ᠣᠷᠳᠣᠰ ᠬᠣᠲᠠ ᠎ᠶ᠋ᠢᠨ ᠳᠤᠮᠳᠠ ᠵᠡᠷᠭᠡ ᠎ᠶ᠋ᠢᠨ ᠰᠢᠭᠦᠬᠦ ᠬᠣᠷᠢᠶ᠎ᠠ ᠰᠢᠨ᠎ᠡ ᠲᠤᠰᠢᠶᠠᠯ᠎ ᠳ᠋ᠤ᠌ ᠭᠠᠷᠤᠭᠰᠠᠨ ᠺᠠᠲ᠋ᠷ ᠴᠠᠭᠳᠠᠭ᠎ᠠ ᠎ᠶ᠋ᠢᠨ ᠦᠨᠳᠦᠰᠦᠨ ᠬᠠᠤᠯᠢ ᠎ᠳ᠋ᠤ᠌ ᠲᠠᠩᠭᠠᠷᠢᠭᠯᠠᠬᠤ ᠶᠣᠰᠣᠯᠠᠯ ᠶᠠᠪᠤᠭᠤᠯᠪᠠ
2022.09.13 ᠲᠣᠰ ᠥᠷᠲᠡᠭᠡᠨ᠎ᠦ ᠨᠠᠢᠷᠠᠭᠤᠯᠤᠭᠴᠢ

    ᠦᠨᠳᠦᠰᠦᠨ ᠬᠠᠤᠯᠢ ᠎ᠳ᠋ᠤ᠌ ᠲᠠᠩᠭᠠᠷᠢᠭᠯᠠᠬᠤ ᠳᠦᠷᠢᠮ ᠎ᠢ᠋ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠰᠢᠨ᠎ᠡ ᠎ᠪᠡᠷ ᠲᠤᠰᠢᠶᠠᠯ᠎ ᠳ᠋ᠤ᠌ ᠭᠠᠷᠤᠭᠰᠠᠨ ᠺᠠᠲ᠋ᠷ ᠴᠠᠭᠳᠠᠭ᠎ᠠ ᠎ᠶ᠋ᠢᠨ ᠴᠢᠷᠮᠠᠢᠨ ᠡᠭᠦᠷᠭᠡᠯᠡᠬᠦ ᠂ ᠰᠠᠨᠠᠭᠠᠴᠢᠯᠠᠭ᠎ᠠ᠎ ᠠ᠋ᠴᠠ᠎ ᠪᠠᠨ ᠠᠵᠢᠯᠯᠠᠬᠤ᠎ᠶ᠋ᠢ ᠤᠯᠠᠮ ᠨᠢᠭᠡ ᠠᠯᠬᠤᠮ ᠵᠣᠷᠢᠭᠵᠢᠭᠤᠯᠬᠤ᠎ ᠶ᠋ᠢᠨ ᠲᠥᠯᠥᠭᠡ ᠂ 9 ᠰᠠᠷ᠎ᠠ ᠎ᠶ᠋ᠢᠨ 6 ᠎ᠤ᠋ ᠡᠳᠦᠷ ᠂ ᠣᠷᠳᠣᠰ ᠬᠣᠲᠠ᠎ ᠶ᠋ᠢᠨ ᠠᠷᠠᠳ᠎ ᠤ᠋ᠨ ᠳᠤᠮᠳᠠ ᠵᠡᠷᠭᠡ ᠎ᠶ᠋ᠢᠨ ᠰᠢᠭᠦᠬᠦ ᠬᠣᠷᠢᠶ᠎ᠠ ᠰᠢᠨ᠎ᠡ ᠲᠤᠰᠢᠶᠠᠯ᠎ ᠳ᠋ᠤ᠌ ᠭᠠᠷᠤᠭᠰᠠᠨ ᠺᠠᠲ᠋ᠷ ᠴᠠᠭᠳᠠᠭ᠎ᠠ ᠎ᠶ᠋ᠢᠨ ᠦᠨᠳᠦᠰᠦᠨ ᠬᠠᠤᠯᠢ ᠎ᠳ᠋ᠤ᠌ ᠲᠠᠩᠭᠠᠷᠢᠭᠯᠠᠬᠤ ᠶᠣᠰᠣᠯᠠᠯ ᠶᠠᠪᠤᠭᠤᠯᠪᠠ ᠃ ᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶᠠᠨ ᠤ᠋ ᠨᠠᠮ᠎ ᠤ᠋ᠨ ᠤᠳᠤᠷᠢᠳᠬᠤ ᠳᠤᠭᠤᠢᠯᠠᠩ ᠎ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠶᠣᠰᠣᠯᠠᠯ᠎ ᠳ᠋ᠤ᠌ ᠣᠷᠣᠯᠴᠠᠭᠰᠠᠨ ᠪᠥᠭᠡᠳ ᠰᠢᠨ᠎ᠡ᠎ ᠪᠡᠷ ᠲᠤᠰᠢᠶᠠᠯ ᠎ᠳ᠋ᠤ᠌ ᠭᠠᠷᠤᠭᠰᠠᠨ ᠺᠠᠲ᠋ᠷ ᠴᠠᠭᠳᠠᠭ᠎ᠠ ᠎ᠳ᠋ᠤ᠌ ᠲᠤᠰᠢᠶᠠᠯ᠎ ᠳ᠋ᠤ᠌ ᠲᠣᠮᠢᠯᠠᠭᠰᠠᠨ ᠪᠢᠴᠢᠭ᠌  ᠭᠠᠷᠳᠠᠭᠤᠯᠵᠠᠢ ᠃ ᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶᠠᠨ ᠎ᠤ᠋ ᠨᠠᠮ᠎ ᠤ᠋ᠨ ᠤᠳᠤᠷᠢᠳᠬᠤ ᠳᠤᠭᠤᠢᠯᠠᠩ᠎ ᠤ᠋ᠨ ᠪᠦᠷᠢᠯᠳᠦᠬᠦᠨ ᠂ ᠤᠯᠤᠰ ᠲᠥᠷᠥ ᠎ᠶ᠋ᠢᠨ ᠬᠡᠯᠲᠡᠰ ᠎ᠦ᠋ᠨ ᠡᠷᠬᠢᠯᠡᠭᠴᠢ ᠨᠢᠦ ᠬᠠᠢ ᠯᠢᠶᠠᠩ ᠲᠠᠩᠭᠠᠷᠢᠭᠯᠠᠬᠤ ᠶᠣᠰᠣᠯᠠᠯ᠎ ᠢ᠋ ᠡᠷᠬᠢᠯᠡᠪᠡ ᠃


    ᠲᠠᠩᠭᠠᠷᠢᠭᠯᠠᠬᠤ ᠶᠣᠰᠣᠯᠠᠯ ᠳᠡᠭᠡᠷ᠎ᠡ ᠰᠢᠨ᠎ᠡ᠎ ᠪᠡᠷ ᠲᠤᠰᠢᠶᠠᠯ᠎ ᠳ᠋ᠤ᠌ ᠭᠠᠷᠤᠭᠰᠠᠨ ᠺᠠᠲ᠋ᠷ ᠴᠠᠭᠳᠠᠭ᠎ᠠ ᠤᠯᠤᠰ ᠎ᠤ᠋ᠨ ᠲᠤᠭ ᠵᠦᠭ ᠬᠠᠨᠳᠤᠨ ᠂ ᠤᠯᠤᠰ᠎ ᠤ᠋ᠨ ᠰᠦᠯᠳᠡ ᠳᠠᠭᠤᠤ ᠎ ᠳᠠᠭᠤᠯᠠᠵᠤ ᠂ ᠲᠥᠪ ᠴᠢᠩᠭ᠎ᠠ᠎ ᠪᠠᠷ ᠲᠠᠩᠭᠠᠷᠢᠭᠯᠠᠪᠠ ᠃


   

   ᠰᠢᠨ᠎ᠡ᠎ ᠪᠡᠷ ᠲᠤᠰᠢᠶᠠᠯ ᠎ᠳ᠋ᠤ᠌ ᠭᠠᠷᠤᠭᠰᠠᠨ ᠺᠠᠲ᠋ᠷ ᠴᠠᠭᠳᠠᠭ᠎ᠠ ᠨᠠᠷ ᠡᠨᠡᠬᠦ ᠲᠥᠪ ᠴᠢᠩᠭ᠎ᠠ ᠣᠷᠴᠢᠨ ᠲᠣᠭᠣᠷᠢᠨ ᠎ᠳ᠋ᠤ᠌ ᠦᠨᠳᠦᠰᠦᠨ ᠬᠠᠤᠯᠢ᠎ ᠳ᠋ᠤ᠌ ᠲᠠᠩᠭᠠᠷᠢᠭᠯᠠᠵᠤ ᠂ ᠰᠡᠳᠬᠢᠯ ᠰᠠᠨᠠᠭ᠎ᠠ ᠨᠢ ᠳᠣᠭᠳᠣᠯᠤᠭᠠᠳ ᠂ ᠮᠥᠷᠦᠨ ᠳᠡᠭᠡᠷᠡᠬᠢ ᠡᠭᠦᠷᠭᠡ ᠬᠠᠷᠢᠭᠤᠴᠠᠯᠭ᠎ᠠ ᠨᠢ ᠨᠡᠩ ᠪᠠᠲᠤ ᠴᠢᠩᠭ᠎ᠠ ᠪᠣᠯᠵᠤ ᠂ ᠢᠲᠡᠭᠡᠯ ᠵᠣᠷᠢᠭ ᠨᠢ ᠴᠦ᠍ ᠨᠡᠩ ᠪᠠᠲᠤ ᠴᠢᠩᠭ᠎ᠠ ᠪᠣᠯᠤᠨ᠎ᠠ ᠭᠡᠵᠦ ᠢᠯᠡᠷᠬᠡᠢᠯᠡᠪᠡ ᠃ ᠳᠠᠷᠠᠭᠠᠴᠢ᠎ ᠶ᠋ᠢᠨ ᠠᠵᠢᠯ ᠎ᠤ᠋ᠨ ᠳᠤᠮᠳᠠ᠎ ᠪᠠᠨ ᠡᠷᠬᠡᠪᠰᠢ ᠦᠨᠳᠦᠰᠦᠨ ᠬᠠᠤᠯᠢ᠎ ᠶ᠋ᠢᠨ ᠵᠥᠪᠰᠢᠶᠡᠷᠡᠯ ᠳᠣᠣᠷᠠᠬᠢ ᠣᠮᠣᠭ ᠵᠣᠷᠢᠭ ᠵᠢᠡᠨ ᠪᠠᠲᠤ ᠴᠡᠭᠡᠵᠢᠯᠡᠵᠦ ᠂  ᠬᠠᠤᠯᠢ ᠴᠠᠭᠠᠵᠠ᠎ ᠶ᠋ᠢᠨ ᠬᠡᠷᠡᠭ ᠨᠢᠭᠡᠪᠦᠷᠢ ᠳᠡᠭᠡᠷ᠎ᠡ ᠠᠷᠠᠳ ᠣᠯᠠᠨ  ᠳ᠋ᠤ᠌ ᠲᠥᠪ ᠭᠣᠣᠯᠴᠢ ᠰᠢᠳᠤᠷᠭᠤ ᠶᠣᠰᠣ᠎ ᠶ᠋ᠢ ᠣᠢᠯᠠᠭᠠᠬᠤ ᠭᠡᠰᠡᠨ ᠠᠩᠬᠠᠨ ᠤ᠋ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ ᠪᠠᠨ ᠴᠢᠷᠮᠠᠢᠨ ᠭᠦᠢᠴᠡᠳᠬᠡᠵᠦ ᠂ ᠪᠦᠬᠦ ᠬᠣᠷᠢᠶᠠᠨ ᠎ᠤ᠋ ᠰᠢᠭᠦᠨ ᠲᠠᠰᠤᠯᠬᠤ ᠭᠦᠢᠴᠡᠳᠬᠡᠬᠦ ᠠᠵᠢᠯ᠎ ᠳ᠋ᠤ᠌ ᠰᠢᠯᠢᠳᠡᠭ ᠠᠮᠵᠢᠯᠲᠠ ᠪᠦᠲᠦᠮᠵᠢ ᠵᠢᠡᠨ ᠦᠵᠡᠭᠦᠯᠬᠦ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )