ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠵᠠᠷᠭᠤ ᠶ᠋ᠢᠨ ᠵᠠᠷᠤᠳᠠᠯ ᠤ᠋ᠨ ᠪᠦᠬᠦ ᠶᠠᠪᠤᠴᠠ ᠶ᠋ᠢ ᠰᠦᠯᠵᠢᠶᠡᠨ ᠳᠡᠭᠡᠷ᠎ᠡ ᠠᠵᠢᠯᠯᠠᠬᠤ ᠠᠵᠢᠯ ᠢ᠋ ᠤᠯᠠᠮ ᠨᠢᠭᠡ ᠠᠯᠬᠤᠮ ᠴᠢᠩᠭᠠᠳᠬᠠᠵᠤ ᠂ ᠵᠠᠷᠭᠤ ᠶ᠋ᠢᠨ ᠰᠦᠢᠳᠬᠡᠯ ᠦ᠋ᠨ 《 ᠨᠢᠭᠡ ᠬᠡᠷᠡᠭ ᠨᠢᠭᠡ ᠳᠠᠩᠰᠠ ᠡᠷᠦᠬᠡ 》 ᠶ᠋ᠢᠨ ᠬᠠᠮᠢᠶᠠᠷᠤᠯᠲᠠᠶ᠋ᠢᠨ ᠰᠢᠰᠲ᠋ᠧᠮᠦ᠋ᠨ ᠴᠢᠳᠠᠮᠵᠢ ᠶ᠋ᠢᠨ ᠮᠣᠳᠧᠯ ᠢ᠋ ᠤᠷᠤᠭᠰᠢᠲᠠᠢ ᠡᠬᠢᠯᠡᠭᠦᠯᠦᠨ ᠬᠡᠷᠡᠭᠯᠡᠵᠦ ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠠᠵᠢᠯᠯᠠᠭ᠎ᠠ ᠶ᠋ᠢᠨ ᠶᠠᠪᠤᠴᠠ ᠶ᠋ᠢ ᠵᠢᠷᠤᠮᠵᠢᠭᠤᠯᠬᠤ ᠶ᠋ᠢᠨ ᠲᠥᠯᠥᠭᠡ ᠂ ᠣᠢᠷ᠎ᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳᠤ᠋ᠨ ᠰᠢᠭᠦᠬᠦ ᠬᠣᠷᠢᠶ᠎ᠠ ᠶ᠋ᠢᠨ ᠰᠢᠭᠦᠯᠲᠡ᠎ᠶ᠋ᠢᠨ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠬᠡᠷᠡᠭ ᠪᠣᠯᠭᠠᠬᠤ ᠲᠢᠩᠬᠢᠮ ᠂ ᠡᠯ᠎ᠡ ᠲᠤᠬᠠᠢᠯᠠᠭᠰᠠᠨ ᠠᠵᠢᠯ᠎ᠤ᠋ᠨ ᠲᠢᠩᠬᠢᠮᠦ᠋ᠨ ᠲᠠᠰᠤᠭ ᠤ᠋ᠨ ᠱᠦᠵᠢ ᠂ ᠮᠡᠷᠭᠡᠵᠢᠯ ᠦ᠋ᠨ ᠭᠠᠵᠠᠷ ᠵᠡᠷᠭᠡ ᠺᠠᠲ᠋ᠷ ᠴᠠᠭᠳᠠᠭ᠎ᠠ ᠰᠢᠰᠲ᠋ᠧᠮᠦ᠋ᠨ ᠠᠵᠢᠯᠯᠠᠭᠠᠨ ᠤ᠋ ᠪᠣᠯᠪᠠᠰᠤᠷᠠᠯ ᠤ᠋ᠨ ᠬᠤᠷᠠᠯ ᠬᠢᠪᠡ ᠃
