ᠤᠯᠤᠰ ᠲᠥᠷᠥ ᠶ᠋ᠢᠨ ᠬᠡᠯᠲᠡᠰ ᠨᠢ ᠠᠷᠠᠳ ᠤ᠋ᠨ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠠᠵᠢᠯ ᠤ᠋ᠨ ᠰᠠᠯᠠᠭ᠎ᠠ ᠮᠥᠴᠢᠷ ᠪᠣᠯᠤᠭᠰᠠᠨ ᠤ᠋ ᠬᠤᠪᠢ ᠳ᠋ᠤ᠌ ᠂ ᠮᠣᠷᠠᠯ ᠴᠢᠳᠠᠪᠤᠷᠢ ᠬᠣᠣᠰᠯᠠᠭᠰᠠᠨ ᠰᠢᠭᠦᠬᠦ ᠬᠣᠷᠢᠶᠠᠨ ᠤ᠋ ᠡᠩᠨᠡᠭᠡ ᠶ᠋ᠢ ᠪᠠᠢᠭᠤᠯᠵᠤ ᠂ ᠵᠣᠷᠢᠭᠲᠠᠢ ᠪᠠᠷ ᠦᠨᠡᠨᠴᠢ ᠰᠢᠳᠤᠷᠭᠤ ᠬᠠᠷᠢᠭᠤᠴᠠᠯᠭ᠎ᠠ ᠲᠠᠢ ᠰᠢᠭᠦᠬᠦ ᠬᠣᠷᠢᠶᠠᠨ ᠤ᠋ ᠵᠣᠷᠢᠭ ᠰᠠᠨᠠᠭᠠᠨ ᠤ᠋ ᠳᠦᠷᠰᠦ ᠪᠠᠢᠳᠠᠯ ᠢ᠋ ᠢᠯᠡᠷᠡᠭᠦᠯᠵᠦ ᠂ ᠤᠯᠤᠰ ᠲᠥᠷᠥ ᠶ᠋ᠢᠨ ᠬᠡᠯᠲᠡᠰ ᠨᠢ ᠲᠤᠢᠯ ᠤ᠋ᠨ ᠴᠢᠬᠤᠯᠠ ᠦᠢᠯᠡᠳᠦᠯ ᠭᠠᠷᠭᠠᠭᠰᠠᠨ ᠶᠤᠮ ᠃ ᠰᠢᠨ᠎ᠡ ᠪᠠᠢᠳᠠᠯ ᠂ ᠰᠢᠨ᠎ᠡ ᠡᠭᠦᠷᠭᠡ ᠂ ᠰᠢᠨ᠎ᠡ ᠥᠷᠢᠰᠦᠯᠳᠦᠭᠡᠨ ᠦ᠌ ᠡᠮᠦᠨ᠎ᠡ ᠂ ᠠᠵᠢᠯ ᠤ᠋ᠨ ᠳᠤᠮᠳᠠ ᠴᠠᠭ ᠦᠶ᠎ᠡ ᠲᠡᠢ ᠵᠡᠷᠭᠡᠪᠡᠷ ᠤᠷᠤᠭᠰᠢᠯᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠠᠵᠢᠯ ᠤ᠋ᠨ ᠲᠣᠭᠲᠠᠴᠠ ᠶ᠋ᠢᠨ ᠰᠢᠨ᠎ᠡ ᠶ᠋ᠢ ᠡᠭᠦᠳᠬᠦ ᠂ ᠶᠠᠪᠤᠴᠠ ᠶ᠋ᠢ ᠰᠢᠯᠢᠳᠡᠭᠵᠢᠭᠦᠯᠬᠦ ᠶ᠋ᠢ ᠴᠢᠷᠮᠠᠢᠨ ᠪᠡᠶᠡᠯᠡᠭᠦᠯᠬᠦ ᠶ᠋ᠢᠨ ᠲᠥᠯᠥᠭᠡ ᠂ 9 ᠰᠠᠷ᠎ᠠ ᠶ᠋ᠢᠨ 5 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠶ᠋ᠢᠨ ᠰᠠᠭᠤᠳᠠᠯ ᠤ᠋ᠨ ᠬᠤᠷᠠᠯ ᠬᠢᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠨᠢᠦ ᠬᠠᠢ ᠯᠢᠶᠠᠩ ᠬᠤᠷᠠᠯ ᠳ᠋ᠤ᠌ ᠣᠷᠣᠯᠴᠠᠵᠤ ᠶᠠᠷᠢᠶ᠎ᠠ ᠲᠠᠯᠪᠢᠵᠠᠢ ᠂ ᠭᠤᠷᠪᠠᠨ ᠳᠡᠰ ᠦ᠋ᠨ ᠳᠡᠭᠡᠳᠦ ᠵᠡᠷᠭᠡ ᠶ᠋ᠢᠨ ᠰᠢᠭᠦᠬᠦ ᠳᠠᠷᠤᠭ᠎ᠠ ᠶᠠᠩ ᠂ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠂ ᠲᠤᠬᠠᠢᠯᠠᠭᠰᠠᠨ ᠠᠵᠢᠯ ᠤ᠋ᠨ ᠭᠣᠣᠯᠯᠠᠭᠴᠢ ᠵᠢᠴᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠬᠡᠯᠲᠡᠰ ᠂ ᠬᠢᠨᠠᠨ ᠪᠠᠢᠴᠠᠭᠠᠬᠤ ᠲᠣᠪᠴᠢᠶ᠎ᠠ ᠂ ᠪᠠᠢᠭᠤᠯᠭ᠎ᠠ ᠶ᠋ᠢᠨ ᠨᠠᠮ ᠤ᠋ᠨ ᠬᠣᠷᠢᠶᠠᠨ ᠤ᠋ ᠪᠦᠬᠦ ᠺᠠᠲ᠋ᠷ ᠴᠠᠭᠳᠠᠭ᠎ᠠ ᠬᠤᠷᠠᠯ ᠳ᠋ᠤ᠌ ᠣᠷᠣᠯᠴᠠᠪᠠ ᠃
ᠲᠤᠰ ᠤᠳᠠᠭᠠᠨ ᠤ᠋ ᠰᠠᠭᠤᠳᠠᠯ ᠤ᠋ᠨ ᠬᠤᠷᠠᠯ ᠨᠢ 《 ᠨᠢᠭᠤᠷᠳᠠᠨ ᠵᠥᠪᠯᠡᠬᠦ 》 ᠪᠠᠷ ᠬᠠᠷᠢᠯᠴᠠᠨ ᠰᠣᠯᠢᠯᠴᠠᠬᠤ ᠠᠷᠭ᠎ᠠ ᠬᠡᠯᠪᠡᠷᠢ ᠪᠡᠷ ᠶᠠᠪᠤᠭᠳᠠᠵᠤ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠨ ᠂ 《 ᠦᠨᠡᠨ ᠶᠣᠰᠣ ᠶ᠋ᠢ ᠣᠯᠵᠤ ᠂ ᠪᠣᠳᠠᠲᠤ ᠦᠷ᠎ᠡ ᠪᠦᠲᠦᠮᠵᠢ ᠶ᠋ᠢ ᠡᠷᠬᠢᠮᠯᠡᠨ ᠂ ᠠᠰᠠᠭᠤᠳᠠᠯ ᠢ᠋ ᠦᠨᠡᠨᠬᠦ ᠰᠡᠳᠬᠢᠯᠦ᠋ᠨ ᠪᠣᠭᠣᠮᠲᠠ ᠳᠡᠭᠡᠷ᠎ᠡ ᠶᠠᠷᠢᠬᠤ 》 ᠪᠠᠷ ᠴᠢᠷᠮᠠᠢᠵᠤ ᠂ ᠡᠭᠦᠨ ᠢ᠋ᠶ᠋ᠡᠷ ᠳᠠᠮᠵᠢᠨ ᠤᠯᠤᠰ ᠲᠥᠷᠥ ᠶ᠋ᠢᠨ ᠠᠵᠢᠯ ᠤ᠋ᠨ ᠡᠩᠨᠡᠭᠡ ᠶ᠋ᠢᠨ ᠦᠢᠯᠡᠴᠢᠯᠡᠭᠡᠨ ᠦ᠌ ᠴᠢᠳᠠᠪᠤᠷᠢ ᠪᠠ ᠲᠤᠰ ᠪᠡᠶ᠎ᠡ ᠶ᠋ᠢᠨ ᠬᠡᠪ ᠴᠢᠨᠠᠷ ᠤ᠋ᠨ ᠴᠢᠳᠠᠪᠤᠷᠢ ᠶ᠋ᠢ ᠦᠨᠡᠨᠬᠦ ᠳᠡᠭᠡᠭᠰᠢᠯᠡᠭᠦᠯᠦᠨ᠎ᠡ ᠃
ᠶᠠᠷᠢᠯᠴᠠᠬᠤ ᠬᠤᠷᠠᠯ ᠳᠡᠭᠡᠷ᠎ᠡ ᠂ ᠦᠨᠳᠦᠰᠦᠨ ᠱᠠᠲᠤᠨ ᠤ᠋ 9 ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠳᠡᠰ ᠳᠠᠷᠠᠭᠠᠯᠠᠨ ᠶᠠᠷᠢᠶ᠎ᠠ ᠲᠠᠯᠪᠢᠵᠤ ᠂ ᠡᠯ᠎ᠡ ᠬᠣᠷᠢᠶᠠᠨ ᠤ᠋ ᠤᠯᠤᠰ ᠲᠥᠷᠥ ᠶ᠋ᠢᠨ ᠬᠡᠯᠲᠡᠰ ᠦ᠋ᠨ ᠠᠵᠢᠯ ᠤ᠋ᠨ ᠦᠨᠳᠦᠰᠦᠨ ᠪᠠᠢᠳᠠᠯ ᠢ᠋ ᠲᠤᠰ ᠲᠤᠰ ᠲᠠᠨᠢᠯᠴᠠᠭᠤᠯᠵᠤ ᠂ ᠠᠵᠢᠯ ᠢ᠋ᠶ᠋ᠠᠨ ᠭᠡᠷᠡᠯᠲᠦᠭᠦᠯᠵᠦ ᠂ ᠭᠣᠣᠯᠳᠠᠯᠭ᠎ᠠ ᠲᠠᠢ ᠠᠵᠢᠯᠯᠠᠭᠰᠠᠨ ᠤ᠋ ᠬᠠᠮᠲᠤ ᠤᠯᠤᠰ ᠲᠥᠷᠥ ᠶ᠋ᠢᠨ ᠠᠵᠢᠯ᠎ᠤ᠋ᠨ ᠪᠣᠳᠠᠲᠤ ᠪᠠᠢᠳᠠᠯ ᠲᠠᠢ ᠤᠶᠠᠯᠳᠤᠭᠤᠯᠤᠨ ᠳᠠᠷᠠᠭ᠎ᠠ ᠠᠯᠬᠤᠮ ᠤ᠋ᠨ ᠠᠵᠢᠯ ᠤ᠋ᠨ ᠰᠡᠳᠬᠢᠴᠡ ᠪᠠ ᠰᠠᠨᠠᠯ ᠰᠠᠨᠠᠭᠤᠯᠭ᠎ᠠ ᠶ᠋ᠢ ᠳᠤᠷᠠᠳᠪᠠ ᠃ ᠬᠠᠷᠢᠯᠴᠠᠨ ᠦᠢᠯᠡᠳᠦᠯᠴᠡᠬᠦ ᠰᠣᠯᠢᠯᠴᠠᠭᠠᠨ ᠤ᠋ ᠭᠣᠭᠴᠣᠭ᠎ᠠ ᠳ᠋ᠤ᠌ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠬᠡᠯᠲᠡᠰ ᠂ ᠬᠢᠨᠠᠨ ᠪᠠᠢᠴᠠᠭᠠᠬᠤ ᠲᠣᠪᠴᠢᠶ᠎ᠠ ᠂ ᠪᠠᠢᠭᠤᠯᠭ᠎ᠠ ᠶ᠋ᠢᠨ ᠨᠠᠮ ᠤ᠋ᠨ ᠬᠣᠷᠢᠶ᠎ᠠ ᠶ᠋ᠢᠨ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠂ ᠺᠠᠲ᠋ᠷ ᠴᠠᠭᠳᠠᠭ᠎ᠠ ᠬᠢᠭᠡᠳ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠶ᠋ᠢᠨ ᠤᠯᠤᠰ ᠲᠥᠷᠥ ᠶ᠋ᠢᠨ ᠠᠵᠢᠯ ᠤ᠋ᠨ ᠺᠠᠲ᠋ᠷ ᠲᠠᠢ ᠠᠵᠢᠯ ᠤ᠋ᠨ ᠲᠤᠷᠰᠢᠯᠭ᠎ᠠ ᠪᠠᠨ ᠬᠠᠷᠢᠯᠴᠠᠨ ᠰᠣᠯᠢᠯᠴᠠᠵᠤ ᠂ ᠬᠠᠤᠯᠢ ᠴᠠᠭᠠᠵᠠ ᠶ᠋ᠢᠨ ᠲᠣᠭᠣᠷᠢᠨ ᠪᠠᠢᠴᠠᠭᠠᠯᠲᠠ ᠂ ᠨᠠᠮ ᠤ᠋ᠨ ᠪᠠᠢᠭᠤᠯᠤᠯᠲᠠ ᠶ᠋ᠢᠨ ᠠᠵᠢᠯ ᠂ ᠠᠵᠢᠯ ᠤ᠋ᠨ ᠠᠮᠵᠢᠯᠲᠠ ᠪᠦᠲᠦᠮᠵᠢ ᠶ᠋ᠢ ᠰᠢᠯᠭᠠᠨ ᠬᠢᠨᠠᠬᠤ ᠂ ᠬᠠᠤᠯᠢ ᠶ᠋ᠢᠨ ᠲᠤᠰᠢᠶᠠᠯᠲᠠᠨ ᠢ᠋ ᠰᠢᠯᠢᠨ ᠰᠣᠩᠭᠣᠬᠤ ᠂ ᠠᠯᠪᠠᠲᠠᠨ ᠤᠷᠢᠨ ᠬᠡᠷᠡᠭᠯᠡᠬᠦ ᠪᠠ ᠪᠢᠴᠢᠭᠡᠴᠢ ᠰᠢᠯᠭᠠᠨ ᠡᠯᠰᠡᠬᠦ ᠂ ᠣᠷᠣᠨ ᠲᠣᠭᠠᠨ ᠤ᠋ ᠬᠠᠮᠢᠶᠠᠷᠤᠯᠲᠠ ᠵᠡᠷᠭᠡ ᠠᠵᠢᠯ ᠤ᠋ᠨ ᠲᠤᠬᠠᠢ ᠰᠣᠯᠢᠯᠴᠠᠨ ᠶᠠᠷᠢᠯᠴᠠᠵᠤ ᠂ ᠲᠤᠬᠠᠢ ᠶ᠋ᠢᠨ ᠲᠠᠯᠠᠪᠤᠷ ᠠᠭᠤᠷ ᠠᠮᠢᠰᠬᠤᠯ ᠬᠥᠭᠵᠢᠶᠡᠨᠲᠡᠢ ᠪᠠᠢᠵᠤ ᠂ ᠣᠯᠠᠨ ᠢ᠋ᠶ᠋ᠠᠷ ᠢ᠋ᠶ᠋ᠠᠨ ᠪᠣᠳᠣᠭᠰᠠᠨ ᠢ᠋ᠶ᠋ᠠᠨ ᠠᠭᠤᠵᠢᠷᠠᠲᠠᠯ᠎ᠠ ᠶᠠᠷᠢᠵᠤ ᠂ ᠬᠠᠷᠢᠯᠴᠠᠨ ᠬᠥᠳᠡᠯᠦᠯᠴᠡᠬᠦ ᠶ᠋ᠢᠨ ᠳᠠᠭᠠᠤ ᠂ ᠬᠠᠮᠲᠤ ᠶ᠋ᠢᠨ ᠲᠠᠨᠢᠯᠲᠠ ᠲᠠᠢ ᠪᠣᠯᠵᠤ ᠂ ᠠᠵᠢᠯ ᠤ᠋ᠨ ᠰᠡᠳᠬᠢᠮᠵᠢ ᠪᠡᠨ ᠰᠡᠭᠡᠪᠡ ᠃
ᠭᠤᠷᠪᠠᠳᠤᠭᠠᠷ ᠳᠡᠰ ᠦ᠋ᠨ ᠳᠡᠭᠡᠳᠦ ᠵᠡᠷᠭᠡ ᠶ᠋ᠢᠨ ᠬᠠᠤᠯᠢ ᠶ᠋ᠢᠨ ᠲᠤᠰᠢᠶᠠᠯᠲᠠᠨ ᠶᠠᠩ ᠴᠦᠨ ᠶᠠᠨ ᠵᠠᠰᠠᠭ ᠤ᠋ᠨ ᠠᠵᠢᠯ ᠢ᠋ ᠬᠡᠷᠬᠢᠨ ᠥᠨᠳᠥᠷ ᠪᠦᠲᠦᠮᠵᠢᠲᠡᠢ ᠥᠷᠨᠢᠭᠦᠯᠬᠦ ᠲᠤᠬᠠᠢ ᠭᠤᠷᠪᠠᠨ ᠰᠠᠨᠠᠭᠤᠯᠭ᠎ᠠ ᠳᠤᠷᠠᠳᠪᠠ ᠃ ᠨᠢᠭᠡ ᠳ᠋ᠦ᠍ ᠂ ᠣᠨᠣᠯ ᠲᠥᠷᠥ ᠶ᠋ᠢᠨ ᠪᠣᠳᠣᠯᠭ᠎ᠠ ᠶ᠋ᠢᠨ ᠰᠤᠷᠤᠯᠴᠠᠯᠭ᠎ᠠ ᠪᠠᠨ ᠴᠢᠩᠭᠠᠳᠬᠠᠵᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃ ᠬᠣᠶᠠᠷ ᠲᠤ᠌ ᠰᠢᠭᠦᠬᠦ ᠬᠣᠷᠢᠶᠠᠨ ᠤ᠋ ᠠᠵᠢᠯ ᠦᠢᠯᠡᠰ ᠦ᠋ᠨ ᠠᠯᠤᠰ ᠬᠡᠳᠦ ᠶ᠋ᠢᠨ ᠬᠥᠭᠵᠢᠯᠲᠡ ᠶ᠋ᠢ ᠪᠣᠳᠣᠯᠬᠢᠯᠠᠨ ᠂ ᠠᠵᠢᠯ ᠤ᠋ᠨ ᠲᠣᠭᠲᠠᠴᠠ ᠶ᠋ᠢᠨ ᠲᠠᠯ᠎ᠠ ᠪᠠᠷ ᠰᠢᠨ᠎ᠡ ᠶ᠋ᠢ ᠡᠭᠦᠳᠴᠦ ᠂ ᠺᠠᠲ᠋ᠷ ᠢ᠋ ᠰᠠᠢᠲᠤᠷ ᠰᠣᠩᠭᠣᠨ ᠬᠡᠷᠡᠭᠯᠡᠵᠦ ᠂ ᠰᠢᠭᠦᠬᠦ ᠬᠣᠷᠢᠶᠠᠨ ᠤ᠋ ᠡᠩᠨᠡᠭᠡ ᠶ᠋ᠢᠨ ᠪᠠᠢᠭᠤᠯᠤᠯᠲᠠ ᠶ᠋ᠢᠨ ᠬᠢᠷᠢ ᠲᠦᠪᠰᠢᠨ ᠢ᠋ ᠳᠡᠭᠡᠭᠰᠢᠯᠡᠭᠦᠯᠪᠡ ᠃ ᠭᠤᠷᠪᠠ ᠳ᠋ᠤ᠌ ᠂ ᠦᠢᠯᠡᠴᠢᠯᠡᠭᠡᠨ ᠦ᠌ ᠤᠬᠠᠮᠰᠠᠷ ᠢ᠋ᠶ᠋ᠠᠨ ᠳᠡᠭᠡᠭᠰᠢᠯᠡᠭᠦᠯᠵᠦ ᠂ ᠨᠡᠩ ᠥᠨᠳᠥᠷ ᠪᠠᠷᠢᠮᠵᠢᠶ᠎ᠠ ᠂ ᠨᠡᠩ ᠴᠢᠩᠭ᠎ᠠ ᠱᠠᠭᠠᠷᠳᠠᠯᠭ᠎ᠠ ᠪᠠᠷ ᠵᠠᠰᠠᠭ ᠤ᠋ᠨ ᠠᠵᠢᠯ ᠢ᠋ ᠦᠨᠡᠨᠬᠦ ᠰᠠᠢᠲᠤᠷ ᠬᠢᠵᠦ ᠂ ᠤᠯᠤᠰ ᠲᠥᠷᠥ ᠶ᠋ᠢᠨ ᠠᠵᠢᠯ ᠤ᠋ᠨ ᠨᠡᠷᠡᠲᠦ ᠲᠡᠮᠳᠡᠭ ᠢ᠋ ᠡᠭᠦᠳᠦᠨ᠎ᠡ ᠃
ᠨᠢᠦ ᠬᠠᠢ ᠯᠢᠶᠠᠩ ᠡᠷᠬᠢᠯᠡᠭᠴᠢ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠠᠵᠢᠯ ᠤ᠋ᠨ ᠰᠠᠯᠠᠭ᠎ᠠ ᠮᠥᠴᠢᠷ ᠦ᠋ᠨ ᠰᠢᠭᠦᠬᠦ ᠬᠣᠷᠢᠶᠠᠨ ᠤ᠋ ᠡᠩᠨᠡᠭᠡᠨ ᠦ᠌ ᠪᠠᠢᠭᠤᠯᠤᠯᠲᠠ ᠶ᠋ᠢᠨ ᠳᠤᠮᠳᠠ ᠣᠯᠤᠭᠰᠠᠨ ᠠᠵᠢᠯ ᠤ᠋ᠨ ᠦᠷ᠎ᠡ ᠪᠦᠲᠦᠮᠵᠢ ᠶ᠋ᠢ ᠭᠦᠢᠴᠡᠳ ᠨᠤᠲᠠᠯᠠᠭᠰᠠᠨ ᠤ᠋ ᠬᠠᠮᠲᠤ ᠂ ᠤᠯᠤᠰ ᠲᠥᠷᠥ ᠶ᠋ᠢᠨ ᠠᠵᠢᠯ ᠪᠣᠯ ᠶᠡᠷᠦ ᠨᠢ ᠶᠡᠬᠡ ᠶᠠᠪᠤᠳᠠᠯ ᠪᠠᠭ᠎ᠠ ᠶᠠᠪᠤᠳᠠᠯ ᠰᠣᠯᠪᠢᠴᠠᠵᠤ ᠂ ᠪᠠᠴᠢᠮ ᠶᠠᠪᠤᠳᠠᠯ ᠪᠡᠷᠬᠡ ᠶᠠᠪᠤᠳᠠᠯ ᠳᠠᠪᠬᠤᠴᠠᠵᠤ ᠂ ᠦᠵᠡᠯ ᠰᠠᠨᠠᠭᠠᠨ ᠤ᠋ ᠲᠠᠯ᠎ᠠ ᠪᠠᠷ ᠬᠢ ᠠᠯᠢᠪᠠ ᠰᠤᠯᠠ ᠵᠠᠳᠠᠭᠠᠢ ᠂ ᠠᠵᠢᠯ ᠳ᠋ᠠᠭᠠᠨ ᠬᠠᠰᠢ ᠶᠠᠰᠢ ᠪᠠᠢᠬᠤ ᠨᠢ ᠰᠢᠭᠦᠬᠦ ᠬᠣᠷᠢᠶᠠᠨ ᠤ᠋ ᠠᠵᠢᠯ᠎ᠤ᠋ᠨ ᠬᠡᠪᠦ᠋ᠨ ᠠᠵᠢᠯᠯᠠᠭᠠᠨ ᠢ᠋ ᠨᠥᠯᠥᠭᠡᠯᠡᠵᠦ ᠮᠡᠳᠡᠨ᠎ᠡ ᠂ ᠴᠢᠨᠠᠭᠰᠢᠯᠠᠪᠠᠯ ᠺᠠᠲ᠋ᠷ ᠴᠠᠭᠳᠠᠭ᠎ᠠ ᠶ᠋ᠢᠨ ᠲᠤᠰ ᠪᠡᠶ᠎ᠡ ᠶ᠋ᠢᠨ ᠠᠰᠢᠭ ᠲᠤᠰᠠ ᠶ᠋ᠢ ᠬᠣᠬᠢᠷᠠᠭᠤᠯᠵᠤ ᠮᠡᠳᠡᠨ᠎ᠡ ᠭᠡᠵᠦ ᠵᠢᠭᠠᠵᠤ ᠭᠠᠷᠭᠠᠪᠠ ᠃ ᠤᠯᠤᠰ ᠲᠥᠷᠥ ᠶ᠋ᠢᠨ ᠠᠵᠢᠯ ᠤ᠋ᠨ ᠺᠠᠲ᠋ᠷ ᠡᠷᠬᠡᠪᠰᠢ ᠲᠤᠰ ᠪᠡᠶ᠎ᠡ ᠶ᠋ᠢᠨ ᠴᠢᠳᠠᠪᠤᠷᠢ ᠶ᠋ᠢᠨ ᠬᠡᠪ ᠴᠢᠨᠠᠷ ᠤ᠋ᠨ ᠳᠡᠭᠡᠭᠰᠢᠯᠡᠯᠲᠡ ᠶ᠋ᠢ ᠴᠢᠬᠤᠯᠠᠴᠢᠯᠠᠵᠤ ᠂ ᠳᠡᠭᠡᠳᠦ ᠬᠡᠮᠵᠢᠶᠡᠨ ᠦ᠌ ᠤᠯᠤᠰ ᠲᠥᠷᠥ ᠶ᠋ᠢᠨ ᠬᠠᠷᠢᠭᠤᠴᠠᠯᠭᠠᠲᠤ ᠰᠡᠳᠬᠢᠯᠭᠡ ᠂ ᠨᠠᠷᠢᠨ ᠨᠢᠮᠪᠠᠢ ᠠᠵᠢᠯ ᠤ᠋ᠨ ᠣᠪᠣᠷ ᠂ ᠵᠢᠷᠤᠮᠵᠢᠭᠰᠠᠨ ᠠᠵᠢᠯ ᠤ᠋ᠨ ᠣᠪᠣᠷ ᠰᠤᠷᠲᠠᠯ ᠂ ᠯᠠᠪᠳᠠᠭᠤᠨ ᠪᠠᠲᠤᠲᠠᠢ ᠠᠵᠢᠯ ᠤ᠋ᠨ ᠰᠤᠷᠲᠠᠯ ᠢ᠋ᠶ᠋ᠠᠷ ᠰᠢᠭᠦᠬᠦ ᠬᠣᠷᠢᠶᠠᠨ ᠤ᠋ ᠡᠩᠨᠡᠭᠡᠨ ᠦ᠌ ᠪᠠᠢᠭᠤᠯᠤᠯᠲᠠ ᠶ᠋ᠢᠨ ᠡᠯ᠎ᠡ ᠵᠦᠢᠯ ᠦ᠋ᠨ ᠠᠵᠢᠯ ᠢ᠋ ᠰᠢᠨ᠎ᠡ ᠳᠡᠭᠲᠡᠷ ᠲᠦ᠍ ᠭᠠᠷᠭᠠᠬᠤ ᠶ᠋ᠢ ᠠᠬᠢᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠭᠦᠨ ᠭᠦᠢᠴᠡᠳᠬᠡᠬᠦ ᠴᠢᠨᠠᠷ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠳ᠋ᠦ᠍ ᠴᠢᠩᠭ᠎ᠠ ᠬᠦᠴᠦᠲᠡᠢ ᠤᠯᠤᠰ ᠲᠥᠷᠥ ᠶ᠋ᠢᠨ ᠪᠠᠲᠤᠯᠠᠭ᠎ᠠ ᠪᠠ ᠴᠢᠳᠠᠪᠤᠷᠢᠲᠠᠨ ᠤ᠋ ᠲᠦᠰᠢᠭ ᠲᠤᠯᠭᠠᠭᠤᠷᠢ ᠬᠠᠩᠭᠠᠵᠠᠢ ᠃
ᠬᠤᠷᠠᠯ ᠠ᠋ᠴᠠ ᠱᠠᠭᠠᠷᠳᠠᠭᠰᠠᠨ ᠨᠢ ᠂ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠠᠵᠢᠯ ᠤ᠋ᠨ ᠺᠠᠲ᠋ᠷ ᠪᠣᠳᠠᠲᠤ ᠠᠵᠢᠯ ᠤ᠋ᠨ ᠳᠤᠮᠳᠠ ᠪᠠᠨ 《 ᠳᠥᠷᠪᠡᠨ ᠵᠦᠢᠯ ᠦ᠋ᠨ ᠤᠯᠤᠰ ᠲᠥᠷᠥ᠎ᠶ᠋ᠢᠨ ᠠᠵᠢᠯᠴᠢᠨ 》 ᠪᠣᠯᠬᠤ ᠪᠠᠷ ᠴᠢᠷᠮᠠᠢᠬᠤ ᠬᠡᠷᠡᠭᠲᠡᠢ ᠃ ᠨᠢᠭᠡ ᠳ᠋ᠦ᠍ 《 ᠲᠤᠬᠠᠢᠯᠠᠭᠰᠠᠨ ᠠᠵᠢᠯ ᠢ᠋ ᠮᠡᠳᠡᠳᠡᠭ ᠂ ᠲᠥᠷᠥ ᠶ᠋ᠢᠨ ᠪᠣᠳᠣᠯᠭ᠎ᠠ ᠶ᠋ᠢ ᠣᠢᠯᠠᠭᠠᠳᠠᠭ ᠤᠯᠤᠰ ᠲᠥᠷᠥ ᠶ᠋ᠢᠨ ᠠᠵᠢᠯᠴᠢᠨ 》 ᠪᠣᠯᠬᠤ ᠪᠠᠷ ᠴᠢᠷᠮᠠᠢᠬᠤ ᠬᠡᠷᠡᠭᠲᠡᠢ ᠃ ᠨᠠᠷᠢᠨ ᠨᠢᠮᠪᠠᠢ ᠠᠵᠢᠯᠯᠠᠨ ᠡᠷᠳᠡᠮ ᠴᠢᠳᠠᠪᠤᠷᠢ ᠪᠠᠨ ᠴᠢᠩᠭᠠᠷᠠᠭᠤᠯᠵᠤ ᠂ ᠡᠯ᠎ᠡ ᠵᠦᠢᠯ ᠦ᠋ᠨ ᠲᠥᠷᠥ ᠶ᠋ᠢᠨ ᠪᠣᠳᠣᠯᠭ᠎ᠠ ᠶ᠋ᠢᠨ ᠪᠢᠴᠢᠭ᠌ ᠮᠠᠲ᠋ᠸᠷᠢᠶᠠᠯ ᠪᠠ ᠳᠦᠷᠢᠮ ᠲᠣᠭᠲᠠᠭᠠᠯ ᠢ᠋ ᠲᠤᠭᠤᠷᠠᠲᠠᠯ᠎ᠠ ᠢᠳᠡᠵᠦ ᠂ ᠡᠯ᠎ᠡ ᠵᠦᠢᠯ ᠦ᠋ᠨ ᠠᠵᠢᠯ ᠢ᠋ ᠵᠢᠷᠤᠮᠵᠢᠭᠤᠯᠤᠨ ᠰᠢᠨᠵᠢᠯᠡᠬᠦ ᠤᠬᠠᠭᠠᠨᠴᠢᠯᠠᠬᠤ ᠂ ᠺᠠᠲ᠋ᠷ ᠣᠯᠠᠨ ᠲᠦᠮᠡᠨ ᠳ᠋ᠦ᠍ ᠢᠯᠡᠭᠦᠬᠡᠨ ᠪᠣᠳᠠᠲᠤ ᠶᠠᠪᠤᠳᠠᠯ ᠪᠦᠲᠦᠭᠡᠵᠦ ᠂ ᠰᠠᠢᠨ ᠶᠠᠪᠤᠳᠠᠯ ᠢᠯᠡᠭᠦᠬᠡᠨ ᠬᠢᠵᠦ ᠂ ᠬᠦᠴᠢᠷ ᠠᠰᠠᠭᠤᠳᠠᠯᠢ᠋ ᠢᠯᠡᠭᠦᠬᠡᠨ ᠰᠢᠢᠳᠪᠦᠷᠢᠯᠡᠵᠦ ᠥᠭᠬᠦ ᠬᠡᠷᠡᠭᠲᠡᠢ ᠃ ᠬᠣᠶᠠᠷᠲᠤ᠌ ᠂ 《 ᠶᠣᠰᠣ ᠳᠦᠷᠢᠮ ᠢ᠋ ᠰᠠᠬᠢᠵᠤ ᠂ ᠵᠣᠷᠢᠭᠲᠠᠢ ᠡᠭᠦᠷᠭᠡᠯᠡᠬᠦ ᠤᠯᠤᠰ ᠲᠥᠷᠥ᠎ᠶ᠋ᠢᠨ ᠠᠵᠢᠯᠴᠢᠨ 》 ᠪᠣᠯᠬᠤ ᠪᠠᠷ ᠴᠢᠷᠮᠠᠢᠬᠤ ᠬᠡᠷᠡᠭᠲᠡᠢ ᠃ ᠶᠣᠰᠣ ᠳᠦᠷᠢᠮ ᠦ᠋ᠨ ᠦᠵᠡᠯ ᠤᠬᠠᠮᠰᠠᠷ ᠢ᠋ᠶ᠋ᠠᠨ ᠲᠠᠰᠤᠷᠠᠯᠲᠠ ᠦᠭᠡᠢ ᠴᠢᠩᠭᠠᠷᠠᠭᠤᠯᠵᠤ ᠂ ᠵᠠᠷᠴᠢᠮ ᠢ᠋ ᠪᠠᠷᠢᠮᠲᠠᠯᠠᠨ ᠂ ᠵᠣᠬᠢᠶᠠᠨ ᠪᠠᠢᠭᠤᠯᠤᠯᠲᠠ ᠠᠵᠢᠯᠲᠠᠨ ᠤ᠋ ᠶᠠᠪᠤᠳᠠᠯᠤ᠋ᠨ ᠰᠠᠬᠢᠯᠭ᠎ᠠ ᠪᠠᠲᠤ ᠶ᠋ᠢ ᠴᠢᠩᠭ᠎ᠠ ᠰᠠᠬᠢᠭᠰᠠᠨ ᠰᠠᠭᠤᠷᠢᠨ ᠳᠡᠭᠡᠷ᠎ᠡ ᠂ ᠰᠠᠨᠠᠭᠠᠴᠢᠯᠠᠭ᠎ᠠ ᠠ᠋ᠴᠠ ᠪᠠᠨ ᠠᠵᠢᠯ ᠬᠢᠵᠦ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠃ ᠤᠯᠤᠰ ᠲᠥᠷᠥ ᠶ᠋ᠢᠨ ᠠᠵᠢᠯ ᠤ᠋ᠨ ᠰᠠᠯᠠᠭ᠎ᠠ ᠮᠥᠴᠢᠷ ᠦ᠋ᠨ ᠡᠭᠦᠷᠭᠡ ᠴᠢᠳᠠᠪᠬᠢ ᠶ᠋ᠢᠨ ᠪᠠᠢᠷᠢ ᠲᠣᠭᠲᠠᠭᠠᠯᠲᠠ ᠶ᠋ᠢ ᠣᠨᠣᠪᠴᠢᠲᠠᠢ ᠡᠵᠡᠮᠳᠡᠵᠦ ᠂ ᠰᠠᠢᠨ ᠺᠠᠲ᠋ᠷ ᠤ᠋ᠨ ᠲᠥᠯᠥᠭᠡ ᠵᠣᠷᠢᠭᠲᠠᠢ ᠪᠠᠷ ᠨᠡᠢᠲᠡ ᠶ᠋ᠢᠨ ᠦᠭᠡ ᠶᠠᠷᠢᠵᠤ ᠂ ᠵᠣᠬᠢᠶᠠᠨ ᠪᠠᠢᠭᠤᠯᠬᠤ ᠠᠵᠢᠯᠲᠠᠨ ᠤ᠋ ᠶᠠᠪᠤᠳᠠᠯ ᠤ᠋ᠨ ᠠᠵᠢᠯ ᠤ᠋ᠨ ᠰᠠᠨᠠᠭᠠᠴᠢᠯᠠᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ᠋ ᠲᠠᠰᠤᠷᠠᠯᠲᠠ ᠦᠭᠡᠢ ᠨᠡᠮᠡᠭᠳᠡᠭᠦᠯᠦᠨ᠎ᠡ ᠃ ᠭᠤᠷᠪᠠ ᠳ᠋ᠤ᠌ 《 ᠴᠢᠳᠠᠮᠠᠭᠠᠢ ᠪᠠᠷ ᠦᠭᠡ ᠪᠡᠨ ᠣᠯᠤᠯᠴᠠᠵᠤ ᠂ ᠵᠣᠷᠢᠭᠲᠠᠢ ᠪᠠᠷ ᠦᠭᠡ ᠪᠡᠨ ᠣᠯᠤᠯᠴᠠᠬᠤ ᠵᠠᠰᠠ ᠤ᠋ᠨ ᠠᠵᠢᠯᠲᠠᠨ 》 ᠪᠣᠯᠬᠤ ᠪᠠᠷ ᠴᠢᠷᠮᠠᠢᠬᠤ ᠬᠡᠷᠡᠭᠲᠡᠢ ᠃ ᠤᠯᠤᠰ ᠲᠥᠷᠥ ᠶ᠋ᠢᠨ ᠠᠵᠢᠯ ᠤ᠋ᠨ ᠺᠠᠲ᠋ᠷ ᠤ᠋ᠨ ᠨᠡᠪᠲᠡᠷᠡᠯᠴᠡᠨ ᠬᠠᠷᠢᠯᠴᠠᠬᠤ ᠴᠢᠳᠠᠪᠤᠷᠢ ᠶ᠋ᠢ ᠦᠷᠭᠦᠯᠵᠢᠯᠡᠨ ᠴᠢᠩᠭᠠᠷᠠᠭᠤᠯᠵᠤ ᠂ ᠭᠠᠳᠠᠨᠠᠬᠢ ᠶ᠋ᠢ ᠵᠣᠯᠭᠠᠭᠤᠯᠬᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ᠋ ᠰᠠᠢᠲᠤᠷ ᠬᠢᠵᠦ ᠂ ᠳᠣᠲᠣᠭᠠᠳᠤ ᠳ᠋ᠠᠭᠠᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠠᠭᠤᠨ ᠢ᠋ ᠣᠨᠣᠪᠴᠢᠲᠠᠢ ᠳᠠᠮᠵᠢᠭᠤᠯᠵᠤ ᠂ ᠺᠠᠲ᠋ᠷ ᠴᠠᠭᠳᠠᠭ᠎ᠠ ᠶ᠋ᠢᠨ ᠬᠦᠰᠡᠯ ᠱᠠᠭᠠᠷᠳᠠᠯᠭ᠎ᠠ ᠶ᠋ᠢ ᠪᠤᠰᠤᠳᠴᠢ ᠪᠠᠷ ᠦᠨᠡᠨ ᠪᠣᠳᠠᠲᠠᠢ ᠪᠠᠷ ᠲᠤᠰᠬᠠᠭᠰᠠᠨ ᠬᠥᠭᠥᠷᠭᠡ ᠬᠣᠯᠪᠣᠭᠠᠰᠤ ᠪᠣᠯᠵᠤ ᠂ ᠠᠵᠢᠯ ᠢ᠋ᠶ᠋ᠠᠨ ᠰᠠᠢᠲᠤᠷ ᠣᠢᠯᠠᠭᠠᠬᠤ ᠪᠦᠬᠦ ᠲᠠᠯ᠎ᠠ ᠶ᠋ᠢᠨ ᠭᠠᠷᠳᠠᠴᠠ ᠪᠣᠯᠬᠤ ᠬᠡᠷᠡᠭᠲᠡᠢ ᠃ ᠳᠥᠷᠪᠡ ᠳ᠋ᠦ᠍ 《 ᠤᠯᠤᠰ ᠲᠥᠷᠥ ᠶ᠋ᠢ ᠡᠷᠬᠢᠮᠯᠡᠵᠦ ᠂ ᠪᠦᠬᠦ ᠲᠠᠯ᠎ᠠ ᠶ᠋ᠢ ᠬᠠᠷᠠᠭᠠᠯᠵᠠᠬᠤ ᠤᠯᠤᠰ ᠲᠥᠷᠥ ᠶ᠋ᠢᠨ ᠠᠵᠢᠯᠴᠢᠨ 》 ᠪᠣᠯᠬᠤ ᠪᠠᠷ ᠴᠢᠷᠮᠠᠢᠬᠤ ᠬᠡᠷᠡᠭᠲᠡᠢ ᠃ 《 ᠰᠡᠳᠬᠢᠯ ᠰᠠᠢᠨ ᠲᠠᠷᠢᠶ᠎ᠠ ᠪᠣᠯ ᠂ ᠵᠥᠪᠬᠡᠨ ᠲᠠᠷᠢᠶᠠᠯᠠᠬᠤ 》 ᠭᠡᠰᠡᠨ ᠰᠡᠳᠬᠢᠴᠡ ᠶ᠋ᠢ ᠪᠠᠷᠢᠮᠲᠠᠯᠠᠨ ᠂ ᠵᠠᠷᠴᠢᠮ ᠢ᠋ ᠪᠠᠷᠢᠮᠲᠠᠯᠠᠨ ᠂ ᠲᠥᠪ ᠭᠣᠣᠯᠴᠢ ᠪᠠᠢᠵᠤ ᠂ ᠳᠤᠷᠠᠲᠠᠶ᠎ᠠ ᠪᠤᠰᠤᠳ ᠢ᠋ ᠱᠠᠲᠤ ᠱᠠᠲᠤ ᠪᠠᠷ ᠡᠷᠭᠦᠵᠦ ᠂ ᠡᠷᠳᠡᠮᠲᠡᠨ ᠮᠡᠷᠭᠡᠳ ᠢ᠋ ᠡᠷᠭᠦᠨ ᠲᠠᠨᠢᠯᠴᠠᠭᠤᠯᠵᠤ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳ᠋ᠤ᠌ ᠢᠳᠡᠪᠬᠢᠲᠡᠢ ᠰᠠᠨᠠᠭᠠᠴᠢᠯᠠᠭ᠎ᠠ ᠠ᠋ᠴᠠ ᠪᠠᠨ ᠦᠢᠯᠡᠴᠢᠯᠡᠭᠡ ᠬᠠᠩᠭᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨᠤ᠋ ᠡᠯ᠎ᠡ ᠲᠥᠷᠥᠯ ᠦ᠋ᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠳ᠋ᠦ᠍ ᠪᠥᠬᠥ ᠬᠦᠴᠦᠨ ᠢ᠋ᠶ᠋ᠡᠷ ᠢ᠋ᠶ᠋ᠡᠨ ᠵᠣᠬᠢᠶᠠᠨ ᠪᠠᠢᠭᠤᠯᠤᠯᠲᠠ ᠶ᠋ᠢᠨ ᠪᠠᠲᠤᠯᠠᠭ᠎ᠠ ᠬᠠᠩᠭᠠᠬᠤ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