲᠥᠰᠦᠯ ᠦ᠋ᠨ ᠪᠣᠳᠠᠲᠠᠢ ᠱᠠᠭᠠᠷᠳᠠᠯᠭ᠎ᠠ ᠶ᠋ᠢ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢᠨ ᠲᠤᠰᠠᠳᠠ ᠂ 5 ᠰᠠᠷ᠎ᠠ ᠶ᠋ᠢᠨ 18 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠠᠷᠪᠠᠳᠤᠭᠠᠷ ᠨᠠᠮ ᠤ᠋ᠨ ᠡᠭᠦᠷ 《 ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠤ᠋ᠨ ᠪᠣᠯᠬᠢ ᠪᠦᠳᠦᠭᠦᠯᠢᠭ ᠠᠷᠠᠯᠵᠢᠶᠠᠯᠠᠭ᠎ᠠ ᠶ᠋ᠢᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ 》 ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠶ᠋ᠢ ᠥᠷᠨᠢᠭᠦᠯᠪᠡ ᠃
ᠠᠵᠢᠯᠯᠠᠭ᠎ᠠ ᠶ᠋ᠢᠨ ᠶᠠᠪᠤᠴᠠ ᠳ᠋ᠤ ᠂ ᠨᠠᠮ ᠤ᠋ᠨ ᠡᠭᠦᠷ ᠦ᠋ᠨ ᠪᠦᠬᠦ ᠨᠠᠮ ᠤ᠋ᠨ ᠭᠡᠰᠢᠭᠦᠨ ᠶᠡᠷᠦᠩᠬᠡᠢ ᠱᠦᠵᠢ ᠰᠢ ᠵᠢᠨ ᠫᠢᠩ ᠦ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯᠳᠤᠭᠠᠨ ᠤ᠋ ᠥᠪᠥᠷ ᠮᠣᠩᠭᠣᠯ ᠤ᠋ᠨ ᠲᠥᠯᠥᠭᠡᠯᠡᠭᠴᠢᠳ ᠦ᠋ᠨ ᠪᠦᠯᠬᠦᠮ ᠦ᠋ᠨ ᠬᠢᠨᠠᠨ ᠵᠥᠪᠯᠡᠬᠦ ᠳ᠋ᠦ᠍ ᠣᠷᠣᠯᠴᠠᠬᠤ ᠳ᠋ᠠᠭᠠᠨ ᠶᠠᠷᠢᠭᠰᠠᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠂ 《 ᠰᠢᠨ᠎ᠡ ᠪᠠᠢᠳᠠᠯ ᠳᠣᠣᠷᠠᠬᠢ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠤ᠋ᠨ ᠲᠤᠬᠠᠢ ᠪᠠᠷᠢᠮᠵᠢᠶ᠎ᠠ 》 ᠵᠢᠴᠢ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠪᠣᠯᠬᠢᠴᠢᠯᠠᠬᠤ ᠠᠷᠠᠯᠵᠢᠶᠠᠵᠢᠭᠤᠯᠬᠤ ᠠᠰᠠᠭᠤᠳᠠᠯ ᠤ᠋ᠨ ᠨᠠᠷᠢᠨ ᠬᠠᠭᠤᠳᠠᠰᠤ ᠳ᠋ᠤ᠌ ᠣᠷᠣᠯᠴᠠᠵᠤ ᠂ ᠪᠦᠬᠦ ᠨᠠᠮ ᠤ᠋ᠨ ᠭᠡᠰᠢᠭᠦᠳ ᠠᠰᠠᠭᠤᠳᠠᠯ ᠤ᠋ᠨ ᠨᠠᠷᠢᠨ ᠳᠠᠩᠰᠠ ᠶ᠋ᠢᠨ ᠳᠣᠲᠣᠷᠠᠬᠢ ᠠᠷᠪᠠᠨ ᠨᠢᠭᠡᠨ ᠦᠵᠡᠭᠳᠡᠯ ᠵᠢᠴᠢ ᠪᠣᠳᠠᠲᠠᠢ ᠢᠯᠡᠷᠡᠯ ᠳ᠋ᠦ᠍ ᠭᠦᠨᠵᠡᠭᠡᠢ ᠥᠪᠡᠷ ᠦ᠋ᠨ ᠵᠠᠳᠠᠯᠤᠯᠲᠠ ᠂ ᠶᠠᠷᠢᠯᠴᠠᠨ ᠰᠠᠨᠠᠯ ᠢ᠋ᠶ᠋ᠠᠨ ᠰᠣᠯᠢᠯᠴᠠᠬᠤ ᠵᠢᠴᠢ ᠬᠡᠪ ᠦ᠋ᠨ ᠪᠠᠢᠳᠠᠯ ᠤ᠋ᠨ ᠲᠤᠬᠠᠢ ᠠᠮᠠᠯᠠᠯᠲᠠ ᠬᠢᠵᠡᠢ ᠃ ᠨᠠᠮ ᠤ᠋ᠨ ᠡᠭᠦᠷ ᠦ᠋ᠨ ᠪᠦᠬᠦ ᠨᠠᠮ ᠤ᠋ᠨ ᠭᠡᠰᠢᠭᠦᠳ ᠤᠬᠠᠮᠰᠠᠷ ᠠ᠋ᠴᠠ ᠪᠠᠨ ᠰᠠᠬᠢᠯᠭ᠎ᠠ ᠪᠠᠲᠤ ᠶ᠋ᠢ ᠰᠠᠬᠢᠵᠤ ᠂ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠶ᠋ᠢᠨ ᠠᠵᠢᠯ ᠤ᠋ᠨ ᠪᠠᠢᠷᠢ ᠶ᠋ᠢᠨ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ᠂ ᠠᠷᠠᠳ ᠤ᠋ᠨ ᠰᠢᠭᠦᠬᠦ ᠬᠣᠷᠢᠶᠠᠨ ᠤ᠋ ᠠᠷᠢᠭᠤᠨ ᠴᠢᠬᠡᠴᠢ ᠳᠦᠷᠢ ᠲᠥᠷᠬᠦ ᠶ᠋ᠢ ᠪᠣᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ ᠃ ᠡᠷᠡᠭᠦᠯ ᠮᠡᠨᠳᠦ ᠠᠮᠢᠳᠤᠷᠠᠯ ᠤ᠋ᠨ ᠠᠷᠭ᠎ᠠ ᠮᠠᠶᠢᠭ ᠢ᠋ ᠢᠮᠠᠭᠲᠠ ᠪᠠᠷᠢᠮᠲᠠᠯᠠᠵᠤ ᠂ ᠨᠡᠢᠭᠡᠮ ᠦ᠋ᠨ ᠬᠦᠷᠢᠶ᠎ᠡ ᠂ ᠠᠮᠢᠳᠤᠷᠠᠯ ᠤ᠋ᠨ ᠲᠣᠭᠣᠷᠢᠭ ᠂ ᠨᠠᠢᠵᠠ ᠶ᠋ᠢᠨ ᠬᠦᠷᠢᠶ᠎ᠡ ᠶ᠋ᠢ ᠲᠠᠰᠤᠷᠠᠯᠲᠠ ᠦᠭᠡᠢ ᠴᠡᠪᠡᠷᠵᠢᠭᠦᠯᠵᠦ ᠂ ᠪᠡᠶ᠎ᠡ ᠪᠡᠨ ᠴᠢᠩᠭ᠎ᠠ ᠱᠠᠭᠠᠷᠳᠠᠨ ᠂ ᠤᠴᠢᠷ ᠶᠠᠪᠤᠳᠠᠯ ᠢ᠋ ᠭᠣᠣᠯᠴᠢ ᠪᠠᠷ ᠰᠢᠢᠳᠪᠦᠷᠢᠯᠡᠨ ᠂ ᠦᠵᠡᠯ ᠰᠠᠨᠠᠭᠠᠨ ᠤ᠋ ᠰᠡᠷᠭᠡᠢᠯᠡᠯᠲᠡ ᠶ᠋ᠢᠨ ᠱᠤᠭᠤᠮ ᠢ᠋ ᠦᠨᠡᠨ ᠬᠦ᠌ ᠪᠠᠲᠤ ᠪᠡᠬᠢ ᠪᠠᠢᠭᠤᠯᠵᠤ ᠂ ᠦᠢᠯᠡ ᠠᠵᠢᠯᠯᠠᠭ᠎ᠠ ᠶ᠋ᠢᠨ ᠬᠣᠷᠢᠭ᠎ᠠ ᠱᠤᠭᠤᠮ ᠢ᠋ ᠪᠠᠲᠤ ᠰᠠᠬᠢᠬᠤ ᠬᠡᠷᠡᠭᠲᠡᠢ ︔ ᠤᠯᠤᠰ ᠲᠥᠷᠥ ᠶ᠋ᠢᠨ ᠲᠠᠯ᠎ᠠ ᠪᠠᠷ 《 ᠤᠯᠠᠭᠠᠨ ᠱᠤᠭᠤᠮ 》 ᠳ᠋ᠤ᠌ ᠬᠦᠷᠬᠦ ᠦᠭᠡᠢ 《 ᠠᠵᠢᠯ ᠤ᠋ᠨ ᠲᠠᠯ᠎ᠠ ᠪᠠᠷ 》 ᠬᠠᠭᠤᠷᠮᠠᠭ ᠱᠤᠭᠤᠮ 》 ᠢ᠋ᠶ᠋ᠠᠷ ᠵᠠᠭᠠᠭᠯᠠᠬᠤ ᠦᠭᠡᠢ ᠂ ᠠᠮᠢᠳᠤᠷᠠᠯ ᠤ᠋ᠨ ᠲᠠᠯ᠎ᠠ ᠪᠠᠷ 《 ᠬᠢᠵᠠᠭᠠᠷ ᠱᠤᠭᠤᠮ 》 ᠠ᠋ᠴᠠ ᠳᠠᠪᠠᠬᠤ ᠦᠭᠡᠢ ᠪᠠᠢᠬᠤ ᠶ᠋ᠢ ᠡᠷᠡᠰ ᠪᠡᠶᠡᠯᠡᠭᠦᠯᠵᠦ ᠂ ᠦᠨᠡᠨᠴᠢ ᠰᠢᠳᠤᠷᠭᠤ ᠂ ᠠᠷᠢᠭᠤᠨ ᠴᠡᠪᠡᠷ ᠂ ᠬᠠᠷᠢᠭᠤᠴᠠᠯᠭ᠎ᠠ ᠲᠠᠢ ᠰᠢᠨ᠎ᠡ ᠴᠠᠭ ᠦᠶ᠎ᠡ ᠶ᠋ᠢᠨ ᠰᠠᠢᠨ ᠺᠠᠲ᠋ᠷ ᠴᠠᠭᠳᠠᠭ᠎ᠠ ᠪᠣᠯᠬᠤ ᠪᠠᠷ ᠴᠢᠷᠮᠠᠢᠬᠤ ᠬᠡᠷᠡᠭᠲᠡᠢ ᠃ ᠳᠠᠷᠠᠭ᠎ᠠ ᠠᠯᠬᠤᠮ ᠳ᠋ᠤ᠌ ᠂ ᠨᠠᠮ ᠤ᠋ᠨ ᠡᠭᠦᠷ ᠦ᠋ᠨ ᠪᠦᠬᠦ ᠭᠡᠰᠢᠭᠦᠳ ᠰᠠᠬᠢᠯᠭ᠎ᠠ ᠪᠠᠲᠤ ᠶ᠋ᠢ ᠵᠢᠷᠤᠮᠯᠠᠨ ᠶᠣᠰᠣ ᠳᠦᠷᠢᠮ ᠢ᠋ ᠡᠷᠬᠢᠮᠯᠡᠵᠦ ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠤ᠋ᠨ ᠪᠣᠯᠬᠢᠴᠢᠯᠠᠬᠤ ᠠᠷᠠᠯᠵᠢᠶᠠᠯᠠᠭ᠎ᠠ ᠶ᠋ᠢᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ 《 ᠠᠷᠪᠠᠨ ᠨᠢᠭᠡ ᠶ᠋ᠢ ᠴᠢᠩᠭ᠎ᠠ ᠴᠠᠭᠠᠵᠠᠯᠠᠬᠤ 》 ᠰᠠᠬᠢᠯᠭ᠎ᠠ ᠪᠠᠲᠤ ᠶ᠋ᠢᠨ ᠲᠣᠭᠲᠠᠭᠠᠯ ᠢ᠋ ᠴᠢᠩᠭ᠎ᠠ ᠵᠢᠷᠤᠮᠯᠠᠵᠤ ᠂ ᠪᠦᠬᠦ ᠲᠠᠯ᠎ᠠ ᠪᠠᠷ ᠡᠷᠭᠢᠴᠡᠭᠦᠯᠦᠨ ᠪᠣᠳᠣᠯᠬᠢᠯᠠᠵᠤ ᠂ ᠭᠦᠨᠵᠡᠭᠡᠢ ᠪᠠᠢᠴᠠᠭᠠᠨ ᠳᠡᠯᠭᠡᠵᠦ ᠂ ᠯᠠᠪᠳᠠᠭᠤᠨ ᠪᠠᠲᠤᠲᠠᠢ ᠪᠠᠷ ᠴᠡᠭᠴᠡᠯᠡᠨ ᠰᠠᠢᠵᠢᠷᠠᠭᠤᠯᠵᠤ ᠂ ᠲᠥᠪᠯᠡᠷᠡᠭᠦᠯᠦᠨ ᠵᠠᠰᠠᠬᠤ ᠠᠵᠢᠯ ᠤ᠋ᠨ ᠪᠣᠳᠠᠲᠠᠢ ᠦᠷ᠎ᠡ ᠪᠦᠲᠦᠮᠵᠢ ᠣᠯᠬᠤ ᠶ᠋ᠢ ᠦᠨᠡᠨᠬᠦ ᠪᠠᠲᠤᠯᠠᠬᠤ ᠬᠡᠷᠡᠭᠲᠡᠢ ᠬᠡᠮᠡᠨ ᠴᠢᠬᠤᠯᠠᠴᠢᠯᠠᠪᠠ ᠃
ᠦᠨᠡᠯᠡᠬᠦ 0ᠦᠨᠡᠯᠡᠯᠲᠡ᠎ᠲᠠᠢ