ᠪᠣᠯᠪᠠᠰᠤᠷᠠᠯ ᠤ᠋ᠨ ᠬᠤᠷᠠᠯ ᠳᠡᠭᠡᠷ᠎ᠡ ᠂ ᠪᠠᠭᠰᠢ ᠨᠠᠷ ᠲᠤᠰ ᠵᠠᠷᠭᠤ ᠶ᠋ᠢᠨ ᠰᠦᠢᠳᠬᠡᠯ ᠦ᠋ᠨ ᠬᠠᠮᠢᠶᠠᠷᠤᠯᠲᠠ ᠶ᠋ᠢᠨ ᠰᠢᠰᠲ᠋ᠧᠮ ᠦ᠋ᠨ ᠣᠨᠴᠠᠯᠢᠭ ᠂ ᠲᠤᠬᠠᠢᠯᠠᠭᠰᠠᠨ ᠠᠵᠢᠯ ᠤ᠋ᠨ ᠶᠠᠪᠤᠴᠠ ᠂ ᠰᠢᠰᠲ᠋ᠧᠮ ᠦ᠋ᠨ ᠴᠢᠳᠠᠪᠬᠢᠶ᠋ᠢ ᠨᠠᠷᠢᠨ ᠲᠣᠳᠣᠷᠬᠠᠢ ᠲᠠᠨᠢᠯᠴᠠᠭᠤᠯᠬᠤ ᠶ᠋ᠢᠨ ᠬᠠᠮᠲᠤ 《ᠨᠢᠭᠡ ᠬᠡᠷᠡᠭ ᠨᠢᠭᠡ ᠳᠠᠩᠰᠠ ᠡᠷᠦᠬᠡ 》 ᠶ᠋ᠢᠨ ᠬᠠᠮᠢᠶᠠᠷᠤᠯᠲᠠ ᠶ᠋ᠢᠨ ᠰᠢᠰᠲᠸᠮ ᠳ᠋ᠦ᠍ ᠰᠦᠢᠳᠬᠡᠯ ᠲᠤᠰᠢᠶᠠᠵᠤ ᠳᠠᠩᠰᠠᠯᠠᠬᠤ ᠂ ᠡᠯᠧᠺᠲ᠋ᠷᠣᠨ ᠰᠦᠢᠳᠬᠡᠯ ᠲᠤᠰᠢᠶᠠᠬᠤ ᠮᠡᠳᠡᠭᠳᠡᠯ ᠦ᠋ᠨ ᠪᠢᠴᠢᠬ᠌ ᠂ ᠵᠠᠷᠭᠤ ᠶ᠋ᠢᠨ ᠰᠦᠢᠳᠬᠡᠯ ᠢ᠋ ᠨᠥᠬᠥᠪᠥᠷᠢᠯᠡᠬᠦ ᠂ ᠵᠠᠷᠭᠤᠶ᠋ᠢᠨ ᠰᠦᠢᠳᠬᠡᠯ ᠢ᠋ ᠡᠭᠦᠷᠭᠡᠯᠡᠬᠦ ᠪᠠᠢᠳᠠᠯ ᠂ ᠰᠦᠢᠳᠬᠡᠯ ᠪᠤᠴᠠᠭᠠᠬᠤ ᠭᠤᠶᠤᠴᠢᠯᠠᠯ ᠵᠢᠴᠢ ᠬᠢᠨᠠᠨ ᠵᠥᠪᠰᠢᠶᠡᠷᠡᠬᠦ ᠂ ᠵᠠᠷᠭᠤ ᠶ᠋ᠢᠨ ᠰᠦᠢᠳᠬᠡᠯ ᠢ᠋ ᠬᠠᠰᠤᠵᠤ ᠬᠡᠯᠲᠦᠷᠢᠭᠦᠯᠬᠦ ᠬᠣᠢᠰᠢᠯᠠᠭᠤᠯᠬᠤ ᠳᠠᠩᠰᠠᠯᠠᠯ ᠵᠢᠴᠢ ᠬᠢᠨᠠᠨ ᠵᠥᠪᠰᠢᠶᠡᠷᠡᠬᠦ ᠂ ᠵᠣᠭᠣᠰ ᠡᠳ᠋ ᠪᠣᠳᠠᠰ ᠢ᠋ ᠪᠦᠷᠢᠳᠬᠡᠬᠦ ᠵᠡᠷᠭᠡ ᠭᠣᠭᠴᠣᠭᠠᠶ᠋ᠢᠨ ᠪᠣᠳᠠᠲᠠᠢ ᠠᠵᠢᠯᠯᠠᠬᠤ ᠶᠠᠪᠤᠴᠠ ᠶ᠋ᠢᠨ ᠲᠤᠬᠠᠢ ᠨᠠᠷᠢᠨ ᠲᠣᠳᠣᠷᠬᠠᠢ ᠲᠠᠢᠯᠤᠮᠵᠢ ᠬᠢᠬᠦ ᠶ᠋ᠢᠨ ᠬᠠᠮᠲᠤ ᠪᠣᠳᠠᠲᠠᠢ ᠦᠵᠡᠭᠦᠯᠦᠯᠭᠡ ᠬᠢᠵᠡᠢ ᠃
