ᠬᠥᠬᠡᠬᠣᠲᠠ᠎ᠶ᠋ᠢᠨ ᠲᠡᠮᠦᠷ ᠵᠠᠮ᠎ ᠤ᠋ᠨ ᠳᠤᠮᠳᠠ ᠵᠡᠷᠭᠡ ᠎ᠶ᠋ᠢᠨ ᠰᠢᠭᠦᠬᠦ ᠬᠣᠷᠢᠶ᠎ᠠ ᠂ ᠦᠬᠠᠢ᠎ᠶ᠋ᠢᠨ ᠳᠤᠮᠳᠠ ᠵᠡᠷᠭᠡ ᠎ᠶ᠋ᠢᠨ ᠰᠢᠭᠦᠬᠦ ᠬᠣᠷᠢᠶ᠎ᠠ᠎ ᠨᠢ ᠣᠷᠳᠣᠰ ᠬᠣᠲᠠ᠎ᠶ᠋ᠢᠨ ᠳᠤᠮᠳᠠ ᠵᠡᠷᠭᠡ᠎ᠶ᠋ᠢᠨ ᠰᠢᠭᠦᠬᠦ ᠬᠣᠷᠢᠶ᠎ᠠ᠎ᠳ᠋ᠤ᠌ ᠬᠦᠷᠴᠦ ᠪᠠᠢᠴᠠᠭᠠᠨ ᠦᠵᠡᠪᠡ
2022.05.23 ᠲᠣᠰ ᠥᠷᠲᠡᠭᠡᠨ᠎ᠦ ᠨᠠᠢᠷᠠᠭᠤᠯᠤᠭᠴᠢ

   ᠬᠥᠬᠡᠬᠣᠲᠠ ᠶ᠋ᠢᠨ ᠲᠡᠮᠦᠷ ᠵᠠᠮ ᠤ᠋ᠨ  ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠯᠢᠦ ᠸᠸᠨ ᠬᠤᠸᠠ ᠨᠠᠷ ᠲᠧ ᠂ ᠦᠬᠠᠢ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ ᠂ ᠳᠡᠳ᠋ ᠬᠣᠷᠢᠶᠠᠨ ᠳᠠᠷᠤᠭ᠎ᠠ ᠽᠧᠦ ᠶᠦᠩ ᠨᠠᠷ ᠤᠷᠢᠳ ᠬᠣᠵᠢᠳ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠠᠵᠢᠯ ᠪᠠᠢᠴᠠᠭᠠᠨ ᠰᠤᠳᠤᠯᠤᠯᠲᠠ ᠬᠢᠪᠡ ᠃  

   

 

   ᠬᠣᠶᠠᠷ ᠬᠣᠷᠢᠶ᠎ᠠ ᠶ᠋ᠢᠨ ᠪᠠᠢᠴᠠᠭᠠᠨ ᠰᠤᠳᠤᠯᠬᠤ ᠳᠤᠭᠤᠢᠯᠠᠩ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠤ᠋ ᠳᠡᠯᠭᠡᠨ ᠦᠵᠡᠭᠦᠯᠦᠯᠭᠡ ᠶ᠋ᠢᠨ ᠲᠣᠭᠣᠷᠢᠭ ᠂ ᠰᠢᠭᠦᠭᠴᠢ ᠲᠤᠰᠢᠶᠠᠯᠲᠠᠨ ᠤ᠋ ᠬᠡᠷᠡᠮ ᠂ ᠨᠠᠮ ᠤ᠋ᠨ ᠪᠠᠢᠭᠤᠯᠤᠯᠲᠠ ᠶ᠋ᠢᠨ ᠴᠢᠬᠡᠴᠢ ᠵᠠᠰᠠᠭ ᠤ᠋ᠨ ᠬᠥᠮᠦᠵᠢᠯ ᠦ᠋ᠨ ᠰᠠᠭᠤᠷᠢᠨ ᠭᠠᠵᠠᠷ ᠂ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠨᠣᠮ ᠤ᠋ᠨ ᠰᠠᠩ ᠂ ᠵᠠᠭᠤᠴᠢᠯᠠᠭᠤᠷ ᠤ᠋ᠨ ᠲᠥᠪ ᠂ ᠮᠡᠳᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠲᠥᠪ ᠵᠡᠷᠭᠡ ᠲᠠᠯᠠᠪᠤᠷ ᠭᠠᠵᠠᠷ ᠢ᠋ ᠲᠤᠬᠠᠢ ᠶ᠋ᠢᠨ ᠭᠠᠵᠠᠷ ᠲᠤᠨᠢ ᠲᠣᠭᠣᠷᠢᠨ ᠦᠵᠡᠵᠦ ᠂ ᠲᠠᠢᠯᠤᠮᠵᠢ ᠶ᠋ᠢ ᠰᠣᠨᠣᠰᠬᠤ ᠂ ᠨᠠᠷᠢᠨ ᠠᠰᠠᠭᠤᠬᠤ ᠂ ᠡᠬᠡ ᠳᠠᠩᠰᠠ ᠶ᠋ᠢᠨ ᠮᠠᠲ᠋ᠧᠷᠢᠶᠠᠯ ᠢ᠋ ᠳᠠᠬᠢᠨ ᠦᠵᠡᠬᠦ ᠵᠡᠷᠭᠡ ᠠᠷᠭ᠎ᠠ ᠬᠡᠯᠪᠡᠷᠢ ᠪᠡᠷ ᠳᠠᠮᠵᠢᠨ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠡᠯ᠎ᠡ ᠲᠥᠷᠥᠯ ᠦ᠋ᠨ ᠠᠵᠢᠯ ᠢ᠋ᠶ᠋ᠠᠨ ᠥᠷᠨᠢᠭᠦᠯᠵᠦ ᠪᠠᠢᠭ᠎ᠠ ᠪᠠᠢᠳᠠᠯ ᠢ᠋ ᠨᠠᠷᠢᠨ ᠬᠢᠨᠠᠮᠠᠭᠠᠢ ᠣᠢᠯᠠᠭᠠᠵᠠᠢ ᠃ ᠬᠥᠬᠡᠬᠣᠲᠠ ᠶ᠋ᠢᠨ ᠲᠡᠮᠦᠷ ᠵᠠᠮ ᠤ᠋ᠨ ᠳᠤᠮᠳᠠᠳᠤ ᠰᠤᠷᠭᠠᠭᠤᠯᠢ ᠶ᠋ᠢᠨ ᠬᠦᠷᠢᠶᠡᠨ ᠦ᠌ ᠬᠢᠨ ᠪᠠᠰᠠ ᠣᠷᠴᠢᠨ ᠲᠣᠭᠣᠷᠢᠨ ᠡᠬᠢ ᠪᠠᠶᠠᠯᠢᠭ ᠤ᠋ᠨ ᠰᠢᠭᠦᠨ ᠲᠠᠰᠤᠯᠤᠯᠲᠠ ᠬᠢᠭᠡᠳ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠠᠢ ᠶᠠᠷᠢᠯᠴᠠᠬᠤ ᠬᠤᠷᠠᠯ ᠬᠢᠵᠦ ᠂ ᠬᠣᠶᠠᠷ ᠲᠠᠯ᠎ᠠ ᠪᠠᠷ ᠢ᠋ᠶ᠋ᠠᠨ ᠣᠷᠴᠢᠨ ᠲᠣᠭᠣᠷᠢᠨ ᠡᠬᠢ ᠪᠠᠶᠠᠯᠢᠭ ᠲᠤ᠌ ᠬᠣᠯᠪᠣᠭᠳᠠᠭᠰᠠᠨ ᠬᠡᠷᠡᠭ ᠢ᠋ ᠰᠢᠭᠦᠨ ᠰᠢᠢᠳᠪᠦᠷᠢᠯᠡᠬᠦ ᠂ ᠲᠤᠰᠬᠠᠢ ᠠᠵᠢᠯ ᠤ᠋ᠨ ᠡᠩᠨᠡᠭᠡ ᠶ᠋ᠢ ᠪᠠᠢᠭᠤᠯᠬᠤ ᠂ ᠣᠷᠣᠰᠢᠵᠤ ᠪᠠᠢᠭ᠎ᠠ ᠠᠰᠠᠭᠤᠳᠠᠯ ᠵᠢᠴᠢ ᠳᠠᠷᠠᠭᠠᠴᠢ ᠶ᠋ᠢᠨ ᠠᠯᠬᠤᠮ ᠤ᠋ᠨ ᠬᠥᠭᠵᠢᠯᠲᠡ ᠶ᠋ᠢᠨ ᠲᠥᠯᠥᠪᠯᠡᠭᠡ ᠵᠡᠷᠭᠡ ᠲᠠᠯ᠎ᠠ ᠪᠠᠷ ᠶᠠᠷᠢᠯᠴᠠᠨ ᠰᠠᠨᠠᠯ ᠢ᠋ᠶ᠋ᠠᠨ ᠰᠣᠯᠢᠯᠴᠠᠵᠠᠢ ᠃  

   ᠬᠣᠶᠠᠷ ᠬᠣᠷᠢᠶ᠎ᠠ ᠶ᠋ᠢᠨ ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠪᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠂ ᠰᠣᠶᠣᠯ ᠤ᠋ᠨ ᠪᠠᠢᠭᠤᠯᠤᠯᠲᠠ ᠂ ᠰᠢᠭᠦᠨ ᠭᠦᠢᠴᠡᠳᠬᠡᠬᠦ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠵᠡᠷᠭᠡ ᠲᠠᠯ᠎ᠠ ᠶ᠋ᠢᠨ ᠠᠵᠢᠯ ᠢ᠋ ᠭᠦᠨᠵᠡᠭᠡᠢ ᠥᠷᠨᠢᠭᠦᠯᠬᠦ ᠠᠷᠭ᠎ᠠ ᠪᠠᠷᠢᠯ ᠢ᠋ ᠲᠣᠯᠢ ᠪᠣᠯᠭᠠᠨ ᠰᠤᠷᠤᠯᠴᠠᠭᠤᠱᠢᠲᠠᠢ ᠂ ᠲᠤᠰ ᠤᠳᠠᠭᠠᠨ ᠤ᠋ ᠰᠣᠯᠢᠯᠴᠠᠭ᠎ᠠ ᠰᠤᠷᠤᠯᠴᠠᠯᠭ᠎ᠠ ᠪᠠᠷ ᠳᠠᠮᠵᠢᠨ ᠂ ᠬᠥᠭᠵᠢᠯᠲᠡ ᠶ᠋ᠢᠨ ᠰᠡᠳᠬᠢᠴᠡ ᠪᠡᠨ ᠥᠷᠭᠡᠳᠬᠡᠵᠦ ᠂ ᠰᠣᠯᠢᠯᠴᠠᠭ᠎ᠠ ᠶ᠋ᠢᠨ ᠳᠤᠮᠳᠠ ᠰᠤᠷᠤᠯᠴᠠᠬᠤ ᠂ ᠶᠠᠷᠢᠯᠴᠠᠬᠤ ᠳᠤᠮᠳᠠ ᠳ᠋ᠦᠩᠨᠡᠬᠦ ᠂ ᠲᠣᠯᠢᠯᠠᠬᠤ ᠳᠤᠮᠳᠠ ᠳᠡᠭᠡᠭᠰᠢᠯᠡᠭᠦᠯᠬᠦ ᠰᠠᠢᠨ ᠦᠷ᠎ᠡ ᠪᠦᠲᠦᠮᠵᠢ ᠳ᠋ᠦ᠍ ᠬᠦᠷᠴᠦ ᠂ ᠬᠣᠢᠰᠢᠳᠠ ᠢᠯᠡᠭᠦᠬᠡᠨ ᠣᠢᠯᠠᠭᠠᠯᠴᠠᠭ᠎ᠠ ᠪᠠᠨ ᠴᠢᠩᠭᠠᠳᠬᠠᠵᠤ ᠂ ᠬᠠᠮᠵᠢᠯᠴᠠᠭ᠎ᠠ ᠪᠠᠨ ᠭᠦᠨᠵᠡᠭᠡᠢᠷᠡᠭᠦᠯᠦᠨ ᠂ ᠬᠠᠷᠢᠯᠴᠠᠨ ᠰᠤᠷᠤᠯᠴᠠᠵᠤ ᠂ ᠰᠠᠢᠨ ᠲᠠᠢ ᠲᠠᠯ᠎ᠠ ᠪᠠᠨ ᠪᠠᠳᠠᠷᠠᠭᠤᠯᠤᠨ ᠬᠦᠷᠦᠯᠴᠡᠬᠦ ᠦᠭᠡᠢ ᠲᠠᠯ᠎ᠠ ᠪᠠᠨ ᠨᠥᠬᠥᠪᠥᠷᠢᠯᠡᠵᠦ ᠂ ᠰᠢᠭᠦᠬᠦ ᠬᠣᠷᠢᠶᠠᠨ ᠤ᠋ ᠡᠯ᠎ᠡ ᠲᠥᠷᠥᠯ ᠦ᠋ᠨ ᠠᠵᠢᠯ ᠰᠢᠨ᠎ᠡ ᠠᠬᠢᠯᠲᠠ ᠲᠠᠢ ᠪᠣᠯᠬᠤ ᠶ᠋ᠢ ᠠᠬᠢᠭᠤᠯᠬᠤ ᠶ᠋ᠢ ᠬᠦᠰᠡᠵᠦ ᠪᠠᠢᠨ᠎ᠠ ᠭᠡᠵᠦ ᠢᠯᠡᠳᠬᠡᠪᠡ ᠃  ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠᠬ᠎ᠠ ᠳᠡᠭᠦᠦ ᠨᠠᠷ ᠤ᠋ᠨ ᠰᠢᠭᠦᠬᠦ ᠬᠣᠷᠢᠶ᠎ᠠ ᠯᠤᠭ᠎ᠠ ᠶ᠋ᠢᠨ ᠰᠣᠯᠢᠯᠴᠠᠭ᠎ᠠ ᠬᠠᠮᠲᠤᠷᠠᠯᠴᠠᠭ᠎ᠠ ᠪᠠ ᠮᠡᠳᠡᠭᠡ ᠵᠠᠩᠭᠢ ᠶ᠋ᠢ ᠬᠠᠮᠲᠤᠪᠠᠷ ᠡᠳ᠋ᠯᠡᠬᠦ ᠠᠵᠢᠯ ᠢ᠋ ᠤᠯᠠᠮ ᠴᠢᠩᠭᠠᠳᠬᠠᠵᠤ ᠂ ᠠᠬ᠎ᠠ ᠳᠡᠭᠦᠦ ᠰᠢᠭᠦᠬᠦ ᠬᠣᠷᠢᠶ᠎ᠠ ᠶ᠋ᠢᠨ ᠲᠡᠷᠢᠭᠦᠨ ᠦ᠌ ᠲᠤᠷᠰᠢᠯᠭ᠎ᠠ ᠠᠷᠭ᠎ᠠ ᠪᠠᠷᠢᠯ ᠢ᠋ ᠢᠳᠡᠪᠬᠢᠲᠡᠢ ᠲᠣᠯᠢ ᠪᠣᠯᠭᠠᠵᠤ ᠂ ᠣᠷᠳᠣᠰ ᠬᠣᠲᠠ ᠶ᠋ᠢᠨ ᠰᠢᠨ᠎ᠡ ᠵᠠᠮ ᠢ᠋ᠶ᠋ᠠᠷ ᠰᠠᠢᠲᠤᠷ ᠵᠠᠮᠨᠠᠵᠤ ᠂ ᠬᠣᠰᠢᠭᠤᠴᠢ ᠣᠷᠣᠨ ᠢ᠋ ᠪᠦᠲᠦᠭᠡᠨ ᠪᠠᠢᠭᠤᠯᠵᠤ ᠂ ᠣᠳᠣᠬᠢᠴᠢᠯᠠᠭᠰᠠᠨ ᠣᠷᠳᠣᠰ ᠤ᠋ᠨ ᠰᠢᠨ᠎ᠡ ᠬᠠᠭᠤᠳᠠᠰᠤ ᠶ᠋ᠢ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠲᠠᠯ᠎ᠠ ᠪᠠᠷ ᠬᠦᠴᠦᠲᠡᠢ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠵᠤ ᠂ ᠪᠣᠳᠠᠲᠤ ᠠᠵᠢᠯᠯᠠᠭ᠎ᠠ ᠪᠠ ᠰᠢᠯᠢᠳᠡᠭ ᠬᠢᠷᠢ ᠪᠦᠲᠦᠮᠵᠢ ᠪᠡᠷ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠢ ᠬᠤᠷᠠᠯᠳᠤᠬᠤ ᠶ᠋ᠢ ᠤᠭᠲᠤᠬᠤ ᠪᠣᠯᠤᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )