2022 ᠣᠨ ᠤ᠋ 5 ᠰᠠᠷ᠎ᠠ ᠶ᠋ᠢᠨ 16 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠣᠷᠳᠣᠰ ᠬᠣᠲᠠ ᠶ᠋ᠢᠨ ᠢ ᠰᠢᠶᠠᠩ ᠴᠧᠩ ᠦ᠋ᠨ ᠡᠯᠧᠺᠲ᠋ᠷᠣᠨ ᠬᠤᠳᠠᠯᠳᠤᠭᠠᠨ ᠤ᠋ ᠶᠠᠪᠤᠳᠠᠯ ᠤ᠋ᠨ ᠬᠢᠵᠠᠭᠠᠷᠲᠤ ᠺᠣᠮᠫᠠᠨᠢ ᠂ ᠵᠠᠭᠠᠯᠳᠤᠭᠳᠠᠭᠴᠢ ᠸᠠᠩ ᠰᠢᠶᠣᠤ ᠺᠠᠢ ᠵᠡᠷᠭᠡ ᠬᠥᠮᠦᠰ ᠦ᠋ᠨ ᠪᠡᠯᠡ ᠴᠤᠭᠯᠠᠭᠤᠯᠵᠤ ᠮᠡᠬᠡᠯᠡᠭᠰᠡᠨ ᠶᠠᠯ᠎ᠠ ᠂ ᠣᠯᠠᠨ ᠨᠡᠢᠲᠡ ᠶ᠋ᠢᠨ ᠬᠠᠳᠠᠭᠠᠯᠠᠮᠵᠢ ᠶ᠋ᠢ ᠬᠠᠤᠯᠢ ᠪᠤᠰᠤ ᠪᠠᠷ ᠣᠷᠣᠭᠤᠯᠤᠨ ᠠᠪᠤᠭᠰᠠᠨ ᠶᠠᠯ᠎ᠠ ᠂ ᠳᠠᠪᠬᠤᠷ ᠤᠷᠤᠭᠯᠠᠭᠰᠠᠨ ᠶᠠᠯ᠎ᠠ ᠂ ᠨᠢᠭᠤᠵᠤ ᠳᠠᠯᠳᠠᠯᠠᠭᠰᠠᠨ ᠬᠡᠷᠡᠭ ᠢ᠋ ᠬᠠᠤᠯᠢ ᠶᠣᠰᠣᠭᠠᠷ ᠢᠯᠡ ᠪᠡᠷ ᠰᠢᠭᠦᠨ ᠲᠠᠰᠤᠯᠵᠠᠢ ᠃ ᠲᠤᠰ ᠬᠡᠷᠡᠭ ᠪᠣᠯ ᠪᠦᠬᠦ ᠤᠯᠤᠰ ᠤ᠋ᠨ ᠨᠠᠰᠤᠵᠢᠯ ᠤ᠋ᠨ ᠠᠰᠠᠷᠠᠮᠵᠢ ᠶ᠋ᠢᠨ ᠮᠡᠬᠡᠯᠡᠯ ᠦ᠋ᠨ ᠲᠤᠰᠬᠠᠢ ᠠᠵᠢᠯᠯᠠᠭ᠎ᠠ ᠶ᠋ᠢ ᠴᠡᠭᠴᠡᠯᠡᠨ ᠵᠠᠰᠠᠬᠤ ᠠᠵᠢᠯ ᠬᠢᠭᠰᠡᠨᠡᠴᠡ ᠨᠡᠰᠢ ᠂ ᠪᠦᠬᠦ ᠣᠷᠣᠨ ᠤ᠋ ᠠᠩᠬᠠᠳᠠᠭᠴᠢ ᠨᠠᠰᠤᠵᠢᠯ ᠤ᠋ᠨ ᠠᠰᠠᠷᠠᠮᠵᠢ ᠶ᠋ᠢᠨ ᠮᠡᠬᠡᠯᠡᠯ ᠦ᠋ᠨ ᠬᠡᠷᠡᠭ ᠪᠣᠯᠤᠨ᠎ᠠ ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠵᠠᠭᠠᠯᠳᠤᠭᠳᠠᠭᠴᠢ ᠸᠠᠩ ᠰᠢᠶᠣᠤ ᠺᠠᠢ ᠶ᠋ᠢᠨ ᠪᠡᠯᠡ ᠮᠥᠩᠭᠥ ᠴᠤᠭᠯᠠᠭᠤᠯᠵᠤ ᠮᠡᠬᠡᠯᠡᠭᠰᠡᠨ ᠶᠠᠯ᠎ᠠ ᠶ᠋ᠢ ᠬᠤᠭᠤᠴᠠᠭ᠎ᠠ ᠦᠭᠡᠢ ᠬᠣᠷᠢᠬᠤ ᠪᠠᠷ ᠰᠢᠳᠬᠡᠵᠦ ᠂ ᠤᠯᠤᠰ ᠲᠥᠷᠥ ᠶ᠋ᠢᠨ ᠡᠷᠬᠡ ᠶ᠋ᠢ ᠨᠢ ᠨᠠᠰᠤᠨ ᠲᠤᠷᠰᠢᠳᠠ ᠬᠠᠰᠤᠬᠤ ᠪᠠᠷ ᠰᠢᠳᠬᠡᠵᠦ ᠂ ᠬᠤᠪᠢ ᠬᠥᠮᠦᠨ ᠦ᠌ ᠪᠦᠬᠦ ᠡᠳ᠋ ᠬᠥᠷᠥᠩᠭᠡ ᠶ᠋ᠢ ᠨᠢ ᠬᠤᠷᠢᠶᠠᠮᠵᠢᠯᠠᠨ ᠠᠪᠤᠨ᠎ᠠ ︔ ᠳᠠᠪᠬᠤᠷ ᠤᠷᠤᠭᠯᠠᠭᠰᠠᠨ ᠶᠠᠯ᠎ᠠ ᠪᠠᠷ ᠬᠣᠶᠠᠷ ᠵᠢᠯ ᠬᠤᠭᠤᠴᠠᠭ᠎ᠠ ᠲᠠᠢ ᠬᠣᠷᠢᠬᠤ ᠪᠠᠷ ᠰᠢᠳᠬᠡᠨ᠎ᠡ ; ᠬᠡᠳᠦᠨ ᠶᠠᠯ᠎ᠠ ᠶ᠋ᠢ ᠨᠡᠢᠯᠡᠭᠦᠯᠦᠨ ᠰᠢᠳᠬᠡᠵᠦ ᠂ ᠬᠤᠭᠤᠴᠠᠭ᠎ᠠ ᠦᠭᠡᠢ ᠬᠣᠷᠢᠬᠤ ᠰᠢᠳᠬᠡᠯ ᠢ᠋ ᠭᠦᠢᠴᠡᠳᠬᠡᠵᠦ ᠂ ᠤᠯᠤᠰ ᠲᠥᠷᠥ ᠶ᠋ᠢᠨ ᠡᠷᠬᠡ ᠶ᠋ᠢ ᠨᠢ ᠨᠠᠰᠤᠨ ᠲᠤᠷᠰᠢᠲᠠ ᠬᠠᠰᠤᠬᠤ ᠪᠠᠷ ᠲᠣᠭᠲᠠᠭᠠᠭᠠᠳ ᠬᠤᠪᠢ ᠬᠥᠮᠦᠨ ᠦ᠌ ᠪᠦᠬᠦ ᠡᠳ᠋ ᠬᠥᠷᠥᠩᠭᠡ ᠶ᠋ᠢ ᠨᠢ ᠬᠣᠷᠢᠶᠠᠨ ᠠᠪᠬᠤ ᠪᠠᠷ ᠲᠣᠭᠲᠠᠵᠠᠢ ᠃
ᠪᠤᠰᠤᠳ ᠵᠠᠭᠠᠯᠳᠤᠭᠳᠠᠭᠴᠢ ᠶ᠋ᠢ ᠲᠤᠰ ᠲᠤᠰ ᠬᠣᠶᠠᠷ ᠵᠢᠯᠡᠴᠡ ᠭᠤᠷᠪᠠᠨ ᠵᠢᠯ ᠦ᠋ᠨ ᠬᠣᠭᠣᠷᠣᠨᠳᠣ ᠠᠳᠠᠯᠢ ᠦᠭᠡᠢ ᠬᠤᠭᠤᠴᠠᠭ᠎ᠠ ᠲᠠᠢ ᠬᠣᠷᠢᠬᠤ ᠪᠠᠷ ᠰᠢᠳᠬᠡᠨ᠎ᠡ ᠃
ᠬᠢᠨᠠᠨ ᠪᠠᠢᠴᠠᠭᠠᠬᠤ ᠪᠠᠷ ᠳᠠᠮᠵᠢᠨ ᠂ 2016 ᠣᠨ ᠤ᠋ 11 ᠰᠠᠷᠠᠠ᠋ᠴᠠ 2018 ᠣᠨ ᠤ᠋ 5 ᠰᠠᠷ᠎ᠠ ᠪᠣᠯᠲᠠᠯᠠᠬᠢ ᠬᠤᠭᠤᠴᠠᠭᠠᠨ ᠳ᠋ᠤ᠌ ᠂ ᠵᠠᠭᠠᠯᠳᠤᠭᠳᠠᠭᠴᠢ ᠢ ᠰᠢᠶᠠᠩ ᠴᠧᠩ ᠺᠣᠮᠫᠠᠨᠢ ᠪᠣᠯᠤᠨ ᠵᠠᠭᠠᠯᠳᠤᠭᠳᠠᠭᠴᠢ ᠸᠠᠩ ᠰᠢᠶᠣᠤ ᠺᠠᠢ ᠤᠯᠤᠰ ᠤ᠋ᠨ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠵᠥᠪᠰᠢᠶᠡᠷᠡᠯ ᠦᠭᠡᠢ ᠪᠡᠷ ᠂ ᠣᠯᠠᠨ ᠢ᠋ᠶ᠋ᠠᠷ ᠢ᠋ᠶ᠋ᠠᠨ ᠪᠡᠯᠡ ᠮᠥᠩᠭᠥ ᠴᠤᠭᠯᠠᠭᠤᠯᠵᠤ ᠬᠤᠪᠢ ᠣᠷᠣᠭᠤᠯᠤᠭᠰᠠᠨ ᠂ ᠰᠦᠢᠳᠬᠡᠯ ᠬᠤᠷᠢᠶᠠᠬᠤ ᠦᠭᠡᠢ ᠪᠡᠷ ᠨᠠᠰᠤᠲᠠᠨ ᠢ᠋ ᠠᠰᠠᠷᠠᠬᠤ ᠂ ᠬᠠᠷᠠᠭᠠᠯᠵᠠᠯ ᠲᠠᠢ ᠪᠠᠷ ᠮᠠᠰᠢᠨ ᠲᠡᠷᠭᠡ ᠬᠤᠳᠠᠯᠳᠤᠨ ᠠᠪᠬᠤ ᠂ ᠥᠷᠢ ᠰᠢᠷᠢ ᠶ᠋ᠢ ᠠᠷᠢᠯᠭᠠᠬᠤ ᠵᠡᠷᠭᠡ ᠨᠡᠷ᠎ᠡ ᠪᠡᠷ ᠥᠨᠳᠥᠷ ᠲᠣᠭᠠᠨ ᠤ᠋ ᠬᠦᠦ ᠮᠥᠩᠭᠥ ᠶ᠋ᠢᠨ ᠬᠠᠷᠢᠭᠤ ᠮᠡᠳᠡᠭᠦᠯᠦᠯᠲᠡ ᠪᠠ ᠬᠦᠷᠭᠡᠭᠰᠡᠨ ᠦᠢᠯᠡᠳᠬᠦᠨ ᠂ ᠬᠡᠷᠡᠭᠯᠡᠭᠡᠨ ᠦ᠌ ᠺᠠᠷᠲ ᠢ᠋ᠶ᠋ᠠᠷ ᠥᠳᠥᠭᠡᠯᠭᠡ ᠬᠢᠵᠦ ᠂ ᠨᠡᠢᠭᠡᠮ ᠦ᠋ᠨ ᠣᠨᠴᠠ ᠲᠣᠭᠲᠠᠭᠰᠠᠨ ᠪᠤᠰᠤ ᠡᠲᠡᠭᠡᠳ ᠲᠦ᠍ ᠤᠬᠠᠭᠤᠯᠵᠤ ᠪᠠᠢᠬᠤ ᠨᠢ ᠬᠠᠤᠯᠢ ᠪᠤᠰᠤ ᠪᠠᠷ ᠪᠡᠯᠡ ᠮᠥᠩᠭᠥ ᠴᠤᠭᠯᠠᠭᠤᠯᠵᠠᠢ ᠃ ᠢ ᠰᠢᠶᠠᠩ ᠴᠧᠩ ᠺᠣᠮᠫᠠᠨᠢ ᠨᠡᠢᠲᠡ 1600 ᠭᠠᠷᠤᠢ ᠪᠡᠯᠡ ᠴᠤᠭᠯᠠᠭᠤᠯᠤᠭᠴᠢ ᠠ᠋ᠴᠠ 3.62 ᠳ᠋ᠦᠩᠰᠢᠭᠤᠷ ᠲᠥᠭᠥᠷᠢᠭ ᠦ᠋ᠨ ᠪᠡᠯᠡ ᠮᠥᠩᠭᠥ ᠴᠤᠭᠯᠠᠭᠤᠯᠤᠨ ᠂ ᠰᠢᠭᠦᠨ ᠲᠠᠰᠤᠯᠤᠯᠲᠠ ᠵᠠᠷᠯᠠᠬᠤ ᠳ᠋ᠤ᠌ 794 ᠨᠡᠷ᠎ᠡ ᠪᠡᠯᠡ ᠴᠤᠭᠯᠠᠭᠤᠯᠤᠭᠴᠢᠠ᠋ᠴᠠ ᠪᠡᠯᠡ ᠴᠤᠭᠯᠠᠭᠤᠯᠤᠭᠰᠠᠨ ᠪᠠᠢᠳᠠᠯ ᠢ᠋ᠶ᠋ᠠᠨ ᠲᠣᠳᠣᠯᠠᠵᠤ ᠂ ᠴᠤᠭᠯᠠᠭᠤᠯᠤᠭᠰᠠᠨ ᠪᠡᠯᠡ ᠮᠥᠩᠭᠥ ᠶ᠋ᠢᠨ ᠲᠣᠭ᠎ᠠ ᠨᠢ 2.04 ᠳ᠋ᠦᠩᠰᠢᠭᠤᠷ ᠭᠠᠷᠤᠢ ᠲᠥᠭᠥᠷᠢᠭ ᠪᠣᠯᠬᠤ ᠶ᠋ᠢ ᠲᠣᠳᠣᠯᠠᠭᠠᠳ ᠂ ᠪᠡᠯᠡ ᠴᠤᠭᠯᠠᠭᠤᠯᠤᠭᠴᠢ ᠳ᠋ᠤ᠌ 1.07 ᠳ᠋ᠦᠩᠰᠢᠭᠤᠷ ᠲᠥᠭᠥᠷᠢᠭ ᠦ᠋ᠨ ᠰᠢᠭᠤᠳ ᠬᠣᠬᠢᠷᠠᠯ ᠤᠴᠠᠷᠠᠭᠤᠯᠵᠠᠢ ᠃ ᠵᠠᠭᠠᠯᠳᠤᠭᠳᠠᠭᠴᠢ ᠸᠠᠩ ᠣᠪᠣᠭᠲᠤ ᠂ ᠴᠢᠤᠸᠠᠨ ᠣᠪᠣᠭᠲᠤ ᠂ ᠵᠠᠩ ᠣᠪᠣᠭᠲᠤ ᠂ ᠭᠣᠣ ᠣᠪᠣᠭᠲᠤ ᠂ ᠸᠠᠩ ᠣᠪᠣᠭᠲᠤ ᠵᠡᠷᠭᠡ ᠬᠥᠮᠦᠰ ᠬᠠᠮᠲᠤ ᠪᠠᠷ ᠶᠠᠯ᠎ᠠ ᠬᠢᠬᠦ ᠶᠠᠪᠤᠴᠠ ᠳ᠋ᠤ᠌ ᠸᠠᠩ ᠰᠢᠶᠣᠤ ᠺᠠᠢ ᠶ᠋ᠢ ᠬᠠᠪᠰᠤᠷᠴᠤ ᠬᠠᠤᠯᠢ ᠪᠤᠰᠤ ᠪᠡᠯᠡ ᠴᠤᠭᠯᠠᠭᠤᠯᠬᠤ ᠠᠵᠢᠯᠯᠠᠭ᠎ᠠ ᠬᠢᠵᠦ ᠂ ᠬᠠᠤᠯᠢ ᠪᠤᠰᠤ ᠪᠡᠯᠡ ᠴᠤᠭᠯᠠᠭᠤᠯᠬᠤ ᠠᠵᠢᠯᠯᠠᠭ᠎ᠠ ᠳ᠋ᠤ᠌ ᠠᠳᠠᠯᠢ ᠪᠤᠰᠤ ᠬᠡᠮᠵᠢᠶ᠎ᠡ ᠪᠡᠷ ᠣᠷᠣᠯᠴᠠᠪᠠ ᠃ ᠵᠠᠭᠠᠯᠳᠤᠭᠳᠠᠭᠴᠢ ᠸᠠᠩ ᠰᠢᠶᠣᠤ ᠺᠠᠢ ᠵᠣᠭᠣᠰ ᠵᠠᠷᠤᠴᠠᠭᠤᠯᠤᠨ ᠵᠠᠭᠤᠴᠢᠯᠠᠭᠤᠷ ᠤ᠋ᠨ ᠰᠤᠷᠪᠤᠯᠵᠢᠯᠠᠭ᠎ᠠ ᠶ᠋ᠢ ᠬᠦᠯᠢᠶᠡᠨ ᠠᠪᠴᠤ ᠂ ᠥᠪᠡᠷ ᠢ᠋ ᠪᠡᠨ ᠠᠮᠵᠢᠯᠲᠠ ᠲᠠᠢ ᠠᠵᠤ ᠠᠬᠤᠢᠯᠠᠯᠲᠠᠨ ᠪᠣᠯᠭᠠᠨ ᠪᠠᠭᠯᠠᠵᠤ ᠂ ᠳᠠᠩᠰᠠᠯᠠᠭᠤᠯᠤᠭᠰᠠᠨ ᠠᠷᠠᠰᠤᠨ ᠪᠣᠭᠴᠣ ᠶ᠋ᠢᠨ ᠺᠣᠮᠫᠠᠨᠢ ᠶ᠋ᠢ ᠤᠯᠤᠰ ᠤ᠋ᠨ ᠠᠵᠤ ᠠᠬᠤᠢᠯᠠᠯ ᠂ ᠲᠥᠪ ᠦ᠋ᠨ ᠠᠵᠤ ᠠᠬᠤᠢᠯᠠᠯ ᠤ᠋ᠨ ᠠᠬᠤᠢ ᠪᠠᠢᠳᠠᠯ ᠲᠠᠢ ᠲᠣᠮᠣ ᠬᠡᠯᠪᠡᠷᠢ ᠶ᠋ᠢᠨ ᠠᠵᠤ ᠠᠬᠤᠢᠯᠠᠯ ᠪᠣᠯᠭᠠᠨ ᠪᠠᠭᠯᠠᠵᠤ ᠂ ᠠᠷᠠᠰᠤᠨ ᠪᠣᠭᠴᠣ ᠶ᠋ᠢᠨ ᠺᠣᠮᠫᠠᠨᠢ ᠶ᠋ᠢᠨ ᠬᠠᠭᠤᠷᠮᠠᠭ 《 ᠬᠥᠭᠵᠢᠨ ᠴᠡᠴᠡᠭᠯᠡᠭᠰᠡᠨ ᠬᠣᠷᠸ᠎ᠠ 》 ᠂ ᠬᠤᠳᠠᠯᠳᠤᠭᠠᠨ ᠤ᠋ ᠬᠡᠪ ᠵᠠᠭᠪᠤᠷ ᠢ᠋ᠶ᠋ᠠᠨ 《 ᠲᠦᠮᠡᠨ ᠠᠰᠢᠭ 》 ᠂ 《 ᠭᠤᠷᠪᠠᠨ ᠰᠠᠷ᠎ᠠ ᠳ᠋ᠤ᠌ ᠡᠬᠡ ᠮᠥᠩᠭᠥ 》 ᠭᠡᠬᠦ ᠬᠠᠭᠤᠷᠮᠠᠭ ᠪᠠᠢᠳᠠᠯ ᠢ᠋ ᠪᠣᠢ ᠪᠣᠯᠭᠠᠵᠤ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠶ᠋ᠢ ᠶᠡᠬᠡᠪᠡᠷ ᠬᠢᠪᠡ ᠃ ᠠᠯᠢ ᠣᠯᠠᠨ ᠬᠠᠭᠤᠷᠮᠠᠭ ᠭᠠᠳᠠᠷ ᠪᠠᠢᠳᠠᠯ ᠤ᠋ᠨ ᠪᠣᠭᠣᠳᠠᠯ ᠳᠣᠣᠷ᠎ᠠ 1600 ᠭᠠᠷᠤᠢ ᠣᠯᠠᠨ ᠲᠦᠮᠡᠨ ᠢ᠋ ᠬᠣᠲᠣᠭᠣᠯᠠᠭᠤᠯᠵᠤ ᠂ ᠡᠭᠦᠨ ᠳ᠋ᠦ᠍ ᠬᠡᠰᠡᠭ ᠨᠠᠰᠤᠲᠠᠢᠴᠤᠳ ᠥᠪᠡᠷ ᠦ᠋ᠨ ᠨᠠᠰᠤᠵᠢᠯ ᠤ᠋ᠨ ᠠᠰᠠᠷᠠᠮᠵᠢ ᠶ᠋ᠢᠨ ᠮᠥᠩᠭᠥ ᠪᠡᠨ ᠭᠠᠷᠭᠠᠵᠤ ᠂ ᠰᠦᠢᠳᠬᠡᠯ ᠬᠤᠷᠢᠶᠠᠬᠤ ᠦᠭᠡᠢ ᠪᠡᠷ ᠵᠤᠭᠠᠴᠠᠵᠤ ᠂ ᠰᠦᠢᠳᠬᠡᠯ ᠬᠤᠷᠢᠶᠠᠬᠤ ᠦᠭᠡᠢ ᠪᠡᠷ ᠪᠡᠯᠡᠭ ᠥᠭᠬᠦ ᠲᠥᠭᠡᠷᠢᠭᠳᠡᠯᠡᠴᠡ ᠪᠣᠯᠵᠤ ᠸᠠᠩ ᠰᠢᠶᠣᠤ ᠺᠠᠢ ᠶ᠋ᠢᠨ ᠮᠡᠬᠡᠯᠡᠯ ᠳ᠋ᠦ᠍ ᠤᠨᠠᠪᠠ ᠃ ᠮᠡᠬᠡᠯᠡᠭᠳᠡᠭᠰᠡᠨ ᠪᠡᠯᠡ ᠮᠥᠩᠭᠥ ᠨᠢ ᠪᠡᠯᠡ ᠣᠷᠣᠭᠤᠯᠤᠭᠴᠢᠳ ᠲᠤ᠌ ᠬᠦᠦ ᠮᠥᠩᠭᠥ ᠂ ᠠᠰᠢᠭ ᠣᠷᠣᠯᠭ᠎ᠠ ᠂ ᠡᠬᠡ ᠮᠥᠩᠭᠥ ᠵᠡᠷᠭᠡ ᠶ᠋ᠢ ᠪᠤᠴᠠᠭᠠᠬᠤ ᠠ᠋ᠴᠠ ᠭᠠᠳᠠᠨ᠎ᠠ ᠂ ᠪᠤᠰᠤᠳ ᠪᠡᠯᠡ ᠮᠥᠩᠭᠥ ᠴᠤᠭᠯᠠᠭᠤᠯᠬᠤ ᠵᠣᠭᠣᠰ ᠢ᠋ ᠥᠪᠡᠷ ᠦ᠋ᠨ ᠨᠢᠭᠤᠴᠠ ᠠᠮᠠᠷᠠᠭ ᠲᠠᠢ ᠪᠠᠨ ᠳᠡᠭᠡᠳᠦ ᠳᠡᠰ ᠦ᠋ᠨ ᠮᠠᠰᠢᠨ ᠲᠡᠷᠭᠡ ᠬᠤᠳᠠᠯᠳᠤᠨ ᠠᠪᠴᠤ ᠂ ᠬᠤᠪᠢ ᠶ᠋ᠢᠨ ᠥᠷᠢ ᠰᠢᠷᠢ ᠪᠡᠨ ᠲᠥᠯᠥᠵᠦ ᠂ ᠲᠥᠷᠥᠯ ᠰᠠᠳᠤᠨ ᠳ᠋ᠠᠭᠠᠨ ᠳᠠᠩᠰᠠ ᠲᠠᠢᠯᠬᠤ ᠵᠠᠷᠤᠳᠠᠯ ᠪᠣᠯᠤᠨ ᠵᠢᠭᠡᠯᠡᠯᠭᠡ ᠵᠡᠷᠭᠡ ᠳ᠋ᠦ᠍ ᠬᠡᠷᠡᠭᠯᠡᠪᠡ᠃ ᠡᠬᠡ ᠬᠦᠦ ᠮᠥᠩᠭᠥ ᠪᠡᠨ ᠪᠤᠴᠠᠭᠠᠬᠤ ᠠᠷᠭ᠎ᠠ ᠦᠭᠡᠢ ᠪᠠᠢᠳᠠᠯ ᠳᠣᠣᠷ᠎ᠠ ᠂ 2018 ᠣᠨ ᠤ᠋ 6 ᠰᠠᠷ᠎ᠠ ᠳ᠋ᠤ᠌ ᠵᠣᠭᠣᠰ ᠢ᠋ᠶ᠋ᠠᠨ ᠠᠪᠴᠤ ᠬᠢᠯᠢ ᠶ᠋ᠢᠨ ᠭᠠᠳᠠᠨ᠎ᠠ ᠳᠤᠲᠠᠭᠠᠭᠰᠠᠨ ᠤ᠋ ᠳᠠᠷᠠᠭ᠎ᠠ 2018 ᠣᠨ ᠤ᠋ 12 ᠰᠠᠷ᠎ᠠ ᠶ᠋ᠢᠨ 28 ᠤ᠋ ᠡᠳᠦᠷ ᠤᠤᠮᠸ᠋ᠨ ᠳ᠋ᠤ᠌ ᠪᠠᠷᠢᠪᠴᠢᠯᠠᠭᠳᠠᠵᠠᠢ ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠵᠠᠭᠠᠯᠳᠤᠭᠳᠠᠭᠴᠢ ᠢ ᠰᠢᠶᠠᠩ ᠴᠧᠩ ᠺᠣᠮᠫᠠᠨᠢ ᠬᠠᠤᠯᠢ ᠪᠤᠰᠤ ᠪᠠᠷ ᠡᠵᠡᠯᠡᠨ ᠠᠪᠬᠤ ᠪᠠᠷ ᠵᠣᠷᠢᠯᠭ᠎ᠠ ᠪᠠᠨ ᠪᠣᠯᠭᠠᠵᠤ ᠮᠡᠬᠡᠯᠡᠬᠦ ᠠᠷᠭ᠎ᠠ ᠪᠠᠷ ᠪᠡᠯᠡ ᠮᠥᠩᠭᠥ ᠴᠤᠭᠯᠠᠭᠤᠯᠵᠤ ᠲᠣᠭ᠎ᠠ ᠨᠢ ᠯᠤᠲᠤ ᠶᠡᠬᠡ ᠪᠠᠢᠵᠤ ᠪᠡᠯᠡ ᠮᠥᠩᠭᠥ ᠴᠤᠭᠯᠠᠭᠤᠯᠵᠤ ᠮᠡᠬᠡᠯᠡᠭᠰᠡᠨ ᠶᠠᠯ᠎ᠠ ᠪᠣᠯᠵᠤ ᠪᠦᠷᠢᠯᠳᠦᠭᠰᠡᠨ ᠭᠡᠵᠦ ᠦᠵᠡᠵᠡᠢ ᠃ ᠵᠠᠭᠠᠯᠳᠤᠭᠳᠠᠭᠴᠢ ᠸᠠᠩ ᠰᠢᠶᠣᠤ ᠺᠠᠢ ᠬᠠᠤᠯᠢ ᠪᠤᠰᠤ ᠪᠠᠷ ᠡᠵᠡᠮᠰᠢᠬᠦ ᠵᠣᠷᠢᠯᠭ᠎ᠠ ᠲᠠᠢ ᠂ ᠪᠡᠯᠡ ᠴᠤᠭᠯᠠᠭᠤᠯᠵᠤ ᠮᠡᠬᠡᠯᠡᠭᠰᠡᠨ ᠶᠠᠯ᠎ᠠ ᠳ᠋ᠤ᠌ ᠲᠣᠭᠠᠴᠠᠭᠳᠠᠵᠠᠢ ᠃
ᠲᠡᠭᠦᠨ ᠦ᠌ ᠪᠡᠯᠡ ᠴᠤᠭᠯᠠᠭᠤᠯᠵᠤ ᠮᠡᠬᠡᠯᠡᠬᠦ ᠠᠵᠢᠯᠯᠠᠭ᠎ᠠ ᠨᠢ ᠤᠯᠤᠰ ᠤ᠋ᠨ ᠮᠥᠩᠭᠥᠨ ᠭᠦᠢᠯᠭᠡᠭᠡᠨ ᠦ᠌ ᠬᠠᠮᠢᠶᠠᠷᠤᠯᠲᠠ ᠶ᠋ᠢᠨ ᠡᠮᠬᠢ ᠵᠢᠷᠤᠮ ᠢ᠋ ᠬᠦᠨᠳᠦ ᠨᠣᠴᠢᠲᠠᠢ ᠡᠪᠳᠡᠵᠦ ᠂ ᠪᠡᠯᠡ ᠴᠤᠭᠯᠠᠭᠤᠯᠵᠤ ᠣᠷᠣᠯᠴᠠᠭᠴᠢ ᠳ᠋ᠤ᠌ ᠬᠦᠨᠳᠦ ᠶᠡᠬᠡ ᠬᠣᠬᠢᠷᠠᠯ ᠤᠴᠠᠷᠠᠭᠤᠯᠵᠤ ᠂ ᠨᠡᠢᠭᠡᠮ ᠳ᠋ᠦ᠍ ᠲᠤᠢᠯ ᠤ᠋ᠨ ᠶᠡᠬᠡ ᠬᠣᠣᠷ ᠬᠥᠨᠥᠭᠡᠯ ᠤᠴᠠᠷᠠᠭᠤᠯᠵᠤ ᠂ ᠬᠠᠤᠯᠢ ᠶᠣᠰᠣᠭᠠᠷ ᠴᠢᠩᠭ᠎ᠠ ᠰᠢᠳᠬᠡᠵᠦ ᠂ ᠸᠠᠩ ᠰᠢᠶᠣᠤ ᠺᠠᠢ ᠶ᠋ᠢ ᠬᠤᠭᠤᠴᠠᠭ᠎ᠠ ᠦᠭᠡᠢ ᠬᠣᠷᠢᠬᠤ ᠪᠠᠷ ᠰᠢᠳᠬᠡᠪᠡ ᠃
ᠦᠨᠡᠯᠡᠬᠦ 0ᠦᠨᠡᠯᠡᠯᠲᠡ᠎ᠲᠠᠢ