ᠲᠤᠰ ᠤᠳᠠᠭᠠᠨ ᠤ᠋ ᠪᠣᠯᠪᠠᠰᠤᠷᠠᠯ ᠢ᠋ᠶ᠋ᠠᠷ ᠳᠠᠮᠵᠢᠨ ᠂ ᠪᠥᠬᠥ ᠬᠣᠲᠠ᠎ᠶ᠋ᠢᠨ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠳ᠋ᠤ᠌ ᠰᠢᠰᠲ᠋ᠧᠮ ᠦ᠋ᠨ ᠬᠡᠷᠡᠭᠯᠡᠭᠡᠨ ᠦ᠌ ᠴᠢᠳᠠᠮᠵᠢ ᠵᠢᠴᠢ ᠠᠵᠢᠯᠯᠠᠭᠠᠨ ᠤ᠋ ᠵᠢᠷᠤᠮ ᠢ᠋ ᠤᠯᠠᠮ ᠨᠢᠭᠡ ᠠᠯᠬᠤᠮ ᠣᠢᠯᠠᠭᠠᠭᠤᠯᠬᠤ ᠶ᠋ᠢᠨ ᠬᠠᠮᠲᠤ ᠡᠵᠡᠮᠰᠢᠭᠦᠯᠵᠦ ᠂ ᠵᠠᠷᠭᠤ ᠶ᠋ᠢᠨ ᠰᠦᠢᠳᠬᠡᠯ ᠢ᠋ 《 ᠨᠢᠭᠡ ᠬᠡᠷᠡᠭ ᠨᠢᠭᠡ ᠳᠠᠩᠰᠠ 》ᠶ᠋ᠢᠨ ᠬᠠᠮᠢᠶᠠᠷᠤᠯᠲᠠ ᠶ᠋ᠢᠨ ᠰᠢᠰᠲ᠋ᠧᠮᠦ᠋ᠨ ᠬᠡᠷᠡᠭᠯᠡᠯᠲᠡ ᠶ᠋ᠢ ᠨᠡᠩ ᠭᠦᠨ ᠳᠠᠪᠬᠤᠷᠭ᠎ᠠ ᠶ᠋ᠢᠨ ᠲᠠᠨᠢᠯᠲᠠ ᠪᠠ ᠣᠢᠯᠠᠭᠠᠯᠲᠠ ᠲᠠᠢ ᠪᠣᠯᠭᠠᠵᠤ ᠂ ᠵᠠᠷᠭᠤ ᠶ᠋ᠢᠨ ᠬᠦᠯᠢᠶᠡᠨ ᠰᠢᠢᠳᠪᠦᠷᠢᠯᠡᠬᠦ ᠵᠠᠷᠤᠳᠠᠯ ᠢ᠋ ᠰᠢᠢᠳᠪᠦᠷᠢᠯᠡᠬᠦ ᠬᠠᠤᠯᠢ ᠴᠠᠭᠠᠵᠠ᠎ᠶ᠋ᠢᠨ ᠵᠢᠷᠤᠮ ᠢ᠋ ᠤᠯᠠᠮ ᠨᠢᠭᠡ ᠠᠯᠬᠤᠮ ᠳᠦᠷᠢᠮᠵᠢᠭᠦᠯᠵᠦ ᠂ ᠨᠠᠷᠢᠨ ᠣᠨᠣᠪᠴᠢᠲᠠᠢ ᠪᠠᠷ ᠳᠠᠩᠰᠠ ᠂ ᠦᠨᠡᠨ ᠪᠣᠳᠠᠲᠠᠢ ᠪᠠᠷ ᠨᠤᠲᠠᠯᠠᠵᠤ ᠂ ᠪᠥᠬᠥ ᠶᠠᠪᠤᠴᠠᠳ᠋ᠤ᠌ ᠣᠷᠣᠮ ᠦᠯᠡᠳᠡᠭᠡᠵᠦ ᠂ ᠵᠠᠷᠭᠤ ᠶ᠋ᠢᠨ ᠰᠦᠢᠳᠬᠡᠯ ᠢ᠋ ᠭᠦᠢᠴᠡᠳᠬᠡᠬᠦ ᠦᠷ᠎ᠡ ᠪᠦᠲᠦᠮᠵᠢ ᠶ᠋ᠢ ᠳᠡᠭᠡᠭᠰᠢᠯᠡᠭᠦᠯᠵᠦ ᠂ ᠭᠦᠢᠴᠡᠳᠬᠡᠬᠦ ᠶᠠᠪᠤᠴᠠ ᠶ᠋ᠢ ᠳᠥᠭᠥᠮᠴᠢᠯᠡᠵᠦ ᠂ ᠲᠤᠬᠠᠢ ᠶ᠋ᠢᠨ ᠬᠥᠮᠦᠨ ᠦ᠌ ᠵᠠᠷᠭᠤᠶ᠋ᠢᠨ ᠬᠤᠷᠠᠮᠳᠤᠯᠠᠭ᠎ᠠ ᠶ᠋ᠢ ᠪᠠᠭᠠᠰᠬᠠᠵᠤ᠂ ᠬᠠᠤᠯᠢ ᠴᠠᠭᠠᠵᠠ ᠶ᠋ᠢᠨ ᠠᠷᠠᠳ ᠲᠦᠮᠡᠨ ᠳ᠋ᠦ᠍ ᠦᠢᠯᠡᠴᠢᠯᠡᠬᠦ ᠴᠢᠨᠠᠷ ᠴᠢᠨᠰᠠᠭ᠎ᠠ ᠪᠠ ᠣᠯᠠᠨ ᠲᠦᠮᠡᠨ ᠦ᠌ ᠬᠠᠨᠤᠮᠵᠢ ᠶ᠋ᠢᠨ ᠬᠡᠮᠵᠢᠶ᠎ᠡ ᠶ᠋ᠢ ᠦᠨᠡᠨ ᠬᠦ᠌ ᠳᠡᠭᠡᠭᠰᠢᠯᠡᠭᠦᠯᠪᠡ ᠃
ᠣᠷᠳᠣᠰ ᠬᠣᠲᠠ᠎ᠶ᠋ᠢᠨ ᠠᠷᠠᠳᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠢᠭᠦᠯᠲᠡ ᠶ᠋ᠢᠨ ᠦᠢᠯᠡᠴᠢᠯᠡᠭᠡ ᠪᠠ ᠪᠠᠲᠤᠯᠠᠭ᠎ᠠ ᠶ᠋ᠢᠨ ᠲᠥᠪ ᠨᠢ ᠣᠶᠤᠨᠴᠢ ᠵᠠᠷᠭᠤ ᠶ᠋ᠢᠨ ᠦᠢᠯᠡᠴᠢᠯᠡᠭᠡ ᠶ᠋ᠢᠨ ᠪᠠᠢᠭᠤᠯᠤᠯᠲᠠ ᠶ᠋ᠢ ᠪᠠᠷᠢᠮᠲᠠᠯᠠᠵᠤ ᠂ ᠰᠠᠨᠠᠭᠠᠴᠢᠯᠠᠭ᠎ᠠ ᠲᠠᠢ ᠪᠠᠷ ᠠᠵᠢᠯᠯᠠᠵᠤ ᠂ ᠢᠳᠡᠪᠬᠢᠲᠡᠢ ᠭᠦᠢᠴᠡᠳᠬᠡᠨ᠎ᠡ ᠃ ᠪᠠᠰᠠ ᠵᠠᠷᠭᠤ ᠶ᠋ᠢᠨ ᠰᠦᠢᠳᠬᠡᠯ ᠢ᠋ ᠡᠯᠧᠺᠲ᠋ᠷᠣᠨ ᠢ᠋ᠶ᠋ᠠᠷ ᠫᠢᠶᠣᠣ ᠪᠠᠷᠢᠮᠲᠠᠶ᠋ᠢᠨ ᠮᠡᠳᠡᠭᠡ ᠵᠠᠩᠭᠢᠵᠢᠯᠲᠠᠶ᠋ᠢᠨ ᠪᠠᠢᠭᠤᠯᠤᠯᠲᠠᠶ᠋ᠢᠨ ᠳᠡᠰ ᠳᠡᠪᠰᠢᠬᠦᠶ᠋ᠢ ᠤᠯᠠᠮ ᠨᠢᠭᠡ ᠠᠯᠬᠤᠮ ᠠᠬᠢᠭᠤᠯᠵᠤ ᠂ ᠮᠡᠳᠡᠭᠡ ᠵᠠᠩᠭᠢᠵᠢᠯᠲᠠᠶ᠋ᠢᠨ ᠪᠠᠢᠭᠤᠯᠤᠯᠲᠠᠶ᠋ᠢᠨ ᠠᠷᠠᠳ ᠣᠯᠠᠨᠳ᠋ᠤ᠌ ᠦᠢᠯᠡᠴᠢᠯᠡᠬᠦ ᠂ ᠰᠢᠭᠦᠨ ᠲᠠᠰᠤᠯᠬᠤ ᠭᠦᠢᠴᠡᠳᠬᠡᠬᠦᠳ᠋ᠦ᠍ ᠦᠢᠯᠡᠴᠢᠯᠡᠬᠦ ᠂ ᠬᠠᠤᠯᠢ ᠴᠠᠭᠠᠵᠠ᠎ᠶ᠋ᠢᠨ ᠬᠠᠮᠢᠶᠠᠷᠤᠯᠲᠠᠳ᠋ᠤ᠌ ᠦᠢᠯᠡᠴᠢᠯᠡᠬᠦ ᠴᠢᠬᠤᠯᠠ ᠦᠢᠯᠡᠳᠦᠯᠢ᠋ ᠲᠠᠰᠤᠷᠠᠯᠲᠠ ᠦᠭᠡᠢ ᠪᠠᠳᠠᠷᠠᠭᠤᠯᠬᠤ ᠪᠣᠯᠤᠨ᠎ᠠ ᠃
ᠦᠨᠡᠯᠡᠬᠦ 0ᠦᠨᠡᠯᠡᠯᠲᠡ᠎ᠲᠠᠢ